ᠪᠥᠬᠥ ᠤᠯᠤᠰ᠎ᠤᠨ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷ᠎ᠡ᠎ᠠᠴᠠ ᠣᠢ᠌ᠯᠠᠭ᠋ᠠᠭᠰᠠᠨ ᠵᠶ᠋ᠡᠷ 2023 ᠣᠨ᠎ᠳᠤ ᠮᠠᠨ᠎ᠤ ᠣᠷᠣᠨ᠎ᠤ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠩ᠎ᠤᠨ ᠤᠰᠤ ᠠᠷᠪᠢᠯᠠᠬᠤ ᠴᠢᠳᠠᠪᠤᠷᠢ 3.73 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠪᠦᠲᠦᠮᠵᠢᠲᠡᠶ ᠠᠰᠢᠭᠯᠠᠯᠲᠠ ᠵᠢᠨ ᠢᠯᠡᠳᠬᠡᠮᠵᠢ 0.583᠎ᠳᠤ ᠬᠦᠷᠴᠦ᠂ ᠪᠥᠬᠥ ᠤᠯᠤᠰ᠎ᠤᠨ ᠳᠤᠮᠳᠠᠴᠢ ᠲᠦᠪᠰᠢᠨ᠎ᠠᠴᠠ ᠥᠨᠳᠥᠷ ᠪᠣᠯᠵᠠᠢ᠃ ᠪᠥᠬᠥ ᠣᠷᠣᠨ᠎ᠤ 73 ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠳᠤ ᠰᠢᠨ᠎ᠡ ᠨᠢᠭᠡ ᠡᠭᠡᠯᠵᠢ ᠵᠢᠨ ᠲᠣᠭᠲᠠᠮᠠᠯ ᠦᠨ᠎ᠡ ᠵᠢᠨ ᠲᠣᠬᠢᠷᠠᠭᠤᠯᠤᠯᠲᠠ ᠵᠢ ᠪᠡᠶᠡᠯᠡᠭᠦᠯᠦᠭᠰᠡᠨ ᠪᠥᠭᠡᠳ ᠤᠰᠤ ᠲᠠᠲᠠᠬᠤ ᠠᠮᠠᠰᠠᠷ᠎ᠢ ᠰᠦᠯᠵᠢᠶ᠎ᠡ᠎ᠪᠠᠷ ᠬᠡᠮᠵᠢᠬᠦ ᠵᠢ ᠪᠡᠶᠡᠯᠡᠭᠦᠯᠵᠦ᠂ 65 ᠲᠦᠮᠡᠨ ᠲᠠᠷᠢᠶᠠᠯᠠᠩ᠎ᠤᠨ ᠤᠰᠤᠯᠠᠯᠲᠠ ᠵᠢᠨ ᠮᠠᠰᠢᠨ ᠴᠠᠬᠢᠯᠭ᠋ᠠᠨ᠎ᠤ ᠬᠤᠳᠳᠤᠭ᠎ᠲᠤ 《ᠴᠠᠬᠢᠯᠭ᠋ᠠᠨ ᠵᠶ᠋ᠠᠷ ᠤᠰᠤᠨ᠎ᠤ ᠦᠨ᠎ᠡ ᠵᠢ ᠨᠤᠭᠤᠯᠵᠤ ᠪᠤᠳᠤᠬᠤ》 ᠬᠡᠮᠵᠢᠯᠲᠡ ᠵᠢ ᠪᠡᠶᠡᠯᠡᠭᠦᠯᠪᠡ᠃ ᠪᠥᠬᠥ ᠣᠷᠣᠨ᠎ᠳᠤ 4665.7 ᠲᠦᠮᠡᠨ ᠮᠦ᠍ ᠲᠠᠷᠢᠶᠠᠨ ᠭᠠᠵᠠᠷ᠎ᠤᠨ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠲᠠᠭᠤᠰᠬᠠᠨ᠂ ᠥᠭᠡᠷᠡᠴᠢᠯᠡᠯᠲᠡ ᠵᠢᠨ ᠡᠭᠦᠷᠭᠡ᠎ᠪᠠᠨ 1 ᠵᠢᠯ ᠤᠷᠢᠳᠴᠢᠯᠠᠨ ᠪᠡᠶᠡᠯᠡᠬᠦᠯᠪᠡ᠃
ᠥᠪᠡᠷᠲᠡᠭᠡᠨ ᠵᠠᠰᠠᠬᠤ ᠣᠷᠣᠨ ᠲᠣᠭᠲᠠᠴᠠ ᠵᠢᠨ ᠪᠠᠢ᠌ᠭᠤᠯᠤᠮᠵᠢ ᠵᠢ ᠰᠢᠯᠤᠭᠤᠳᠬᠠᠬᠤ᠂ ᠰᠠᠭᠤᠷᠢ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠂ ᠬᠣᠶᠠᠷ ᠲᠠᠯ᠎ᠠ᠎ᠪᠠᠷ ᠬᠦᠴᠦᠯᠡᠬᠦ ᠵᠢ ᠪᠠᠷᠢᠮᠲᠠᠯᠠᠬᠤ᠂ ᠣᠶᠤᠨᠴᠢ ᠬᠥᠭᠵᠢᠯᠲᠡ ᠵᠢ ᠰᠦᠪᠡᠭᠴᠢᠯᠡᠬᠦ ᠵᠡᠷᠭᠡ ᠠᠷᠭ᠎ᠠ᠎ᠪᠠᠷ ᠲᠠᠷᠢᠶᠠᠯᠠᠩ᠎ᠤᠨ ᠤᠰᠤ ᠬᠡᠷᠡᠭᠯᠡᠬᠦ ᠦᠷ᠎ᠡ ᠠᠰᠢᠭ᠎ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠲᠠᠷᠢᠶᠠᠯᠠᠩ᠎ᠤᠨ ᠤᠰᠤ ᠠᠷᠪᠢᠯᠠᠬᠤ ᠪᠣᠯᠣᠨ ᠠᠮᠤ ᠪᠤᠳᠠᠭ᠋ᠠᠨ᠎ᠤ ᠤᠨᠠᠯᠲᠠ ᠵᠢ ᠲᠣᠭᠲᠠᠪᠤᠷᠢᠵᠢᠭᠤᠯᠤᠨ ᠤᠨᠠᠯᠲᠠ ᠵᠢ ᠨᠡᠮᠡᠭᠳᠡᠭᠦᠯᠬᠦ ᠵᠢ ᠵᠣᠬᠢᠴᠠᠭᠤᠯᠤᠨ ᠬᠥᠭᠵᠢᠭᠦᠯᠬᠦ ᠵᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠠᠴᠠ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠡᠷᠦᠩᠬᠡᠢ ᠲᠥᠰᠥᠯ᠂ 《ᠨᠢᠭᠡ ᠠᠢ᠌ᠮᠠᠭ (ᠬᠣᠲᠠ)᠎ᠳᠤ ᠨᠢᠭᠡ ᠠᠷᠭ᠎ᠠ ᠪᠣᠳᠣᠯᠭ᠎ᠠ》᠂ 《ᠨᠡᠯᠤᠢ᠌ᠳᠠᠯᠠ ᠤᠰᠤᠯᠠᠬᠤ》 ᠠᠰᠠᠭᠤᠳᠠᠯ᠎ᠢ ᠰᠢᠢ᠍ᠳᠪᠦᠷᠢᠯᠡᠬᠦ ᠲᠤᠰᠬᠠᠢ ᠲᠥᠰᠥᠯ ᠪᠠ ᠪᠣᠷᠣᠳᠣᠬᠣᠢ ᠵᠢᠨ ᠤᠰᠤᠯᠠᠯᠲᠠ ᠵᠢᠨ ᠣᠷᠣᠨ᠎ᠤ ᠲᠠᠷᠢᠶᠠᠯᠠᠩ᠎ᠤᠨ ᠤᠰᠤ ᠠᠷᠪᠢᠯᠠᠬᠤ ᠵᠢ ᠱᠠᠩᠨᠠᠬᠤ ᠵᠡᠷᠭᠡ ᠰᠢᠷᠢᠰ ᠠᠷᠭ᠎ᠠ ᠵᠢ ᠨᠡᠢ᠌ᠲᠡᠯᠡᠵᠦ᠂ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠤᠰᠬᠠᠢ ᠳᠤᠭᠤᠢ᠌ᠯᠠᠩ᠎ᠢ ᠪᠠᠢ᠌ᠭᠤᠯᠵᠤ᠂ ᠤᠰᠤ ᠬᠡᠷᠡᠭᠯᠡᠬᠦ ᠦᠷ᠎ᠡ ᠪᠦᠲᠦᠮᠵᠢ ᠵᠢ ᠶᠡᠬᠡ᠎ᠪᠠᠷ ᠳᠡᠭᠡᠭᠰᠢᠯᠡᠭᠦᠯᠪᠡ᠃
ᠤᠷᠴᠢᠮ᠎ᠤᠨ 10 ᠵᠢᠯ᠎ᠳᠤ ᠮᠠᠨ᠎ᠤ ᠣᠷᠣᠨ 75 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ᠂ ᠲᠣᠮᠣ ᠳᠤᠮᠳᠠ ᠬᠡᠯᠪᠡᠷᠢ ᠵᠢᠨ 31 ᠤᠰᠤᠯᠠᠯᠲᠠ ᠵᠢᠨ ᠣᠷᠣᠨ᠎ᠳᠤ ᠣᠳᠣᠬᠢᠴᠢᠯᠠᠭᠰᠠᠨ ᠥᠭᠡᠷᠡᠴᠢᠯᠡᠯᠲᠡ ᠬᠢᠵᠦ᠂ ᠤᠰᠤᠯᠠᠯᠲᠠ ᠵᠢᠨ ᠲᠠᠯᠠᠪᠠᠶ ᠵᠢ 1697 ᠲᠦᠮᠡᠨ ᠮᠦ᠍ ᠰᠠᠢ᠌ᠵᠢᠷᠠᠭᠤᠯᠵᠤ᠂ ᠤᠰᠤ ᠠᠷᠪᠢᠯᠠᠬᠤ ᠴᠢᠳᠠᠪᠤᠷᠢ ᠵᠢ 6.1 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠨᠡᠮᠡᠭᠳᠡᠭᠦᠯᠦᠨ᠂ ᠠᠮᠤ ᠪᠤᠳᠠᠭ᠋ᠠᠨ᠎ᠤ ᠤᠨᠠᠯᠲᠠ ᠵᠢ 8 ᠳ᠋ᠦᠩᠰᠢᠭᠤᠷ ᠵᠢᠩ ᠨᠡᠮᠡᠭᠳᠡᠭᠦᠯᠵᠦ᠂ ᠤᠰᠤᠯᠠᠯᠲᠠ ᠵᠢᠨ ᠣᠷᠣᠨ᠎ᠤ ᠪᠠᠷᠢᠯᠭ᠎ᠠ ᠵᠢᠨ 60% ᠪᠦᠷᠢᠨ ᠪᠦᠲᠦᠨ ᠪᠠᠢ᠌ᠬᠤ ᠪᠠᠢ᠌ᠯᠭ᠋ᠠᠵᠤ᠂ ᠨᠢᠷᠤᠭᠤᠪᠴᠢ ᠰᠤᠪᠠᠭ᠎ᠤᠨ ᠤᠰᠤ ᠳᠠᠮᠵᠢᠭᠤᠯᠬᠤ ᠴᠢᠳᠠᠪᠤᠷᠢ ᠵᠢ 15%᠎ᠠᠴᠠ 20% ᠬᠦᠷᠲᠡᠯ᠎ᠡ ᠳᠡᠭᠡᠭᠰᠢᠯᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 5237 ᠲᠦᠮᠡᠨ ᠮᠦ᠍᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢ 3403 ᠲᠦᠮᠡᠨ ᠮᠦ᠍ ᠪᠠᠢ᠌ᠭᠤᠯᠵᠤ᠂ 2787 ᠲᠦᠮᠡᠨ ᠮᠦ᠍ ᠲᠠᠷᠢᠶᠠᠨ ᠭᠠᠵᠠᠷ᠎ᠲᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠮᠡᠷᠭᠡᠵᠢᠯ᠎ᠢ ᠬᠡᠷᠡᠭᠯᠡᠵᠤ᠂ ᠤᠰᠤ ᠵᠢ ᠶᠡᠬᠡ᠎ᠪᠠᠷ ᠬᠣᠷᠣᠭᠳᠠᠭᠤᠯᠬᠤ ᠲᠠᠷᠢᠮᠠᠯ᠎ᠢ 33 ᠲᠦᠮᠡᠨ ᠮᠦ᠍ ᠪᠠᠭ᠋ᠠᠰᠬᠠᠨ᠂ ᠭᠠᠩ᠎ᠳᠤ ᠲᠡᠰᠪᠦᠷᠢᠲᠡᠢ ᠲᠠᠷᠢᠮᠠᠯ᠎ᠢ 1100 ᠲᠦᠮᠡᠨ ᠮᠦ᠍ ᠳᠡᠯᠭᠡᠷᠡᠭᠦᠯᠪᠡ᠃
ᠥᠪᠡᠷᠲᠡᠭᠡᠨ ᠵᠠᠰᠠᠬᠤ ᠣᠷᠣᠨ᠎ᠠᠴᠠ 2021 ᠣᠨ᠎ᠠᠴᠠ ᠣᠲᠣ ᠪᠣᠯᠲᠠᠯ᠎ᠠ 3 ᠳ᠋ᠦᠩᠰᠢᠭᠤᠷ ᠰᠢᠬᠠᠮ ᠲᠥᠭᠥᠷᠢᠭ᠎ᠤᠨ ᠪᠡᠯᠡ ᠣᠷᠣᠭᠤᠯᠵᠤ᠂ ᠡᠯ᠎ᠡ ᠭᠠᠵᠠᠷ᠎ᠤᠨ ᠤᠰᠤ ᠠᠷᠪᠢᠯᠠᠭᠰᠠᠨᠤ ᠱᠠᠩᠨᠠᠯ ᠨᠥᠬᠥᠪᠦᠷᠢ ᠥᠷᠨᠢᠭᠦᠯᠬᠦ ᠵᠢ ᠳᠡᠮᠵᠢᠵᠦ᠂ ᠬᠠᠲᠤᠨ ᠭᠣᠣᠯ᠎ᠤᠨ ᠰᠠᠪᠠ ᠭᠠᠵᠠᠷ᠎ᠤᠨ ᠠᠢ᠌ᠮᠠᠭ ᠬᠣᠲᠠ ᠠᠯᠤᠰᠯᠠᠭᠰᠠᠨ ᠪᠠ ᠠᠢ᠌ᠮᠠᠭ ᠬᠣᠲᠠ ᠵᠢᠨ ᠬᠣᠭᠣᠷᠣᠨᠳᠣᠬᠢ ᠤᠰᠤᠨ᠎ᠤ ᠡᠷᠬᠡ ᠵᠢ ᠰᠢᠯᠵᠢᠭᠦᠯᠦᠨ ᠥᠭᠬᠦ ᠢᠨᠵᠧᠨᠧᠷᠢᠩ᠎ᠢ ᠠᠬᠢᠭᠤᠯᠵᠤ᠂ ᠲᠠᠷᠢᠶᠠᠯᠠᠩ᠎ᠳᠤ ᠬᠡᠷᠡᠭᠯᠡᠬᠦ ᠤᠰᠤᠨ᠎ᠤ ᠭᠦᠢ᠍ᠴᠡᠳᠬᠡᠯ ᠲᠣᠭ᠎ᠠ ᠵᠢ 4.76 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠯᠵᠢᠭᠦᠯᠦᠨ ᠥᠭᠪᠡ᠃ 2023 ᠣᠨ᠎ᠳᠤ ᠬᠠᠲᠤᠨ ᠭᠣᠣᠯ᠎ᠤᠨ ᠭᠣᠣᠯ ᠤᠷᠤᠰᠬᠠᠯ ᠤᠰᠤᠨ᠎ᠤ ᠡᠷᠬᠡ ᠵᠢᠨ ᠠᠢ᠌ᠮᠠᠭ ᠬᠣᠲᠠ ᠵᠢᠨ ᠬᠣᠭᠣᠷᠣᠨᠳᠤ ᠰᠢᠯᠵᠢᠭᠦᠯᠦᠨ ᠥᠭᠬᠦ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ ᠡᠬᠢᠯᠡᠭᠦᠯᠵᠦ᠂ ᠨᠡᠶ᠋ᠢᠲᠡ 23.13 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ᠂ ᠣᠳᠣᠬᠠᠨ᠎ᠳᠤ 13.21 ᠳ᠋ᠦᠩᠰᠢᠭᠤᠷ ᠲᠥᠭᠥᠷᠢᠭ᠎ᠤᠨ ᠪᠡᠯᠡ ᠤᠷᠤᠭᠤᠯᠵᠤ᠂ ᠢᠨᠵᠧᠨᠧᠷᠢᠩ᠎ᠢ ᠪᠠᠢ᠌ᠭᠤᠯᠵᠤ ᠳᠠᠭᠤᠰᠤᠭᠰᠠᠨ᠎ᠤ ᠳᠠᠷᠠᠭ᠎ᠠ ᠬᠠᠲᠤᠨ ᠭᠣᠣᠯ ᠳᠠᠭ᠋ᠠᠤ ᠠᠢ᠌ᠮᠠᠭ ᠬᠣᠲᠠ ᠵᠢᠨ 1.2 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠤᠨ ᠠᠵᠤ ᠦᠢ᠍ᠯᠡᠳᠪᠦᠷᠢ ᠵᠢᠨ ᠤᠰᠤ ᠬᠡᠷᠡᠭᠯᠡᠬᠦ ᠠᠰᠠᠭᠤᠳᠠᠯ᠎ᠢ ᠰᠢᠢ᠍ᠳᠪᠦᠷᠢᠯᠡᠵᠦ ᠪᠣᠯᠣᠨ᠎ᠠ᠃ 12 ᠳ᠋ᠦᠩᠰᠢᠭᠤᠷ ᠲᠥᠭᠥᠷᠢᠭ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ᠂ ᠲᠣᠮᠣ ᠳᠤᠮᠳᠠ ᠬᠡᠯᠪᠡᠷᠢ ᠵᠢᠨ 18 ᠤᠰᠤᠯᠠᠯᠲᠠ ᠵᠢᠨ ᠣᠷᠣᠨ᠎ᠳᠤ ᠮᠡᠳᠡᠭᠡ ᠵᠠᠩᠭᠢᠴᠢᠯᠠᠭᠰᠠᠨ ᠲᠣᠭ᠋ᠠᠵᠢᠭᠤᠯᠤᠭᠰᠠᠨ ᠪᠦᠲᠦᠭᠡᠨ ᠪᠠᠢ᠌ᠭᠤᠯᠤᠯᠲᠠ ᠵᠢ ᠥᠷᠨᠢᠭᠦᠯᠵᠦ᠂ ᠭᠣᠣᠯᠯᠠᠬᠤ ᠰᠤᠪᠠᠭ᠎ᠢ ᠬᠠᠮᠤᠷᠤᠭᠰᠠᠨ ᠤᠰᠤᠨ᠎ᠤ ᠲᠦᠪᠰᠢᠨ᠂ ᠤᠷᠤᠰᠬᠠᠯ᠎ᠤᠨ ᠬᠡᠮᠵᠢᠶ᠎ᠡ᠂ ᠸᠢᠳᠢᠤ᠋ ᠵᠡᠷᠭᠡ ᠲᠣᠭ᠎ᠠ ᠪᠠᠷᠢᠮᠲᠠ ᠴᠤᠭᠯᠠᠭᠤᠯᠬᠤ ᠰᠢᠰᠲᠸᠮ᠎ᠢ ᠠᠯᠬᠤᠮ ᠠᠯᠬᠤᠮ ᠵᠶ᠋ᠠᠷ ᠪᠠᠢ᠌ᠭᠤᠯᠤᠨ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ᠎ᠤᠨ ᠴᠠᠭ ᠬᠤᠭᠤᠴᠠᠭ᠎ᠠ ᠪᠠ ᠣᠷᠣᠨ ᠵᠠᠢ ᠵᠢᠨ ᠲᠣᠬᠢᠷᠠᠭᠤᠯᠤᠯᠲᠠ ᠵᠢᠨ ᠴᠢᠳᠠᠪᠤᠷᠢ ᠪᠣᠯᠣᠨ ᠤᠰᠤ ᠳᠠᠮᠵᠢᠭᠤᠯᠬᠤ ᠪᠠᠷᠢᠯᠭ᠎ᠠ ᠵᠢᠨ ᠠᠶᠤᠯ ᠦᠭᠡᠢ ᠵᠢ ᠪᠠᠲᠤᠯᠠᠬᠤ ᠴᠢᠳᠠᠪᠤᠷᠢ ᠵᠢ ᠲᠡᠭᠡᠭᠰᠢᠯᠡᠬᠦᠯᠪᠡ᠃
ᠡᠭᠦᠨ᠎ᠠᠴᠠ ᠭᠠᠳᠠᠨ᠎ᠠ ᠭᠠᠵᠠᠷ ᠳᠡᠭᠡᠷᠡᠬᠢ ᠤᠰᠤᠨ᠎ᠤ ᠤᠰᠤᠯᠠᠯᠲᠠ ᠵᠢᠨ ᠣᠷᠣᠨ᠎ᠤ ᠤᠰᠤᠨ᠎ᠤ ᠶᠠᠪᠤᠳᠠᠯ᠎ᠤᠨ ᠬᠣᠷᠰᠢᠶ᠎ᠠ᠂ ᠲᠠᠷᠢᠶᠠᠴᠢᠳ᠎ᠤᠨ ᠤᠰᠤ ᠬᠡᠷᠡᠭᠯᠡᠬᠦ ᠨᠡᠢ᠌ᠭᠡᠮᠯᠢᠭ᠂ ᠰᠤᠪᠠᠭ᠎ᠤᠨ ᠳᠠᠷᠤᠭ᠎ᠠ ᠵᠢᠨ ᠳᠦᠷᠢᠮ᠎ᠢ ᠬᠡᠷᠡᠭᠵᠢᠭᠦᠯᠵᠦ᠂ ᠬᠤᠳᠳᠤᠭ᠎ᠤᠨ ᠤᠰᠤᠯᠠᠯᠲᠠ ᠵᠢᠨ ᠣᠷᠣᠨ᠎ᠳᠤ 《ᠬᠤᠳᠳᠤᠭ᠎ᠤᠨ ᠳᠠᠷᠤᠭ᠎ᠠ ᠵᠢᠨ ᠳᠦᠷᠢᠮ》 《ᠤᠰᠤᠨ᠎ᠤ ᠬᠡᠮᠵᠢᠬᠦᠷ᠎ᠤᠨ ᠳᠠᠷᠤᠭ᠎ᠠ ᠵᠢᠨ ᠳᠦᠷᠢᠮ》᠎ᠢ ᠬᠡᠷᠡᠭᠵᠢᠬᠦᠯᠤᠯᠡ᠃ 《ᠳᠥᠷᠪᠡᠨ ᠤᠰᠤᠨ᠎ᠤ ᠳᠥᠷᠪᠡ ᠵᠢ ᠲᠣᠭᠲᠠᠭ᠋ᠠᠬᠤ》 ᠵᠠᠷᠴᠢᠮ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤ ᠵᠢ ᠬᠠᠮᠤᠷᠤᠭᠰᠠᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ ᠡᠵᠡᠮᠳᠡᠬᠦ ᠭᠦᠢ᠍ᠴᠡᠳᠬᠡᠯ ᠲᠣᠭ᠎ᠠ ᠵᠢᠨ ᠰᠢᠰᠲᠸᠮ᠎ᠢ ᠪᠠᠢ᠌ᠭᠤᠯᠤᠨ᠂ ᠲᠠᠷᠢᠶᠠᠯᠠᠩ᠎ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ ᠡᠵᠡᠮᠳᠡᠬᠦ ᠭᠦᠢ᠍ᠴᠡᠳᠬᠡᠯ ᠲᠣᠭ᠎ᠠ ᠵᠢ ᠪᠦᠬᠦᠨ᠎ᠢ ᠭᠠᠴᠠᠭ᠎ᠠ ᠲᠣᠰᠬᠣᠨ ᠵᠡᠷᠭᠡ ᠦᠨᠳᠦᠰᠦᠨ ᠤᠰᠤ ᠬᠡᠷᠡᠭᠯᠡᠬᠦ ᠡᠷᠦᠬᠡ᠎ᠳᠤ ᠬᠤᠪᠢᠶᠠᠷᠢᠯᠠᠨ᠂ ᠭᠠᠵᠠᠷ ᠳᠣᠣᠷᠠᠬᠢ ᠤᠰᠤᠨ᠎ᠤ ᠤᠰᠤᠨ ᠲᠦᠪᠰᠢᠨ᠂ ᠤᠰᠤᠨ᠎ᠤ ᠬᠡᠮᠵᠢᠶ᠎ᠡ ᠵᠢᠨ 《ᠬᠣᠶᠠᠷ᠎ᠢ ᠡᠵᠡᠮᠳᠡᠬᠦ》 ᠭᠦᠢ᠍ᠴᠡᠳᠬᠡᠯ ᠲᠣᠭ᠎ᠠ ᠵᠢ ᠪᠥᠬᠥ ᠣᠷᠣᠨ᠎ᠤ 371 ᠭᠠᠵᠠᠷ ᠳᠣᠣᠷᠠᠬᠢ ᠤᠰᠤᠨ᠎ᠤ ᠬᠠᠮᠢᠶᠠᠷᠤᠯᠲᠠ ᠵᠢᠨ ᠨᠢᠬᠡᠴᠢ᠎ᠳᠤ ᠨᠠᠷᠢᠯᠢᠭᠵᠢᠭᠤᠯᠤᠨ ᠵᠠᠳᠠᠯᠵᠠᠢ᠃