ᠳᠤᠮᠳᠠᠳᠤ ᠤᠯᠤᠰ᠎ᠤᠨ 2024 ᠣᠨ᠎ᠤ ᠵᠠᠭᠤᠨ ᠬᠦᠴᠦᠷᠬᠡᠭ ᠰᠢᠶᠠᠨ᠎ᠤ ᠨᠡᠷᠡᠰ᠎ᠤᠨ ᠵᠢᠭᠰᠠᠭ᠋ᠠᠯᠲᠠ ᠵᠢ 5 ᠰᠠᠷ᠎ᠠ ᠵᠢᠨ 6᠎ᠤ ᠡᠳᠤᠷ ᠨᠡᠢ᠌ᠳᠡᠯᠡᠬᠦ᠎ᠳᠤ ᠮᠠᠨ᠎ᠤ ᠤᠷᠤᠨ᠎ᠤ ᠣᠷᠳᠣᠰ ᠬᠣᠲᠠ ᠵᠢᠨ ᠵᠡᠭᠦᠨᠭ᠋ᠠᠷ ᠬᠣᠰᠢᠭᠤ᠂ ᠡᠵᠡᠨ ᠬᠣᠷᠣᠭ᠎ᠠ ᠬᠣᠰᠢᠭᠤ᠂ ᠦᠦᠰᠢᠨ ᠬᠣᠰᠢᠭᠤ ᠨᠡᠷᠡᠰ᠎ᠤᠨ ᠵᠢᠭᠰᠠᠭ᠋ᠠᠯᠲᠠ᠎ᠳᠤ ᠣᠷᠣᠪᠠ᠃
2023 ᠣᠨ᠎ᠳᠤ ᠵᠡᠭᠦᠨᠭ᠋ᠠᠷ ᠬᠣᠰᠢᠭᠤᠨ᠎ᠤ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠪᠥᠬᠥ ᠥᠷᠲᠡᠭ 1400.26 ᠳ᠋ᠦᠩᠰᠢᠭᠤᠷ ᠲᠥᠭᠥᠷᠢᠭ᠎ᠲᠤ ᠬᠦᠷᠴᠦ᠂ ᠨᠡᠮᠡᠭᠳᠡᠯ᠎ᠤᠨ ᠬᠤᠷᠳᠤᠴᠠ᠎ᠨᠢ 9.7% ᠪᠠᠢ᠌ᠵᠤ᠂ ᠵᠠᠭᠤᠨ ᠬᠦᠴᠦᠷᠬᠡᠭ ᠰᠢᠶᠠᠨ᠎ᠤ GDP ᠵᠢᠨ ᠳᠣᠲᠣᠷ᠎ᠠ 29 ᠳ᠋ᠤᠭ᠋ᠠᠷ᠎ᠲᠤ ᠵᠢᠭᠰᠠᠭ᠋ᠠᠭᠳᠠᠵᠠᠢ᠃ ᠡᠵᠡᠨ ᠬᠣᠷᠣᠭ᠎ᠠ ᠬᠣᠰᠢᠭᠤᠨ᠎ᠤ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠪᠥᠬᠥ ᠥᠷᠲᠡᠭ 1220.9 ᠳ᠋ᠦᠩᠰᠢᠭᠤᠷ ᠲᠥᠭᠥᠷᠢᠭ᠎ᠲᠤ ᠬᠦᠷᠴᠦ᠂ ᠨᠡᠮᠡᠭᠳᠡᠯ᠎ᠤᠨ ᠬᠤᠷᠳᠤᠴᠠ᠎ᠨᠢ 3.5%᠂ ᠵᠠᠭᠤᠨ ᠬᠦᠴᠦᠷᠬᠡᠭ ᠰᠢᠶᠠᠨ᠎ᠤ GDP ᠵᠢᠨ ᠳᠣᠲᠣᠷ᠎ᠠ 41 ᠳ᠋ᠦᠭᠡᠷ᠎ᠲᠤ ᠵᠢᠭᠰᠠᠭ᠋ᠠᠭᠳᠠᠵᠠᠢ᠃ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ ᠵᠢᠨ ᠲᠠᠯ᠎ᠠ᠎ᠪᠠᠷ᠂ ᠵᠡᠭᠦᠨᠭ᠋ᠠᠷ ᠬᠣᠰᠢᠭᠤ 173.3 ᠳ᠋ᠦᠩᠰᠢᠭᠤᠷ ᠲᠥᠭᠥᠷᠢᠭ ᠵᠶ᠋ᠡᠷ 7 ᠳ᠋ᠤᠭ᠋ᠠᠷ᠎ᠲᠤ ᠵᠢᠭᠰᠠᠭ᠋ᠠᠭᠳᠠᠵᠤ᠂ ᠡᠵᠡᠨ ᠬᠣᠷᠣᠭ᠎ᠠ ᠬᠣᠰᠢᠭᠤ 154.23 ᠳ᠋ᠦᠩᠰᠢᠭᠤᠷ ᠲᠥᠭᠥᠷᠢᠭ ᠵᠶ᠋ᠡᠷ 9 ᠳ᠋ᠤᠭ᠋ᠠᠷ᠎ᠲᠤ ᠵᠢᠭᠰᠠᠭ᠋ᠠᠭᠳᠠᠵᠤ᠂ ᠦᠦᠰᠢᠨ ᠬᠣᠰᠢᠭᠤ 50.92 ᠳ᠋ᠦᠩᠰᠢᠭᠤᠷ ᠲᠥᠭᠥᠷᠢᠭ ᠵᠶ᠋ᠡᠷ 86 ᠳ᠋ᠤᠭ᠋ᠠᠷ᠎ᠲᠤ ᠵᠢᠭᠰᠠᠭ᠋ᠠᠭᠳᠠᠵᠠᠢ᠃
2023 ᠣᠨ᠎ᠳᠤ ᠵᠡᠭᠦᠨᠭ᠋ᠠᠷ ᠬᠣᠰᠢᠭᠤᠨ᠎ᠤ 69 ᠭᠣᠣᠯᠳᠠᠯᠭ᠎ᠠ᠎ᠲᠠᠢ ᠲᠥᠷᠥᠯ ᠵᠦᠢ᠍ᠯ᠎ᠢ ᠪᠠᠷᠢᠯᠭ᠎ᠠ ᠡᠬᠢᠯᠡᠭᠦᠯᠦᠨ ᠪᠠᠢ᠌ᠭᠤᠯᠵᠤ᠂ 300 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠡᠢ᠃ ᠪᠦᠬᠦ ᠤᠯᠤᠰ᠎ᠤᠨ ᠠᠩᠬᠠᠳᠠᠭᠴᠢ ᠲᠦᠮᠡᠨ ᠲᠣᠨ᠎ᠤ ᠲᠡᠰ᠎ᠤᠨ ᠰᠢᠨ᠎ᠡ ᠡᠨᠧᠷᠭᠢ ᠵᠢᠨ ᠤᠰᠤᠲᠥ᠋ᠷᠥᠭᠴᠢ ᠵᠢ ᠦᠢ᠍ᠯᠡᠳᠬᠦ ᠲᠦᠷᠦᠯ ᠵᠦᠢ᠍ᠯ ᠠᠮᠵᠢᠯᠲᠠ᠎ᠲᠠᠢ᠎ᠪᠠᠷ 《ᠤᠰᠤᠲᠥ᠋ᠷᠥᠭᠴᠢ》 ᠵᠢ ᠭᠠᠷᠭ᠋ᠠᠵᠤ᠂ ᠢᠦᠢ ᠵᠢᠩ ᠰᠢᠯ᠎ᠤᠨ ᠨᠢᠭᠡᠳᠦᠭᠡᠷ ᠬᠤᠭᠤᠴᠠᠭ᠎ᠠ᠂ 《ᠶᠤᠸᠠᠨ ᠵᠢᠡᠭ》 5 ᠵᠢᠸ᠎ᠠ ᠰᠠᠯᠬᠢᠨ ᠬᠦᠴᠦᠨ᠎ᠤ ᠮᠠᠰᠢᠨ ᠵᠡᠷᠭᠡ ᠲᠦᠷᠦᠯ ᠵᠦᠢ᠍ᠯ᠎ᠢ ᠪᠠᠢ᠌ᠭᠤᠯᠵᠤ ᠳᠠᠭᠤᠰᠬᠠᠭ᠋ᠠᠳ ᠠᠰᠢᠭᠯᠠᠯᠲᠠ᠎ᠳᠤ ᠣᠷᠣᠭᠤᠯᠪᠠ᠃ ᠪᠦᠬᠦ ᠵᠢᠯ᠎ᠳᠤ 3.65 ᠳ᠋ᠦᠩᠰᠢᠭᠤᠷ ᠲᠣᠨ ᠨᠡᠭᠦᠷᠡᠰᠦ ᠵᠢ ᠪᠣᠷᠣᠯᠠᠭᠤᠯᠵᠤ᠂ 480 ᠳ᠋ᠦᠩᠰᠢᠭᠤᠷ ᠭ᠋ᠷᠡᠳᠦ᠋ᠰ᠎ᠤᠨ ᠴᠠᠬᠢᠯᠭ᠋ᠠᠨ ᠭᠠᠷᠭ᠋ᠠᠵᠤ᠂ 25 ᠮᠤᠵᠢ ᠣᠷᠣᠨ ᠬᠤᠳᠠ ᠵᠢᠨ ᠡᠨᠧᠷᠭᠢ ᠵᠢᠨ ᠰᠤᠷᠪᠤᠯᠵᠢ ᠵᠢᠨ ᠬᠠᠩᠭ᠋ᠠᠯᠭ᠎ᠠ ᠵᠢ ᠪᠠᠲᠤᠯᠠᠪᠠ᠃ 2023 ᠣᠨ᠎ᠳᠤ ᠡᠵᠡᠨ ᠬᠣᠷᠣᠭ᠎ᠠ ᠬᠣᠰᠢᠭᠤᠨ᠎ᠳᠤ 2.03 ᠳ᠋ᠦᠩᠰᠢᠭᠤᠷ ᠲᠣᠨ ᠨᠡᠭᠦᠷᠡᠰᠦ ᠦᠢ᠍ᠯᠡᠳᠪᠦᠷᠢᠯᠡᠵᠦ ᠪᠣᠷᠣᠯᠠᠭᠤᠯᠵᠤ᠂ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠬᠤ ᠬᠡᠮᠵᠢᠶ᠎ᠡ 13.7 ᠳ᠋ᠦᠩᠰᠢᠭᠤᠷ ᠭ᠋ᠷᠡᠳᠦ᠋ᠰ᠎ᠲᠤ ᠬᠦᠷᠴᠦ᠂ 104%᠎ᠪᠠᠷ ᠨᠡᠮᠡᠭᠳᠡᠪᠡ᠃ ᠪᠥᠬᠥ ᠵᠢᠯ᠎ᠳᠤ 10 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠴᠢᠬᠤᠯᠠ ᠶᠡᠬᠡ ᠲᠥᠷᠥᠯ ᠵᠦᠢ᠍ᠯ᠎ᠢ 22 ᠬᠡᠷᠡᠭᠵᠢᠭᠦᠯᠵᠦ᠂ 《ᠯᠦᠩ ᠵᠢᠢ》᠂ 《ᠬᠤᠸᠠ ᠵᠢᠩ》 《ᠵᠢᠶᠧ ᠴᠢᠡᠭ》 ᠵᠡᠷᠭᠡ ᠴᠢᠬᠤᠯᠠ ᠶᠡᠬᠡ ᠦᠢ᠍ᠯᠡᠳᠬᠦ ᠦᠢ᠍ᠯᠡᠰ᠎ᠤᠨ ᠲᠥᠷᠥᠯ ᠵᠦᠢ᠍ᠯ᠎ᠢ ᠵᠠᠯᠭ᠋ᠠᠭ᠎ᠠ᠎ᠪᠠᠷ ᠪᠠᠷᠢᠯᠭ᠎ᠠ ᠳᠠᠭᠤᠰᠬᠠᠨ ᠠᠰᠢᠭᠯᠠᠯᠲᠠ᠎ᠳᠤ ᠣᠷᠣᠭᠤᠯᠵᠤ᠂ ᠦᠢ᠍ᠯᠡᠳᠬᠦ ᠦᠢ᠍ᠯᠡᠰ᠎ᠤᠨ ᠦᠢ᠍ᠯᠡᠳᠬᠦᠨ᠎ᠤ ᠥᠷᠲᠡᠭ 200 ᠳ᠋ᠦᠩᠰᠢᠭᠤᠷ ᠲᠥᠭᠥᠷᠢᠭ᠎ᠲᠤ ᠬᠥᠷᠪᠡ᠃ ᠵᠡᠭᠦᠨᠭ᠋ᠠᠷ ᠬᠣᠰᠢᠭᠤ ᠪᠣᠯᠣᠨ ᠡᠵᠡᠨ ᠬᠣᠷᠣᠭ᠎ᠠ ᠬᠣᠰᠢᠭᠤ ᠪᠦᠬᠦ ᠤᠯᠤᠰ᠎ᠤᠨ ᠵᠠᠭᠤᠨ ᠬᠦᠴᠦᠷᠬᠡᠭ ᠰᠢᠶᠠᠨ᠎ᠤ ᠨᠡᠷᠡᠰ᠎ᠤᠨ ᠵᠢᠭᠰᠠᠭ᠋ᠠᠯᠲᠠ᠎ᠳᠤ ᠤᠯᠠᠨᠳᠠ ᠤᠷᠤᠵᠤ ᠪᠠᠢ᠌ᠨ᠎ᠠ᠃ ᠪᠥᠬᠥ ᠤᠯᠤᠰ᠎ᠤᠨ ᠵᠠᠭᠤᠨ ᠬᠦᠴᠦᠷᠬᠡᠭ ᠰᠢᠶᠠᠨ ᠪᠣᠯᠤᠭᠰᠠᠨ᠎ᠤ ᠬᠤᠪᠢ᠎ᠳᠤ ᠦᠦᠰᠢᠨ ᠬᠣᠰᠢᠭᠤᠨ᠎ᠤ᠎ᠬᠢᠨ ᠦᠨᠤ ᠵᠢᠯ᠎ᠤᠨ ᠲᠦᠷᠤᠬᠦᠤ ᠤᠯᠠᠷᠢᠯ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠪᠥᠬᠥ ᠥᠷᠲᠡᠭ 113.8 ᠳ᠋ᠦᠩᠰᠢᠭᠤᠷ ᠲᠥᠭᠥᠷᠢᠭ᠎ᠲᠤ ᠬᠦᠷᠴᠦ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 289.9%᠎ᠪᠠᠷ ᠨᠡᠮᠡᠭᠳᠡᠨ᠂ ᠣᠷᠳᠣᠰ ᠬᠣᠲᠠ᠎ᠳᠤ ᠲᠡᠷᠢᠬᠦᠯᠡᠪᠡ᠃
ᠥᠪᠥᠷ ᠮᠣᠩᠭᠣᠯ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠵᠤ ᠠᠬᠤᠢ ᠰᠤᠳᠤᠯᠬᠤ ᠭᠠᠵᠠᠷ᠎ᠤᠨ ᠳᠡᠳ᠋ ᠳᠠᠷᠤᠭ᠎ᠠ ᠯᠢ ᠶᠢᠩ᠄ 《ᠤᠷᠴᠢᠮ᠎ᠤᠨ ᠵᠢᠯ ᠡᠨᠡ ᠭᠤᠷᠪᠠᠨ ᠬᠣᠰᠢᠭᠤ ᠰᠢᠶᠠᠨ᠎ᠤ ᠠᠵᠤ ᠠᠬᠤᠢ ᠵᠢᠨ ᠪᠦᠲᠦᠴᠡ ᠵᠢᠨ ᠲᠠᠯ᠎ᠠ᠎ᠪᠠᠷ ᠲᠠᠰᠤᠷᠠᠯᠲᠠ ᠦᠭᠡᠢ ᠰᠢᠯᠢᠳᠡᠭᠵᠢᠵᠦ᠂ ᠠᠵᠤ ᠦᠢ᠍ᠯᠡᠳᠪᠦᠷᠢ ᠵᠢᠨ ᠭᠣᠣᠯᠯᠠᠬᠤ ᠪᠠᠢ᠌ᠷᠢ ᠰᠠᠭᠤᠷᠢ ᠵᠢ ᠨᠠᠩ ᠪᠠᠲᠤᠳᠬᠠᠨ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠡᠯᠪᠡᠷᠢ ᠵᠢ ᠬᠥᠭᠵᠢᠭᠦᠯᠬᠦ ᠵᠢ ᠲᠠᠰᠤᠷᠠᠯᠲᠠ ᠦᠭᠡᠢ ᠠᠬᠢᠭᠤᠯᠵᠤ ᠪᠠᠢ᠌ᠨ᠎ᠠ᠂ ᠡᠨᠡ᠎ᠨᠢ ᠰᠢᠶᠠᠨ᠎ᠤ ᠬᠡᠪᠴᠢᠶᠡᠨ᠎ᠤ ᠡᠬᠢ ᠪᠠᠶᠠᠯᠢᠭ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ᠂ ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠬᠥᠭᠵᠢᠯᠲᠡ ᠵᠢᠨ ᠳᠠᠯᠳᠠ ᠬᠦᠴᠦᠨ᠎ᠢ ᠪᠠᠳᠠᠷᠠᠭᠤᠯᠵᠤ᠂ ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠪᠣᠬᠢᠷᠲᠤᠯ ᠦᠭᠡᠢ ᠬᠥᠭᠵᠢᠯᠲᠡ ᠵᠢ ᠪᠡᠶᠡᠯᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ》 ᠭᠡᠵᠤ ᠶᠠᠷᠢᠵᠠᠢ᠃