ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
ᠮᠠᠨ᠎ᠤ ᠣᠷᠣᠨ 《ᠣᠲᠣ ᠦᠶ᠎ᠡ ᠵᠢᠨ ᠵᠠᠮ ᠬᠠᠷᠢᠯᠴᠠᠭ᠎ᠠ ᠡᠳ᠋ ᠪᠠᠷᠠᠭ᠋ᠠᠨ᠎ᠤ ᠭᠦᠢ᠍ᠯᠭᠡᠭᠡᠨ᠎ᠤ ᠳᠠᠭ᠋ᠠᠭᠤᠯᠤᠭᠴᠢ ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠬᠤ ᠠᠵᠢᠯᠯᠠᠭ᠋ᠠᠨ᠎ᠤ ᠲᠥᠰᠥᠯ》᠎ᠢ ᠨᠡᠢ᠌ᠲᠡᠯᠡᠵᠦ᠂ 2026 ᠣᠨ ᠪᠣᠯᠬᠤ᠎ᠳᠤ ᠥᠪᠥᠷ ᠮᠣᠩᠭᠣᠯ᠎ᠤᠨ ᠨᠢᠭᠡᠴᠢ ᠡᠳ᠋ ᠪᠠᠷᠠᠭ᠋ᠠᠨ᠎ᠤ ᠡᠷᠭᠢᠯᠲᠡ ᠵᠢᠨ ᠬᠡᠮᠵᠢᠶ᠎ᠡ ᠵᠢᠨ ᠡᠳ᠋ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ 6%᠎ᠪᠠᠷ ᠪᠠᠭᠤᠷᠠᠭᠤᠯᠬᠤ ᠪᠤᠯᠤᠨ᠎ᠠ
ᠨᠡᠶᠢᠲᠡᠯᠡᠭᠰᠡᠨ ᠴᠠᠭ᠄ 2024-06-03

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ᠎ᠬᠢᠨ 5 ᠳ᠋ᠤᠭ᠋ᠠᠷ ᠰᠠᠷ᠎ᠠ ᠵᠢᠨ 28᠎ᠤ ᠡᠳᠦᠷ 《ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠳᠠᠭ᠋ᠠᠭᠤᠯᠤᠭᠴᠢ ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠬᠤ ᠠᠵᠢᠯᠯᠠᠭ᠋ᠠᠨ᠎ᠤ ᠲᠥᠰᠥᠯ》 ᠎ᠢ ᠳᠠᠷᠤᠮᠠᠯᠯᠠᠨ ᠲᠠᠷᠬᠠᠭ᠋ᠠᠵᠤ᠂ 2026 ᠣᠨ ᠪᠣᠯᠬᠤ᠎ᠳᠤ ᠥᠪᠥᠷ ᠮᠣᠩᠭᠣᠯ᠎ᠤᠨ ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠳᠠᠭ᠋ᠠᠭᠤᠯᠤᠭᠴᠢ ᠠᠵᠤ ᠠᠬᠤᠢ᠌ᠯᠠᠯ᠎ᠢ 50᠎ᠠᠴᠠ ᠳᠡᠭᠡᠭᠰᠢ᠎ᠳᠤ ᠬᠦᠷᠦᠭᠦᠯᠵᠦ᠂ ᠨᠢᠭᠡᠴᠢ ᠪᠠᠷᠠᠭ᠋ᠠᠨ᠎ᠤ ᠡᠷᠭᠢᠯᠲᠡ ᠵᠢᠨ ᠬᠡᠮᠵᠢᠶ᠎ᠡ ᠵᠢᠨ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ 6%᠎ᠪᠠᠷ ᠪᠠᠭᠤᠷᠠᠭᠤᠯᠬᠤ᠎ᠪᠠᠷ ᠲᠥᠯᠥᠪᠯᠡᠵᠦ ᠪᠣᠶ᠃
     《ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠳᠠᠭ᠋ᠠᠭᠤᠯᠤᠭᠴᠢ ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠬᠤ ᠠᠵᠢᠯᠯᠠᠭ᠋ᠠᠨ᠎ᠤ ᠲᠥᠰᠥᠯ》᠎ᠳᠤ ᠳᠤᠷᠠᠳᠤᠭᠰᠠᠨ᠎ᠨᠢ᠂ ᠨᠢᠭᠡᠨᠲᠡ ᠪᠠᠢ᠌ᠭ᠎ᠠ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ᠎ᠪᠠᠷ ᠳᠠᠮᠵᠢᠭᠤᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠢ᠌ᠯᠠᠯ᠎ᠢ ᠲᠦᠷᠭᠡᠳᠬᠡᠨ ᠬᠥᠭᠵᠢᠭᠦᠯᠵᠦ᠂ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢᠨ ᠡᠵᠡᠩᠨᠡᠭᠴᠢ ᠵᠢ ᠢᠳᠡᠪᠬᠢᠲᠡᠢ᠎ᠪᠠᠷ ᠵᠣᠬᠢᠶᠠᠨ ᠪᠠᠢ᠌ᠭᠤᠯᠵᠤ᠂ ᠬᠠᠩᠭ᠋ᠠᠯᠭ᠎ᠠ ᠵᠢᠨ ᠬᠡᠯᠬᠢᠶᠡᠰᠦ ᠵᠢᠨ ᠳᠡᠭᠡᠳᠦ ᠳᠣᠣᠷᠠᠳᠤ ᠤᠷᠤᠰᠬᠠᠯ᠎ᠤᠨ ᠠᠭᠤᠰᠤᠯᠴᠠᠭᠰᠠᠨ ᠬᠡᠯᠪᠡᠷᠢ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠢ᠌ᠯᠠᠯ᠎ᠢ ᠶᠡᠬᠡ᠎ᠪᠠᠷ ᠬᠥᠭᠵᠢᠭᠦᠯᠵᠦ᠂ ᠲᠡᠮᠦᠷ ᠵᠠᠮ᠂ ᠵᠠᠰᠠᠮᠠᠯ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠰᠢᠤᠳᠠᠨ᠎ᠤ ᠲᠦᠷᠭᠡᠨ ᠬᠦᠷᠭᠡᠯᠲᠡ᠂ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠡᠷᠭᠡ ᠲᠠᠯ᠎ᠠ ᠵᠢ ᠬᠠᠮᠤᠷᠤᠭᠰᠠᠨ ᠨᠢᠭᠡ ᠪᠦᠯᠦᠭ ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠤᠨ᠎ᠠ᠃
    《  ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠳᠠᠭ᠋ᠠᠭᠤᠯᠤᠭᠴᠢ ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠬᠤ ᠠᠵᠢᠯᠯᠠᠭ᠋ᠠᠨ᠎ᠤ ᠲᠥᠰᠥᠯ》᠎ᠳᠤ ᠬᠡᠪᠴᠢᠶᠡᠵᠢᠭᠦᠯᠬᠦ᠂ ᠡᠷᠴᠢᠮᠵᠢᠭᠦᠯᠬᠦ᠂ ᠲᠣᠭ᠋ᠠᠵᠢᠭᠤᠯᠬᠤ᠂ ᠪᠣᠬᠢᠷᠲᠤᠯ ᠦᠭᠡᠢ ᠪᠣᠯᠭ᠋ᠠᠬᠤ᠂ ᠰᠦᠯᠵᠢᠶᠡᠵᠢᠭᠦᠯᠬᠦ ᠬᠥᠭᠵᠢᠯᠲᠡ ᠵᠢ ᠪᠠᠷᠢᠮᠲᠠᠯᠠᠵᠤ᠂ 5 ᠲᠠᠯ᠎ᠠ᠎ᠠᠴᠠ 30 ᠵᠦᠢ᠍ᠯ᠎ᠤᠨ ᠳᠡᠮᠵᠢᠬᠦ ᠲᠥᠷᠥ ᠵᠢᠨ ᠪᠣᠳᠣᠯᠭ᠎ᠠ ᠵᠢ ᠳᠤᠷᠠᠳᠴᠤ᠂ ᠪᠠᠷᠠᠭ᠋ᠠᠨ᠎ᠤ ᠢᠷᠡᠯᠲᠡ ᠵᠢ ᠡᠷᠢᠬᠦ᠂ ᠲᠣᠭ᠎ᠠ ᠪᠠᠷᠢᠮᠲᠠ ᠬᠠᠩᠭ᠋ᠠᠬᠤ᠂ ᠠᠬᠤᠢ ᠪᠠᠢ᠌ᠳᠠᠯ᠎ᠢ ᠪᠣᠢ᠌ᠵᠢᠭᠤᠯᠬᠤ᠂ ᠢᠵᠢ ᠪᠦᠷᠢᠳᠦᠭᠦᠯᠬᠦ᠂ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠲᠥᠷᠥ ᠵᠢᠨ ᠪᠣᠳᠣᠯᠭ᠎ᠠ ᠵᠢ ᠬᠠᠩᠭ᠋ᠠᠬᠤ᠎ᠪᠠᠷ ᠳᠠᠮᠵᠢᠭᠤᠯᠤᠨ  ᠡᠵᠡᠩᠨᠡᠯᠲᠡ ᠵᠢᠨ ᠥᠪᠡᠷ᠎ᠤᠨ ᠥᠷᠲᠡᠭ ᠪᠠᠭ᠎ᠠ᠂ ᠦᠷ᠎ᠡ ᠪᠦᠲᠦᠮᠵᠢ ᠥᠨᠳᠥᠷ᠂ ᠦᠢ᠍ᠯᠡᠴᠢᠯᠡᠭᠡ ᠰᠠᠢ᠌ᠨ᠂ ᠶᠠᠰᠤ ᠴᠢᠨᠠᠷ᠎ᠲᠠᠢ᠂ ᠲᠡᠷᠢᠭᠦᠨ᠎ᠤ ᠮᠡᠷᠭᠡᠵᠢᠯ᠎ᠤᠨ ᠵᠠᠭᠪᠤᠷ᠎ᠲᠠᠢ ᠵᠡᠷᠭᠡ ᠭᠣᠣᠯᠯᠠᠬᠤ ᠥᠷᠢᠰᠦᠯᠳᠦᠬᠦ ᠬᠦᠴᠦᠨ᠎ᠲᠠᠢ ᠪᠠ ᠨᠠᠷᠠᠲᠤ ᠦᠢ᠍ᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ᠎ᠲᠠᠢ ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠵᠤ᠂ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠡᠵᠡᠩᠨᠡᠯᠲᠡ ᠵᠢᠨ ᠴᠢᠨᠠᠷᠲᠠᠢ᠎ᠪᠠᠷ ᠥᠪᠡᠷ᠎ᠤᠨ ᠥᠷᠲᠡᠭ᠎ᠢ ᠪᠠᠭᠤᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠳᠠᠶ᠋ᠢᠴᠢᠯᠠᠨ ᠪᠦᠬᠦ ᠨᠡᠢ᠌ᠭᠡᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠦᠷᠳᠡᠭ᠎ᠢ ᠪᠠᠭᠤᠷᠠᠭᠤᠯᠬᠤ ᠪᠤᠯᠤᠨ᠎ᠠ᠃
   

 




   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠲᠠᠪᠤᠨ ᠰᠠᠢ᠌ᠨ》᠎ᠢ ᠠᠭᠤᠰᠤᠯᠴᠠᠭᠤᠯᠵᠤ᠂ ᠭᠠᠵᠠᠷ ᠰᠢᠷᠣᠢ ᠵᠢᠨ ᠭᠠᠷᠤᠯᠲᠠ ᠵᠢᠨ ᠨᠦᠬᠡᠴᠨ ᠬᠦᠴᠤᠨ᠎ᠢ ᠬᠦᠭᠵᠢᠬᠡᠶ᠎ᠡ — ᠬᠥᠳᠡᠭᠡ ᠠᠵᠤ ᠠᠬᠤᠢ ᠵᠢᠨ ᠦᠢ᠍ᠯᠡᠳᠪᠦᠷᠢᠯᠡᠯ᠎ᠤᠨ ᠬᠤᠪᠢᠰᠤᠯᠲᠠ᠎ᠠᠴᠠ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠦᠭᠰᠡᠨ ᠥᠪᠥᠷ ᠮᠣᠩᠭᠣᠯ᠎ᠤᠨ ᠠᠮᠢᠵᠢᠷᠠᠯ᠎ᠤᠨ ᠬᠦᠴᠤᠨ
ᠮᠠᠨ᠎ᠤ ᠤᠷᠤᠨ᠎ᠤ᠎ᠬᠢᠨ 11 ᠲᠥᠷᠥ ᠵᠢᠨ ᠪᠣᠳᠣᠯᠭ᠎ᠠ᠎ᠪᠠᠷ ᠡᠪᠡᠰᠦᠨ᠎ᠤ ᠠᠵᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠵᠤ ᠪᠠᠢ᠌ᠨ᠎ᠠ
ᠮᠠᠨ᠎ᠤ ᠤᠷᠤᠨ᠎ᠤ ᠭᠤᠷᠪᠠᠨ ᠭᠠᠵᠠᠷ ᠳᠤᠮᠳᠠᠳᠤ ᠤᠯᠤᠰ᠎ᠤᠨ 2024 ᠣᠨ᠎ᠤ ᠵᠠᠭᠤᠨ ᠬᠦᠴᠦᠷᠬᠡᠭ ᠰᠢᠶᠠᠨ᠎ᠤ ᠨᠡᠷᠡᠰ᠎ᠲᠤ ᠵᠢᠬᠰᠠᠭ᠋ᠠᠬᠳᠠᠯ᠎ᠠ
ᠤᠨᠳᠤᠷᠤᠯᠳᠠ ᠵᠢᠨ ᠨᠣᠷᠮ᠎ᠠ 98% ᠵᠢ ᠲᠠᠪᠠᠭ᠋ᠠᠳ ᠮᠠᠨ᠎ᠤ ᠤᠷᠤᠨ᠎ᠤ᠎ᠬᠢᠨ ᠲᠦᠷᠤᠬᠦᠤ ᠤᠯᠠᠷᠢᠯ᠎ᠳᠤ 3077 ᠲᠦᠮᠡᠨ ᠪᠤᠳᠠ ᠪᠤᠭ ᠮᠠᠯ᠎ᠤᠨ ᠲᠦᠯ ᠲᠤᠰᠤᠯ᠎ᠠ
ᠮᠠᠨ᠎ᠤ ᠤᠷᠤᠨ᠎ᠤ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ ᠪᠥᠬᠥ ᠤᠯᠤᠰ᠎ᠤᠨ ᠳᠤᠮᠳᠠᠴᠢ ᠲᠦᠪᠰᠢᠨ᠎ᠠᠴᠠ ᠲᠠᠪᠠᠪᠠ
 
            