ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
ᠮᠠᠨ᠎ᠤ ᠤᠷᠤᠨ 3 ᠵᠢᠯ᠎ᠳᠤ 551.21 ᠳ᠋ᠦᠩᠰᠢᠭᠤᠷ ᠲᠥᠭᠥᠷᠢᠭ᠎ᠢ ᠨᠢᠭᠡᠳᠦᠯᠲᠡᠢ ᠲᠥᠯᠥᠪᠯᠡᠵᠦ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠳᠡᠮᠵᠢᠪᠡ
ᠨᠡᠶᠢᠲᠡᠯᠡᠭᠰᠡᠨ ᠴᠠᠭ᠄ 2024-05-23

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ᠎ᠤ ᠬᠠᠮᠤᠭ ᠰᠢᠨ᠎ᠡ ᠮᠡᠳᠡᠭᠡ᠄ 2021  — 2023 ᠣᠨ᠎ᠳᠤ ᠥᠪᠥᠷ ᠮᠣᠩᠭᠣᠯ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ᠎ᠤᠨ ᠡᠳ᠋᠎ᠤᠨ ᠵᠠᠰᠠᠭ᠎ᠤᠨ ᠪᠡᠯᠡ ᠮᠥᠩᠭᠥ ᠵᠢ ᠨᠡᠶ᠋ᠢᠲᠡ 551.21 ᠳ᠋ᠦᠩᠰᠢᠭᠤᠷ ᠲᠥᠭᠥᠷᠢᠭ ᠨᠢᠭᠡᠳᠦᠯᠲᠡᠢ ᠲᠥᠯᠥᠪᠯᠡᠵᠦ᠂ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ ᠳᠠᠭ᠋ᠠᠤ ᠵᠢᠨ 7 ᠠᠢ᠌ᠮᠠᠭ ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ᠂ ᠬᠠᠲᠤᠨ ᠭᠣᠣᠯ᠎ᠤᠨ ᠥᠨᠢ ᠤᠳᠠᠭ᠋ᠠᠨ᠎ᠤ ᠠᠶᠤᠯ ᠦᠬᠡᠢ ᠵᠢ ᠪᠠᠲᠤᠯᠠᠬᠤ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠠᠬᠢᠭᠤᠯᠬᠤ᠂ ᠬᠠᠲᠤᠨ ᠭᠣᠣᠯ᠎ᠤᠨ ᠰᠣᠶᠣᠯ᠎ᠢ ᠬᠠᠮᠠᠭ᠋ᠠᠯᠠᠵᠤ ᠤᠯᠠᠮᠵᠢᠯᠠᠨ ᠪᠠᠳᠠᠷᠠᠭᠤᠯᠬᠤ ᠵᠡᠷᠭᠡ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠠᠬᠢᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ  ᠴᠢᠨᠠᠷᠯᠢᠭ ᠬᠥᠭᠵᠢᠯᠲᠡ ᠵᠢ ᠲᠡᠮᠵᠢᠭᠰᠡᠨ ᠪᠠᠢ᠌ᠨ᠎ᠠ᠃
     ᠬᠠᠲᠤᠨ ᠭᠣᠣᠯ᠎ᠤᠨ ᠰᠠᠪᠠ ᠭᠠᠵᠠᠷ᠎ᠤᠨ ᠥᠪᠥᠷ ᠮᠣᠩᠭᠣᠯ᠎ᠤᠨ ᠬᠡᠰᠡᠭ᠎ᠤᠨ ᠣᠷᠣᠨ ᠪᠠᠢ᠌ᠷᠢ᠎ᠨᠢ ᠥᠪᠡᠷᠮᠢᠴᠡ᠂ ᠲᠠᠯᠠᠪᠠᠶ᠎ᠨᠢ ᠥᠷᠭᠡᠨ ᠠᠭᠤᠳᠠᠮ᠂ ᠡᠬᠢ ᠪᠠᠶᠠᠯᠢᠭ ᠡᠨᠧᠷᠭᠢ ᠵᠢᠨ ᠰᠤᠷᠪᠤᠯᠵᠢ ᠡᠯᠪᠡᠭ ᠳᠡᠯᠪᠡᠭ᠂ ᠠᠵᠤ ᠦᠢ᠍ᠯᠡᠰ ᠲᠥᠪᠯᠡᠷᠡᠭᠰᠡᠨ ᠪᠣᠯᠬᠣᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ ᠳᠠᠭ᠋ᠠᠤ ᠵᠢᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠠᠬᠢᠭᠤᠯᠬᠤ ᠪᠣᠯ 《ᠬᠣᠶᠠᠷ ᠬᠠᠯᠬᠠᠪᠴᠢ》 《ᠬᠣᠶᠠᠷ ᠰᠠᠭᠤᠷᠢᠨ ᠭᠠᠵᠠᠷ》 《ᠨᠢᠭᠡ ᠪᠡᠬᠢᠯᠡᠯᠲᠡ》 ᠵᠢ ᠪᠦᠲᠦᠭᠡᠨ ᠪᠠᠶ᠋ᠢᠭᠤᠯᠬᠤ ᠵᠢᠨ ᠴᠢᠬᠤᠯᠠ ᠲᠤᠯᠭ᠋ᠠᠭᠤᠷᠢ ᠪᠣᠯᠣᠨ᠎ᠠ᠃  ᠮᠠᠨ᠎ᠤ ᠤᠷᠤᠨ᠎ᠤ᠎ᠬᠢᠨ ᠤᠷᠴᠢᠮ᠎ᠤᠨ ᠵᠢᠯ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠠᠬᠢᠭᠤᠯᠬᠤ᠎ᠪᠠᠷ ᠭᠣᠣᠯ ᠪᠣᠯᠭ᠋ᠠᠵᠤ᠂ ᠡᠭᠦᠷᠭᠡ ᠬᠠᠷᠢᠭᠤᠴᠠᠯᠭ᠎ᠠ᠎ᠪᠠᠨ ᠦᠷᠭᠦᠯᠵᠢᠯᠡᠨ ᠭᠦᠢ᠍ᠴᠡᠳᠬᠡᠵᠦ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷᠯᠢᠭ ᠬᠥᠭᠵᠢᠯᠲᠡ ᠵᠢᠨ ᠰᠢᠨ᠎ᠡ ᠪᠠᠢ᠌ᠳᠠᠯ᠎ᠢ ᠡᠭᠦᠳᠬᠦ᠎ᠪᠠᠷ ᠵᠣᠷᠢᠯᠭ᠎ᠠ᠎ᠪᠠᠨ ᠪᠣᠯᠭ᠋ᠠᠵᠠᠢ᠃
    ᠡᠨᠡ ᠬᠦ᠌ ᠶᠠᠪᠤᠴᠠ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ ᠢᠳᠡᠪᠬᠢᠲᠡᠢ᠎ᠪᠠᠷ ᠪᠡᠯᠡ ᠮᠥᠩᠭᠥ ᠴᠤᠭᠯᠠᠭᠤᠯᠵᠤ᠂ ᠪᠥᠬᠥ ᠣᠷᠣᠨ᠎ᠤ ᠬᠠᠲᠤᠨ ᠭᠣᠣᠯ ᠳᠠᠭ᠋ᠠᠤ ᠵᠢᠨ 7 ᠠᠢ᠌ᠮᠠᠭ ᠬᠣᠲᠠ ᠵᠢᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ᠂ ᠤᠰᠤᠨ᠎ᠤ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ ᠵᠡᠷᠭᠡ ᠲᠠᠯ᠎ᠠ ᠵᠢᠨ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠪᠡ᠃ 《ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠬᠠᠮᠲᠤ᠎ᠪᠠᠷ ᠡᠭᠦᠷᠭᠡᠯᠡᠬᠦ᠂ ᠰᠠᠪᠠ ᠭᠠᠵᠠᠷ᠎ᠤᠨ ᠣᠷᠴᠢᠨ ᠲᠣᠭᠣᠷᠢᠨ᠎ᠢ ᠬᠠᠮᠲᠤ᠎ᠪᠠᠷ ᠵᠠᠰᠠᠬᠤ᠂ ᠠᠮᠢ ᠠᠬᠤᠢ ᠵᠢᠨ ᠦᠷ᠎ᠡ ᠠᠰᠢᠭ᠎ᠢ ᠬᠠᠮᠲᠤ᠎ᠪᠠᠷ ᠡᠳ᠋ᠯᠡᠬᠦ》 ᠵᠠᠷᠴᠢᠮ ᠶᠣᠰᠣᠭ᠋ᠠᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ ᠬᠠᠲᠤᠨ ᠭᠣᠣᠯ᠎ᠤᠨ ᠰᠠᠪᠠ ᠭᠠᠵᠠᠷ᠎ᠤᠨ ᠬᠥᠨᠳᠡᠯᠡᠨ ᠴᠢᠭᠯᠡᠯ ᠵᠶ᠋ᠡᠷ ᠠᠮᠢ ᠠᠬᠤᠢ ᠵᠢᠨ ᠨᠥᠬᠥᠪᠦᠷᠢ ᠥᠭᠬᠦ ᠲᠣᠭᠲᠠᠴᠠ ᠵᠢ ᠪᠠᠶ᠋ᠢᠭᠤᠯᠬᠤ ᠵᠢ ᠠᠬᠢᠭᠤᠯᠬᠤ ᠵᠢ ᠴᠢᠬᠤᠯᠠ ᠡᠭᠦᠷᠭᠡ ᠪᠣᠯᠭ᠋ᠠᠵᠤ᠂ ᠡᠷᠬᠢᠨ ᠲᠣᠭᠣᠷᠢᠨ᠎ᠤ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠂ ᠱᠠᠨ ᠰᠢ ᠮᠤᠵᠢ᠂ ᠱᠠᠨᠰᠢ ᠮᠤᠵᠢ ᠵᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠯᠦᠭᠡ ᠰᠠᠨᠠᠭ᠋ᠠᠴᠢᠯᠠᠭ᠎ᠠ᠎ᠠᠴᠠ᠎ᠪᠠᠨ ᠵᠥᠪᠳᠡᠯᠴᠡᠵᠦ᠂ ᠮᠤᠵᠢ ᠵᠢᠨ ᠬᠣᠭᠣᠷᠣᠨᠳᠣᠬᠢ ᠡᠷᠬᠡ ᠬᠠᠷᠢᠭᠤᠴᠠᠯᠭ᠎ᠠ ᠵᠢ ᠠᠳᠠᠯᠢ ᠲᠡᠭᠰᠢ ᠪᠠᠢ᠌ᠯᠭ᠋ᠠᠬᠤ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠬᠠᠲᠤᠨ ᠭᠣᠣᠯ᠎ᠤᠨ ᠰᠠᠪᠠ ᠭᠠᠵᠠᠷ᠎ᠤᠨ ᠬᠥᠨᠳᠡᠯᠡᠨ ᠴᠢᠭᠯᠡᠯ ᠵᠶ᠋ᠡᠷ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠥᠭᠬᠦ ᠵᠠᠭᠪᠤᠷ᠎ᠢ ᠪᠣᠶ ᠪᠣᠯᠭ᠋ᠠᠬᠤ ᠵᠢ ᠠᠬᠢᠭᠤᠯᠪᠠ᠃ 2023 ᠣᠨ᠎ᠤ 9 ᠳ᠋ᠤᠬᠡᠷ ᠰᠠᠷ᠎ᠠ ᠵᠢᠨ 4᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠢᠭᠡᠳ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠬᠠᠲᠤᠨ ᠭᠣᠣᠯ᠎ᠤᠨ ᠰᠠᠪᠠ ᠭᠠᠵᠠᠷ᠎ᠤᠨ ᠬᠥᠨᠳᠡᠯᠡᠨ ᠴᠢᠭᠯᠡᠯ᠎ᠤᠨ ᠠᠮᠢ ᠠᠬᠤᠢ ᠵᠢᠨ ᠨᠥᠬᠥᠪᠦᠷᠢ ᠵᠢᠨ ᠬᠡᠯᠡᠯᠴᠡᠭᠡᠷ᠎ᠲᠤ ᠭᠠᠷ᠎ᠤᠨ ᠥᠰᠥᠭ ᠵᠢᠷᠤᠵᠤ᠂ ᠨᠢᠩᠰᠢᠶᠠ — ᠥᠪᠥᠷ ᠮᠣᠩᠭᠣᠯ᠎ᠤᠨ ᠬᠡᠰᠡᠭ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ 2024 ᠣᠨ᠎ᠤ 3 ᠳ᠋ᠤᠭ᠋ᠠᠷ ᠰᠠᠷ᠎ᠠ ᠵᠢᠨ 27᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯᠣᠨ ᠱᠠᠨ ᠰᠢ ᠮᠤᠵᠢ᠂ ᠱᠠᠨᠰᠢ ᠮᠤᠵᠢ ᠬᠠᠲᠤᠨ ᠭᠣᠣᠯ᠎ᠤᠨ ᠰᠠᠪᠠ ᠭᠠᠵᠠᠷ᠎ᠤᠨ ᠬᠥᠨᠳᠡᠯᠡᠨ ᠴᠢᠭᠯᠡᠯ᠎ᠤᠨ ᠠᠮᠢ ᠠᠬᠤᠢ ᠵᠢᠨ ᠨᠥᠬᠥᠪᠦᠷᠢ ᠵᠢᠨ ᠲᠤᠬᠠᠢ ᠵᠦᠪᠳᠡᠯᠴᠡᠬᠡᠷ ᠲᠤᠬᠳᠠᠪᠠ᠃
    ᠠᠮᠢ ᠠᠬᠤᠢ ᠵᠢ ᠬᠥᠨᠳᠡᠯᠡᠨ ᠵᠶ᠋ᠡᠷ ᠨᠥᠬᠥᠪᠦᠷᠢᠯᠡᠬᠦ ᠭᠡᠳᠡᠭ᠎ᠤᠨ ᠭᠣᠣᠯᠳᠠᠯᠭ᠎ᠠ᠎ᠨᠢ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠪᠠ ᠦᠷᠭᠦᠯᠵᠢᠯᠡᠨ ᠠᠰᠢᠭᠯᠠᠬᠤ ᠵᠢ ᠪᠡᠶᠡᠯᠡᠭᠦᠯᠬᠦ ᠵᠢᠨ ᠲᠥᠯᠥᠭᠡ ᠵᠠᠰᠠᠭ ᠵᠠᠬᠢᠷᠭ᠎ᠠ᠂ ᠠᠵᠤ ᠠᠬᠤᠢ᠂ ᠬᠠᠤᠯᠢ ᠴᠠᠭ᠋ᠠᠵᠠ ᠵᠡᠷᠭᠡ ᠠᠷᠭ᠎ᠠ ᠪᠠᠷᠢᠯ᠎ᠢ ᠬᠡᠷᠡᠭᠯᠡᠨ᠂ ᠠᠮᠢ ᠠᠬᠤᠢ ᠵᠢ ᠬᠠᠩᠭ᠋ᠠᠬᠤ ᠣᠷᠣᠨ ᠬᠢᠭᠡᠳ ᠠᠮᠢ ᠠᠬᠤᠢ ᠵᠢᠨ ᠠᠰᠢᠭ ᠬᠦᠷᠳᠡᠬᠦ ᠣᠷᠣᠨ᠎ᠤ ᠠᠰᠢᠭ ᠲᠤᠰᠠ ᠵᠢᠨ ᠬᠠᠷᠢᠴᠠᠭ᠎ᠠ ᠵᠢ ᠵᠣᠬᠢᠴᠠᠭᠤᠯᠬᠤ᠎ᠪᠠᠷ ᠳᠠᠮᠵᠢᠭᠤᠯᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠥᠪᠡᠷ᠎ᠤᠨ ᠦᠷᠳᠡᠭ᠂ ᠬᠦᠭᠵᠢᠬᠦᠯᠤᠯᠳᠡ ᠵᠢᠨ ᠥᠪᠡᠷ᠎ᠤᠨ ᠦᠷᠳᠡᠭ ᠪᠣᠯᠣᠨ ᠬᠠᠩᠭ᠋ᠠᠬᠤ ᠠᠮᠢ ᠠᠬᠤᠢ ᠵᠢᠨ ᠦᠢ᠍ᠯᠡᠴᠢᠯᠡᠭᠡᠨ᠎ᠤ ᠦᠷᠳᠡᠭ᠎ᠢ ᠦᠨᠳᠦᠰᠦᠯᠡᠨ ᠨᠥᠬᠥᠪᠦᠷᠢ ᠥᠭᠬᠦ ᠵᠢ ᠵᠢᠭ᠋ᠠᠵᠤ ᠪᠠᠢ᠌ᠨ᠎ᠠ᠃ ᠡᠭᠦᠨ᠎ᠤ ᠲᠤᠯᠠᠳᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ ᠣᠳᠣ ᠪᠠᠢ᠌ᠭ᠎ᠠ ᠤᠰᠤᠨ ᠠᠰᠢᠭᠯᠠᠯᠲᠠ᠂ ᠣᠶ ᠰᠢᠭᠤᠢ ᠡᠪᠡᠰᠦ ᠪᠡᠯᠴᠢᠭᠡᠷ᠂ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠰᠢᠯᠭ᠋ᠠᠬᠤ ᠰᠢᠰᠲ᠋ᠧᠮ᠎ᠳᠤ ᠲᠦᠰᠢᠭᠯᠡᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ᠎ᠯᠤᠭ᠎ᠠ ᠬᠠᠮᠲᠤᠷᠠᠨ ᠬᠡᠷᠡᠭᠵᠢᠭᠦᠯᠬᠦ ᠨᠠᠷᠢᠨ ᠳᠦᠷᠢᠮ ᠪᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠨᠡᠢ᠌ᠲᠡᠯᠡᠵᠦ᠂ ᠣᠷᠣᠨ᠎ᠤ ᠳᠣᠲᠣᠷᠠᠬᠢ ᠬᠠᠲᠤᠨ ᠭᠣᠣᠯ ᠳᠠᠭ᠋ᠠᠤ ᠵᠢᠨ ᠠᠢ᠌ᠮᠠᠭ ᠬᠣᠲᠠ ᠵᠢᠨ ᠬᠥᠨᠳᠡᠯᠡᠨ ᠴᠢᠭᠯᠡᠯ ᠵᠶ᠋ᠡᠷ ᠠᠮᠢ ᠠᠬᠤᠢ ᠵᠢᠨ ᠨᠥᠬᠥᠪᠦᠷᠢ ᠥᠭᠬᠦ ᠲᠣᠭᠲᠠᠴᠠ ᠵᠢ ᠰᠦᠪᠡᠭᠴᠢᠯᠡᠨ᠂ ᠬᠠᠲᠤᠨ ᠭᠣᠣᠯ ᠳᠠᠭ᠋ᠠᠤ ᠵᠢᠨ ᠠᠢ᠌ᠮᠠᠭ ᠬᠣᠲᠠ ᠵᠢᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢ ᠬᠠᠮᠠᠭ᠋ᠠᠯᠠᠬᠤ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠭᠦᠢ᠍ᠴᠡᠳ ᠳᠠᠶ᠋ᠢᠴᠢᠯᠠᠨ᠂ ᠬᠠᠮᠠᠭ᠋ᠠᠯᠠᠬᠤ ᠪᠠ ᠵᠠᠰᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠣᠶ ᠪᠣᠯᠭ᠋ᠠᠬᠤ ᠵᠢ ᠠᠬᠢᠭᠤᠯᠵᠤ ᠪᠠᠢ᠌ᠨ᠎ᠠ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠳᠡᠳ᠋ ᠳᠠᠷᠤᠭ᠎ᠠ ᠸᠠᠩ ᠹᠸᠡᠭ ᠴᠢ᠄ 《ᠳᠠᠷᠠᠭ᠋ᠠᠴᠢ᠎ᠪᠠᠷ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ ᠦᠷᠭᠦᠯᠵᠢᠯᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠡᠳ᠋᠎ᠤᠨ ᠵᠠᠰᠠᠭ᠎ᠤᠨ ᠪᠠᠢ᠌ᠭᠤᠯᠤᠮᠵᠢ ᠲᠣᠭᠲᠠᠴᠠ ᠵᠢᠨ ᠰᠢᠨ᠎ᠡ ᠵᠢ ᠡᠭᠦᠳᠴᠦ᠂ ᠤᠷᠮᠠᠰᠢᠭᠤᠯᠬᠤ ᠪᠠ ᠬᠢᠵᠠᠭ᠋ᠠᠷᠯᠠᠬᠤ ᠵᠢ ᠵᠡᠷᠬᠡ᠎ᠪᠠᠷ ᠠᠳᠬᠤᠨ᠂ ᠡᠯ᠎ᠡ ᠲᠠᠯ᠎ᠠ ᠵᠢᠨ ᠢᠳᠡᠪᠬᠢᠵᠢᠯ᠎ᠢ ᠭᠦᠢ᠍ᠴᠡᠳ ᠳᠠᠢ᠍ᠢ᠍ᠴᠢᠯᠠᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷᠯᠢᠭ ᠬᠥᠭᠵᠢᠯᠲᠡ ᠵᠢ ᠬᠠᠮᠳᠤ᠎ᠪᠠᠷ ᠠᠬᠢᠭᠤᠯᠤᠨ᠎ᠠ》 ᠭᠡᠵᠦ ᠬᠡᠯᠡᠪᠡ᠃

 




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ 11.3 ᠳ᠋ᠦᠩᠰᠢᠭᠤᠷ ᠲᠥᠭᠥᠷᠢᠭ ᠵᠶ᠋ᠡᠷ ᠭᠤᠷᠪᠠᠨ ᠵᠢᠱ᠌ᠢᠶ᠎ᠡ ᠦᠵᠡᠭᠦᠯᠬᠦ ᠣᠷᠣᠨ᠎ᠤ ᠰᠢᠨᠵᠢᠯᠡᠬᠦ ᠮᠡᠷᠭᠡᠵᠢᠯ᠎ᠤᠨ ᠰᠢᠨ᠎ᠡ ᠡᠬᠦᠳᠤᠯᠳᠡ ᠳᠡᠮᠵᠢᠵᠦ ᠪᠣᠶ
ᠲᠦᠷᠦᠭᠦᠸ᠋ 7 ᠰᠠᠷ᠎ᠠ᠎ᠳᠤ ᠮᠠᠨ᠎ᠤ ᠤᠷᠤᠨ᠎ᠤ ᠡᠨᠧᠷᠭᠢ ᠵᠢᠨ ᠠᠵᠤ ᠦᠢ᠍ᠯᠡᠳᠪᠦᠷᠢ ᠵᠢᠨ ᠣᠯᠠᠨ ᠵᠦᠢ᠍ᠯ᠎ᠤᠨ ᠭᠦᠢ᠍ᠴᠡᠳᠬᠡᠯ ᠲᠣᠭ᠎ᠠ ᠪᠥᠬᠥ ᠤᠯᠤᠰ᠎ᠤᠨ ᠡᠮᠦᠨ᠎ᠡ ᠡᠡᠭᠨᠡᠬᠡᠨ᠎ᠳᠤ ᠤᠷᠤᠯ᠎ᠠ
1 —7 ᠳ᠋ᠤᠭ᠋ᠠᠷ ᠰᠠᠷ᠎ᠠ᠎ᠳᠤ ᠥᠪᠥᠷ ᠮᠣᠩᠭᠣᠯ᠎ᠤᠨ ᠶᠡᠷᠦᠩᠬᠡᠢ᠌ᠯᠡᠭᠰᠡᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 7.2%᠎ᠪᠠᠷ ᠨᠡᠮᠡᠭᠳᠡᠪᠡ
ᠪᠥᠬᠥ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠰᠤᠪᠢᠯᠠᠯᠲᠠ ᠵᠢᠨ ᠬᠡᠯᠪᠡᠷᠢ ᠵᠢᠨ ᠡᠪᠡᠳᠴᠢᠲᠡᠨ᠎ᠤ ᠣᠷᠣ ᠵᠢᠨ ᠡᠵᠡᠯᠡᠬᠦ ᠬᠠᠷᠢᠴᠠᠯ 58.9% ᠪᠣᠯᠵᠤ ᠳᠡᠭᠡᠭᠰᠢᠯᠡᠪᠡ
ᠪᠥᠬᠥ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠰᠤᠪᠢᠯᠠᠯᠲᠠ ᠵᠢᠨ ᠬᠡᠯᠪᠡᠷᠢ ᠵᠢᠨ ᠡᠪᠡᠳᠴᠢᠲᠡᠨ᠎ᠤ ᠣᠷᠣ ᠵᠢᠨ ᠡᠵᠡᠯᠡᠬᠦ ᠬᠠᠷᠢᠴᠠᠯ 58.9% ᠪᠣᠯᠵᠤ ᠳᠡᠭᠡᠭᠰᠢᠯᠡᠪᠡ
 
            