ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
ᠦᠨᠤ ᠵᠢᠯ᠎ᠤᠨ ᠮᠠᠨ᠎ᠤ ᠤᠷᠤᠨ᠎ᠤ ᠠᠵᠤ ᠠᠬᠤᠢ᠌ᠯᠠᠯ᠎ᠳᠤ ᠠᠰᠢᠭ ᠬᠦᠷᠲᠡᠭᠡᠬᠦ 8.68 ᠳ᠋ᠦᠩᠰᠢᠭᠤᠷ ᠲᠥᠭᠥᠷᠢᠭ ᠲᠦᠷᠦᠭᠦᠸ᠋ ᠪᠦᠯᠦᠭ ᠪᠡᠯᠡ ᠮᠥᠩᠭᠥ 921 ᠠᠵᠤ ᠠᠬᠤᠢ᠌ᠯᠠᠯ᠎ᠳᠤ ᠰᠢᠭᠤᠳ ᠭᠦᠷᠦᠨ᠎ᠡ
ᠨᠡᠶᠢᠲᠡᠯᠡᠭᠰᠡᠨ ᠴᠠᠭ᠄ 2024-06-27

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠬᠠᠮᠤᠭ᠎ᠤᠨ ᠰᠢᠨ᠎ᠡ ᠮᠡᠳᠡᠭᠡ᠄  ᠮᠠᠨ᠎ᠤ ᠤᠷᠤᠨ᠎ᠤ ᠠᠵᠤ ᠠᠬᠤᠢ᠌ᠯᠠᠯ᠎ᠳᠤ ᠠᠰᠢᠭ ᠬᠦᠷᠲᠡᠭᠡᠬᠦ 8.68 ᠳ᠋ᠦᠩᠰᠢᠭᠤᠷ ᠲᠥᠭᠥᠷᠢᠭ ᠲᠦᠷᠦᠭᠦᠸ᠋ ᠪᠦᠯᠦᠭ ᠪᠡᠯᠡ ᠮᠥᠩᠭᠥ ᠵᠢ 2024 ᠣᠨ᠎ᠳᠤ ᠣᠲᠣ ᠪᠣᠯᠲᠠᠯ᠎ᠠ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠠᠴᠠ ᠪᠥᠬᠥ ᠣᠷᠣᠨ᠎ᠤ 921 ᠠᠵᠤ ᠠᠬᠤᠢ᠌ᠯᠠᠯ᠎ᠳᠤ ᠰᠢᠭᠤᠳ ᠥᠭᠴᠦ᠂ ᠭᠣᠣᠯᠳᠠᠭᠤ ᠳᠣᠲᠣᠭ᠋ᠠᠳᠤ ᠠᠷᠠᠯᠵᠢᠶ᠎ᠠ ᠵᠢᠨ ᠭᠦᠢ᠍ᠯᠭᠡᠭᠡ᠂ ᠭᠠᠳᠠᠭ᠋ᠠᠳᠤ ᠠᠵᠤ ᠠᠬᠤᠢ ᠠᠷᠠᠯᠵᠢᠶ᠎ᠠ ᠪᠠ ᠠᠵᠤ ᠦᠢ᠍ᠯᠡᠳᠪᠦᠷᠢ ᠵᠡᠷᠭᠡ ᠬᠦᠷᠢᠶ᠎ᠡ ᠴᠠᠷᠠᠭ᠎ᠠ᠎ᠳᠤ᠎ᠬᠢ 1170 ᠲᠥᠷᠥᠯ ᠵᠦᠢ᠍ᠯ᠎ᠤᠨ ᠬᠥᠭᠵᠢᠯᠲᠡ ᠵᠢ ᠳᠡᠮᠵᠢᠬᠦ᠎ᠳᠤ ᠬᠡᠷᠡᠭᠯᠡᠭᠰᠡᠨ ᠪᠠᠢ᠌ᠨ᠎ᠠ᠃
    ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ᠎ᠢ ᠤᠯᠠᠮ ᠰᠢᠯᠢᠳᠡᠭᠵᠢᠭᠦᠯᠬᠦ ᠵᠢᠨ ᠲᠥᠯᠥᠭᠡ᠂ ᠮᠠᠨ᠎ᠤ ᠣᠷᠣᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠠᠬᠢᠭᠤᠯᠵᠤ᠂ 2023 ᠣᠨ᠎ᠤ 8 ᠰᠠᠷ᠎ᠠ᠎ᠠᠴᠠ ᠨᠠᠭ᠋ᠠᠰᠢ᠂ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠭᠣᠣᠯ ᠴᠣᠭᠴᠠ ᠪᠠ 《ᠮᠡᠳᠡᠭᠡ ᠵᠠᠩᠭᠢ ᠵᠢ ᠢᠯᠡᠭᠦᠬᠡᠨ ᠭᠦᠶᠦᠯᠭᠡᠵᠦ᠂ ᠠᠵᠤ ᠠᠬᠤᠢ᠌ᠯᠠᠯ᠎ᠢ ᠳᠤᠲᠠᠭᠤ ᠭᠦᠶᠦᠯᠭᠡᠬᠦ》 ᠵᠠᠷᠴᠢᠮ ᠶᠣᠰᠣᠭ᠋ᠠᠷ ᠥᠪᠡᠷᠲᠡᠭᠡᠨ ᠵᠠᠰᠠᠬᠤ ᠣᠷᠣᠨ ᠲᠣᠭ᠋ᠠᠴᠢᠯᠠᠭᠰᠠᠨ ᠡᠳ᠋᠎ᠤᠨ ᠵᠠᠰᠠᠭ᠎ᠲᠤ ᠰᠠᠭᠤᠷᠢᠯᠠᠨ᠂ ᠣᠲᠣ ᠵᠢᠨ ᠪᠠᠢ᠌ᠭ᠎ᠠ ᠲᠤᠬᠠᠢ᠌ᠯᠠᠭᠰᠠᠨ ᠠᠵᠢᠯ ᠵᠶ᠋ᠠᠨ ᠳᠠᠬᠢᠨ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠥᠷᠥᠯ ᠵᠦᠢ᠍ᠯ᠎ᠤᠨ ᠬᠥᠮᠥᠷᠭᠡ ᠪᠠ ᠲᠥᠰᠥᠪ᠎ᠤᠨ ᠬᠠᠮᠢᠶᠠᠷᠤᠯᠲᠠ ᠵᠢ ᠨᠢᠭᠡ ᠴᠣᠭᠴᠠᠵᠢᠭᠤᠯᠬᠤ ᠰᠢᠰᠲ᠋ᠧᠮ ᠵᠶ᠋ᠡᠷ ᠳᠠᠮᠵᠢᠭᠤᠯᠤᠨ ᠪᠦᠲᠦᠮᠵᠢᠲᠡᠶ ᠵᠣᠯᠭ᠋ᠠᠭᠤᠯᠵᠤ᠂ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠪᠡᠯᠡ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠲᠠᠰ ᠳᠠᠪᠬᠤᠷᠭ᠎ᠠ᠎ᠠᠴᠠ ᠠᠵᠤ ᠠᠬᠤᠢ᠌ᠯᠠᠯ᠎ᠳᠤ ᠰᠢᠭᠤᠳ ᠬᠦᠷᠭᠡᠬᠦ ᠵᠢ ᠪᠡᠶᠡᠯᠡᠭᠦᠯᠪᠡ᠃ ᠠᠵᠤ ᠠᠬᠤᠢ᠌ᠯᠠᠯ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠥᠷᠥᠯ ᠵᠦᠢ᠍ᠯ᠎ᠤᠨ ᠬᠥᠮᠥᠷᠭᠡ᠎ᠪᠠᠷ ᠳᠡᠮᠵᠢᠨ ᠲᠥᠷᠥᠯ ᠵᠦᠢ᠍ᠯ ᠵᠶ᠋ᠡᠨ ᠰᠢᠭᠤᠳ ᠮᠡᠳᠡᠭᠦᠯᠵᠦ᠂ ᠱᠠᠲᠤ ᠳᠠᠷᠠᠭ᠋ᠠᠯᠠᠨ ᠬᠢᠨᠠᠨ ᠬᠠᠷᠭᠤᠭᠤᠯᠬᠤ᠎ᠪᠠᠷ ᠳᠡᠮᠵᠢᠨ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠬᠤ᠎ᠠᠴᠠ ᠬᠥᠮᠥᠷᠭᠡ᠎ᠳᠤ ᠣᠷᠣᠭᠤᠯᠬᠤ᠂ ᠲᠥᠰᠥᠪ᠎ᠢ ᠨᠠᠢ᠌ᠷᠠᠭᠤᠯᠤᠨ ᠵᠣᠬᠢᠶᠠᠬᠤ ᠪᠠ ᠲᠥᠷᠥᠯ ᠵᠦᠢ᠍ᠯ᠎ᠤᠨ ᠪᠡᠯᠡ ᠮᠥᠩᠭᠥ ᠵᠢ ᠪᠠᠭᠤᠯᠭ᠋ᠠᠬᠤ᠂ ᠲᠥᠷᠥᠯ ᠵᠦᠢ᠍ᠯ᠎ᠤᠨ ᠪᠡᠯᠡ ᠮᠥᠩᠭᠥ ᠵᠢ ᠬᠢᠨᠠᠨ ᠬᠠᠮᠢᠶᠠᠷᠬᠤ ᠵᠡᠷᠭᠡ ᠪᠥᠬᠥ  ᠶᠠᠪᠤᠴᠨ ᠵᠢᠨ ᠬᠥᠳᠡᠯᠦᠩᠭᠦᠢ ᠬᠠᠮᠢᠶᠠᠷᠤᠯᠲᠠ ᠵᠢ ᠪᠡᠶᠡᠯᠡᠭᠦᠯᠵᠦ᠂ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠪᠡᠯᠡ ᠮᠥᠩᠭᠥ ᠵᠢᠨ ᠰᠠᠭ᠋ᠠᠳ ᠦᠭᠡᠢ ᠨᠡᠪᠲᠡᠷᠡᠬᠦ ᠵᠠᠮ᠎ᠢ ᠨᠡᠭᠡᠭᠡᠵᠦ᠂ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠬᠦ᠂ ᠠᠵᠤ ᠠᠬᠤᠢ᠌ᠯᠠᠯ᠎ᠤᠨ ᠠᠰᠢᠭ ᠭᠥᠷᠳᠡᠭᠰᠡᠨ ᠲᠥᠷᠥᠭᠳᠡᠯ᠎ᠢ ᠨᠡᠮᠡᠭᠳᠡᠭᠦᠯᠬᠦ ᠪᠠ ᠠᠵᠤ ᠠᠬᠤᠢ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠢᠳᠡᠪᠬᠢᠲᠡᠢ ᠪᠥᠭᠡᠳ ᠠᠯᠤᠰ ᠬᠡᠲᠦ ᠵᠢᠨ ᠨᠥᠯᠥᠭᠡ᠎ᠲᠠᠢ ᠶᠤᠮ᠃
    

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ᠎ᠤ ᠡᠪᠡᠰᠦᠨ᠎ᠤ ᠠᠵᠤ ᠦᠢ᠍ᠯᠡᠰ᠎ᠤᠨ ᠭᠠᠷᠤᠯᠲᠠ ᠦᠢ᠍ᠯᠡᠳᠬᠦᠨ᠎ᠤ ᠥᠷᠲᠡᠭ ᠴᠥᠮ ᠪᠥᠬᠥ ᠤᠯᠤᠰ᠎ᠤᠨ ᠲᠡᠷᠢᠬᠦᠯᠡᠵᠤ ᠪᠠᠢ᠌ᠨ᠎ᠠ
ᠮᠠᠨ᠎ᠤ ᠤᠷᠤᠨ᠎ᠤ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ ᠪᠥᠬᠥ ᠤᠯᠤᠰ᠎ᠤᠨ ᠳᠤᠮᠳᠠᠴᠢ ᠲᠦᠪᠰᠢᠨ᠎ᠠᠴᠠ ᠲᠠᠪᠠᠪᠠ
ᠤᠨᠳᠤᠷᠤᠯᠳᠠ ᠵᠢᠨ ᠨᠣᠷᠮ᠎ᠠ 98% ᠵᠢ ᠲᠠᠪᠠᠭ᠋ᠠᠳ ᠮᠠᠨ᠎ᠤ ᠤᠷᠤᠨ᠎ᠤ᠎ᠬᠢᠨ ᠲᠦᠷᠤᠬᠦᠤ ᠤᠯᠠᠷᠢᠯ᠎ᠳᠤ 3077 ᠲᠦᠮᠡᠨ ᠪᠤᠳᠠ ᠪᠤᠭ ᠮᠠᠯ᠎ᠤᠨ ᠲᠦᠯ ᠲᠤᠰᠤᠯ᠎ᠠ
ᠮᠠᠨ᠎ᠤ ᠤᠷᠤᠨ᠎ᠤ ᠭᠤᠷᠪᠠᠨ ᠭᠠᠵᠠᠷ ᠳᠤᠮᠳᠠᠳᠤ ᠤᠯᠤᠰ᠎ᠤᠨ 2024 ᠣᠨ᠎ᠤ ᠵᠠᠭᠤᠨ ᠬᠦᠴᠦᠷᠬᠡᠭ ᠰᠢᠶᠠᠨ᠎ᠤ ᠨᠡᠷᠡᠰ᠎ᠲᠤ ᠵᠢᠬᠰᠠᠭ᠋ᠠᠬᠳᠠᠯ᠎ᠠ
ᠮᠠᠨ᠎ᠤ ᠤᠷᠤᠨ᠎ᠤ᠎ᠬᠢᠨ 11 ᠲᠥᠷᠥ ᠵᠢᠨ ᠪᠣᠳᠣᠯᠭ᠎ᠠ᠎ᠪᠠᠷ ᠡᠪᠡᠰᠦᠨ᠎ᠤ ᠠᠵᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠵᠤ ᠪᠠᠢ᠌ᠨ᠎ᠠ
 
            