ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
ᠮᠠᠨ᠎ᠤ ᠤᠷᠤᠨ᠎ᠤ ᠡᠪᠡᠰᠦᠨ᠎ᠤ ᠠᠵᠤ ᠦᠢ᠍ᠯᠡᠰ᠎ᠤᠨ ᠭᠠᠷᠤᠯᠲᠠ ᠦᠢ᠍ᠯᠡᠳᠬᠦᠨ᠎ᠤ ᠥᠷᠲᠡᠭ ᠴᠥᠮ ᠪᠥᠬᠥ ᠤᠯᠤᠰ᠎ᠤᠨ ᠲᠡᠷᠢᠬᠦᠯᠡᠵᠤ ᠪᠠᠢ᠌ᠨ᠎ᠠ
ᠨᠡᠶᠢᠲᠡᠯᠡᠭᠰᠡᠨ ᠴᠠᠭ᠄ 2024-07-03

    6 ᠳ᠋ᠤᠭ᠋ᠠᠷ ᠰᠠᠷ᠎ᠠ ᠵᠢᠨ 29᠎ᠤ ᠡᠳᠤᠷ ᠬᠤᠷᠠᠯᠳᠤᠭᠤᠯᠤᠬᠰᠠᠨ ᠪᠦᠬᠦ ᠤᠷᠤᠨ᠎ᠤ ᠨᠤᠳᠤᠭ ᠪᠡᠯᠴᠢᠬᠡᠷ᠎ᠤᠨ ᠠᠵᠢᠯ᠎ᠤᠨ ᠶᠠᠷᠢᠯᠴᠠᠬᠤ ᠬᠤᠷᠠᠯ ᠪᠠ  ᠡᠪᠡᠰᠤ ᠪᠡᠯᠴᠢᠭᠡᠷ᠎ᠤᠨ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠪᠣᠯᠣᠨ ᠡᠪᠡᠰᠦᠨ᠎ᠤ ᠠᠵᠤ ᠦᠢ᠍ᠯᠡᠰ᠎ᠤᠨ ᠠᠵᠢᠯ᠎ᠢ ᠠᠬᠢᠭᠤᠯᠬᠤ ᠬᠤᠷᠠᠯ᠎ᠠᠴᠠ ᠣᠢ᠌ᠯᠠᠭ᠋ᠠᠭᠰᠠᠨ ᠵᠢᠡᠷ 2023 ᠣᠨ᠎ᠳᠤ ᠪᠦᠬᠦ ᠣᠷᠣᠨ᠎ᠤ ᠡᠪᠡᠰᠦᠨ ᠦᠷ᠎ᠡ ᠵᠢ ᠪᠣᠢ᠌ᠵᠢᠭᠤᠯᠬᠤ ᠰᠠᠭᠤᠷᠢᠨ᠎ᠤ ᠲᠠᠯᠠᠪᠠᠢ 26.5 ᠲᠦᠮᠡᠨ ᠮᠦ᠍᠎ᠳᠤ ᠬᠦᠷᠴᠦ᠂ ᠵᠢᠯ᠎ᠤᠨ ᠦᠷ᠎ᠡ ᠪᠣᠢ᠌ᠵᠢᠭᠤᠯᠬᠤ ᠴᠢᠳᠠᠪᠤᠷᠢ 500 ᠲᠦᠮᠡᠨ ᠺᠢᠯᠣᠭ᠌ᠷᠠᠮ᠎ᠢ ᠳᠠᠪᠠᠵᠤ᠂ ᠲᠠᠷᠢᠮᠠᠯ ᠡᠪᠡᠰᠦ 2172 ᠲᠦᠮᠡᠨ ᠮᠦ᠍᠂ ᠡᠯ᠎ᠡ ᠲᠦᠷᠦᠯ᠎ᠤᠨ ᠲᠡᠵᠢᠭᠡᠯ ᠡᠪᠡᠰᠦᠨ᠎ᠤ ᠭᠠᠷᠤᠯᠲᠠ 7543 ᠲᠦᠮᠡᠨ ᠲᠣᠨ ᠂ ᠡᠪᠡᠰᠦᠨ᠎ᠤ ᠠᠵᠤ ᠦᠢ᠍ᠯᠡᠰ᠎ᠤᠨ ᠬᠡᠯᠬᠢᠶ᠎ᠡ ᠵᠢᠨ ᠦᠢ᠍ᠯᠡᠳᠬᠦᠨ᠎ᠤ ᠦᠷᠳᠡᠭ 802.1 ᠳ᠋ᠦᠩᠰᠢᠭᠤᠷ ᠲᠥᠭᠥᠷᠢᠭ᠎ᠲᠤ ᠬᠦᠷᠴᠦ᠂ ᠭᠠᠷᠤᠯᠲᠠ᠂ ᠦᠢ᠍ᠯᠡᠳᠬᠦᠨ᠎ᠤ ᠦᠷᠳᠡᠭ ᠴᠥᠮ ᠪᠦᠬᠦ ᠤᠯᠤᠰ᠎ᠤᠨ ᠲᠡᠷᠢᠭᠦᠨ᠎ᠳᠤ ᠣᠷᠣᠪᠠ᠃
    ᠦᠨᠤ ᠵᠢᠯ ᠮᠠᠨ᠎ᠤ ᠤᠷᠤᠨ ᠭᠤᠷᠪᠠᠨ ᠤᠮᠠᠷᠠᠲᠤ ᠵᠢᠨ ᠵᠢᠷᠭᠤᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠲᠦᠷᠭᠡᠳᠬᠡᠵᠦ᠂ ᠨᠤᠲᠤᠭ ᠪᠡᠯᠴᠢᠭᠡᠷ᠎ᠤᠨ ᠬᠡᠲᠦ ᠮᠠᠯᠵᠢᠯ᠎ᠤᠨ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ ᠠᠵᠢᠯ᠎ᠢ ᠠᠬᠢᠭᠤᠯᠵᠤ᠂ ᠡᠪᠡᠰᠦᠨ᠎ᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠤᠨ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠰᠡᠷᠭᠦᠭᠡᠯᠲᠡ ᠵᠢ ᠦᠷᠭᠦᠯᠵᠢᠯᠡᠨ ᠠᠬᠢᠭᠤᠯᠵᠤ᠂ ᠨᠤᠲᠤᠭ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠢ ᠰᠡᠷᠭᠡᠢ᠌ᠯᠡᠨ ᠡᠵᠡᠮᠳᠡᠬᠦ ᠵᠢ ᠴᠢᠩᠭ᠋ᠠᠳᠬᠠᠪᠠ᠃ ᠪᠥᠬᠥ ᠣᠷᠣᠨ᠎ᠳᠤ 7.31 ᠳ᠋ᠦᠩᠰᠢᠭᠤᠷ ᠮᠦ᠍ ᠦᠨᠳᠦᠰᠦᠨ ᠨᠤᠲᠤᠭ ᠪᠡᠯᠴᠢᠭᠡᠷ᠎ᠢ ᠬᠤᠪᠢᠶᠠᠷᠢᠯᠠᠨ ᠲᠣᠭᠲᠠᠭ᠋ᠠᠵᠤ  ᠲᠤᠬᠢᠷᠠᠭᠤᠯᠪᠠ᠃ 6 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ  ᠪᠥᠬᠥ ᠣᠷᠣᠨ᠎ᠳᠤ ᠡᠪᠡᠰᠦ ᠳᠠᠷᠢᠵᠤ ᠨᠤᠳᠤᠭ ᠪᠡᠯᠴᠢᠬᠡᠷ᠎ᠢ ᠰᠠᠢ᠌ᠵᠢᠷᠠᠭᠤᠯᠬᠤ ᠡᠭᠦᠷᠭᠡ ᠵᠢ 791.9 ᠲᠦᠮᠡᠨ ᠮᠦ᠍᠂ 50 ᠲᠦᠮᠡᠨ ᠮᠦ᠍ ᠲᠠᠴᠢᠷᠳᠠᠵᠤ ᠡᠯᠡᠰᠦᠵᠢᠭᠰᠡᠨ ᠲᠡᠵᠢᠬᠡᠯ ᠡᠪᠡᠰᠦ ᠪᠡᠯᠴᠢᠭᠡᠷ᠎ᠢ ᠵᠠᠰᠠᠨ ᠰᠡᠷᠭᠦᠭᠡᠬᠦ ᠡᠭᠦᠷᠭᠡ ᠵᠢ ᠪᠡᠶᠡᠯᠡᠭᠦᠯᠵᠦ᠂ 92.19 ᠲᠦᠮᠡᠨ ᠮᠦ᠍  ᠲᠠᠴᠢᠷ ᠪᠡᠯᠴᠢᠬᠡᠷ᠎ᠤᠨ ᠡᠪᠡᠰᠦ ᠪᠡᠯᠴᠢᠭᠡᠷ᠎ᠢ ᠰᠠᠢ᠌ᠵᠢᠷᠠᠭᠤᠯᠬᠤ ᠪᠠ ᠪᠤᠲᠠ ᠮᠣᠳᠣᠨ᠎ᠤ ᠣᠶ ᠳᠠᠷᠢᠵᠤ  ᠲᠠᠴᠷᠢ ᠭᠠᠵᠠᠷ᠎ᠲᠤ ᠡᠪᠡᠰᠤ ᠳᠠᠷᠢᠬᠤ ᠡᠭᠦᠷᠭᠡ ᠵᠢ ᠪᠡᠶᠡᠯᠡᠭᠦᠯᠵᠦ᠂ ᠲᠠᠯ᠎ᠠ ᠨᠤᠲᠤᠭ᠎ᠤᠨ ᠬᠤᠯᠤᠭ᠋ᠠᠨ᠎ᠠ ᠪᠠ ᠬᠣᠷᠣᠬᠠᠢ ᠵᠢᠨ ᠬᠥᠨᠥᠭᠡᠯ᠎ᠢ ᠰᠡᠷᠭᠡᠢ᠌ᠯᠡᠨ ᠵᠠᠰᠠᠬᠤ ᠲᠠᠯ᠎ᠠ᠎ᠪᠠᠷ 3377.38 ᠲᠦᠮᠡᠨ ᠮᠦ᠍ ᠪᠠᠢ᠌ᠨ᠎ᠠ᠃
    ᠬᠤᠷᠠᠯ ᠲᠡᠬᠡᠷ᠎ᠡ᠄ 《ᠡᠯ᠎ᠡ ᠭᠠᠵᠠᠷ᠎ᠤᠨ ᠤᠢ ᠰᠢᠭᠤᠢ ᠡᠪᠡᠰᠦ ᠪᠡᠯᠴᠢᠭᠡᠷ᠎ᠤᠨ ᠰᠠᠯᠠᠭ᠎ᠠ ᠮᠥᠴᠢᠷ᠎ᠤᠨ᠎ᠬᠢᠨ ᠡᠪᠡᠰᠤ ᠪᠡᠯᠴᠢᠭᠡᠷ᠎ᠤᠨ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ᠎ᠪᠠᠷ ᠭᠣᠣᠯᠳᠠᠭᠤᠯᠵᠤ ᠬᠠᠷᠢᠭᠤᠴᠠᠯᠭ᠎ᠠ ᠵᠢ ᠲᠠᠰᠤᠷᠠᠯᠲᠠ ᠦᠭᠡᠢ ᠪᠣᠳᠠᠲᠠᠢ᠌ᠵᠢᠭᠤᠯᠵᠤ᠂ ᠡᠪᠡᠰᠦ ᠪᠡᠯᠴᠢᠭᠡᠷ᠎ᠢ ᠰᠠᠢ᠌ᠲᠤᠷ ᠪᠣᠢ᠌ᠵᠢᠭᠤᠯᠬᠤ ᠮᠥᠷᠲᠡᠭᠡᠨ ᠮᠠᠯ ᠤᠨᠤᠭ᠎ᠠ ᠵᠢ ᠴᠤ᠌ ᠰᠠᠢ᠌ᠲᠤᠷ ᠬᠠᠮᠢᠶᠠᠷᠬᠤ ᠵᠢᠨ ᠬᠠᠮᠲᠤ ᠲᠡᠷᠢᠭᠦᠨ᠎ᠤ ᠲᠤᠷᠰᠢᠯᠭ᠎ᠠ ᠵᠢ ᠴᠠᠭ ᠲᠤᠬᠠᠢ᠎ᠳᠤ᠎ᠨᠢ ᠳᠡᠯᠭᠡᠷᠡᠭᠦᠯᠵᠦ᠂ ᠨᠡᠢ᠌ᠲᠡᠯᠢᠭ ᠵᠢᠱ᠌ᠢᠶ᠎ᠡ᠎ᠪᠠᠷ ᠨᠤᠲᠤᠭ ᠪᠡᠯᠴᠢᠭᠡᠷ᠎ᠤᠨ ᠮᠠᠯ ᠪᠡᠯᠴᠢᠭᠡᠷ᠎ᠤᠨ ᠠᠰᠠᠭᠤᠳᠠᠯ᠎ᠢ ᠪᠦᠬᠦ ᠲᠠᠯ᠎ᠠ᠎ᠪᠠᠷ ᠰᠢᠢ᠍ᠳᠪᠦᠷᠢᠯᠡᠬᠦ᠎ᠳᠤ ᠪᠠᠲᠤ ᠪᠡᠬᠢ ᠰᠠᠭᠤᠷᠢ ᠲᠠᠯᠪᠢᠬᠤ ᠬᠡᠷᠡᠭᠲᠡᠢ᠃ ᠠᠳᠠᠯᠢ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠪᠠ ᠮᠡᠳᠡᠭᠡ ᠵᠠᠩᠭᠢ ᠵᠢ  ᠬᠤᠪᠢᠶᠠᠯᠴᠠᠬᠤ ᠠᠵᠢᠯ᠎ᠢ ᠴᠢᠩᠭ᠋ᠠᠳᠬᠠᠵᠤ᠂ ᠲᠣᠰ ᠬᠠᠷᠢᠶ᠎ᠠ ᠣᠷᠣᠨ᠎ᠤ᠎ᠪᠠᠨ ᠡᠪᠡᠰᠦᠨ᠎ᠤ ᠠᠵᠤ ᠦᠢ᠍ᠯᠡᠰ᠎ᠤᠨ ᠪᠠᠢ᠌ᠳᠠᠯ᠎ᠢ ᠴᠠᠭ ᠲᠤᠬᠠᠢ᠎ᠳᠤ᠎ᠨᠢ ᠲᠣᠬᠢᠷᠠᠭᠤᠯᠤᠨ ᠡᠵᠡᠮᠰᠢᠵᠦ᠂ ᠡᠪᠡᠰᠦᠨ᠎ᠤ ᠠᠵᠤ ᠦᠢ᠍ᠯᠡᠰ᠎ᠤᠨ ᠠᠵᠤ ᠠᠬᠤᠢ᠌ᠯᠠᠯ᠎ᠲᠠᠢ ᠬᠠᠷᠢᠯᠴᠠᠵᠤ ᠦᠢ᠍ᠯᠡᠴᠢᠯᠡᠬᠦ ᠪᠠᠢ᠌ᠩᠭᠤ ᠵᠢᠨ ᠰᠢᠰᠲᠸᠮ᠎ᠢ ᠪᠠᠢ᠌ᠭᠤᠯᠵᠤ᠂ ᠲᠣᠭ᠎ᠠ᠂ ᠪᠠᠢ᠌ᠳᠠᠯ ᠡᠴᠤᠰ᠎ᠲᠤ᠎ᠨᠢ ᠲᠤᠯᠳᠠᠯ᠎ᠠ ᠲᠤᠳᠤᠷᠬᠠᠢ ᠪᠤᠯᠭ᠋ᠠᠬᠤ ᠬᠡᠷᠡᠭᠳᠡᠢ》》 ᠭᠡᠵᠤ ᠱᠠᠭ᠋ᠠᠷᠳᠠᠬᠰᠠᠨ᠎ᠤ ᠬᠠᠮᠲᠤ ᠤᠯᠤᠰ᠎ᠤᠨ ᠨᠤᠲᠤᠭ ᠪᠡᠯᠴᠢᠭᠡᠷ᠎ᠤᠨ ᠨᠥᠬᠥᠪᠦᠷᠢ ᠱᠠᠩᠨᠠᠯ᠎ᠤᠨ ᠪᠡᠯᠡ ᠮᠥᠩᠭᠥ ᠵᠢᠨ ᠲᠠᠷᠬᠠᠭ᠋ᠠᠯᠲᠠ ᠵᠢ ᠤᠯᠠᠮ ᠵᠢᠷᠤᠮᠵᠢᠭᠤᠯᠬᠤ ᠪᠠ ᠭᠠᠩ ᠬᠠᠭᠰᠠᠷᠠᠭ᠋ᠠᠨ᠎ᠲᠠᠢ ᠲᠡᠮᠡᠴᠡᠵᠦ ᠭᠠᠮᠰᠢᠭ᠎ᠠᠴᠠ ᠠᠪᠤᠷᠠᠬᠤ ᠡᠪᠡᠰᠦ ᠪᠣᠷᠳᠣᠭ᠎ᠠ ᠵᠢᠨ ᠬᠠᠩᠭ᠋ᠠᠯᠭ᠎ᠠ ᠵᠢ ᠪᠠᠲᠤᠯᠠᠬᠤ ᠠᠵᠢᠯ᠎ᠢ ᠴᠢᠷᠮᠠᠢ᠌ᠨ ᠰᠠᠢ᠌ᠲᠤᠷ ᠬᠢᠬᠦ ᠲᠤᠬᠠᠢ  ᠪᠠᠢ᠌ᠷᠢᠯᠠᠭᠤᠯᠪᠠ᠃






   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠨᠤ ᠵᠢᠯ᠎ᠤᠨ ᠮᠠᠨ᠎ᠤ ᠤᠷᠤᠨ᠎ᠤ ᠠᠵᠤ ᠠᠬᠤᠢ᠌ᠯᠠᠯ᠎ᠳᠤ ᠠᠰᠢᠭ ᠬᠦᠷᠲᠡᠭᠡᠬᠦ 8.68 ᠳ᠋ᠦᠩᠰᠢᠭᠤᠷ ᠲᠥᠭᠥᠷᠢᠭ ᠲᠦᠷᠦᠭᠦᠸ᠋ ᠪᠦᠯᠦᠭ ᠪᠡᠯᠡ ᠮᠥᠩᠭᠥ 921 ᠠᠵᠤ ᠠᠬᠤᠢ᠌ᠯᠠᠯ᠎ᠳᠤ ᠰᠢᠭᠤᠳ ᠭᠦᠷᠦᠨ᠎ᠡ
 
            