ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ᠎ᠬᠢᠨ᠎ᠠᠴᠠ ᠣᠢ᠌ᠯᠠᠭ᠋ᠠᠭᠰᠠᠨ᠎ᠨᠢ᠄ 2024 ᠣᠨ᠎ᠤ 1 — 7 ᠰᠠᠷ᠎ᠠ᠎ᠳᠤ ᠥᠪᠥᠷ ᠮᠣᠩᠭᠣᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠨᠡᠭᠦᠷᠡᠰᠦᠨ᠎ᠤ ᠭᠠᠷᠤᠯᠲᠠ᠂ ᠴᠠᠬᠢᠯᠭ᠋ᠠᠨ ᠭᠠᠷᠭ᠋ᠠᠬᠤ ᠬᠡᠮᠵᠢᠶ᠎ᠡ ᠪᠥᠬᠥ ᠤᠯᠤᠰ᠎ᠲᠤ ᠮᠥᠨ ᠲᠠᠷᠢᠬᠦᠯᠡᠵᠤ᠂ ᠬᠡᠪᠴᠢᠶᠡᠵᠢᠯ᠎ᠠᠴᠠ ᠳᠡᠭᠡᠭᠰᠢᠬᠢ ᠡᠨᠧᠷᠭᠢ ᠵᠢᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠣᠯᠠᠨ ᠵᠦᠢ᠍ᠯ᠎ᠤᠨ ᠭᠦᠢ᠍ᠴᠡᠳᠬᠡᠯ ᠲᠣᠭ᠎ᠠ ᠪᠥᠬᠥ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ᠃
ᠲᠦᠭᠦᠬᠡᠢ ᠨᠡᠭᠦᠷᠡᠰᠦᠨ᠎ᠤ ᠦᠢ᠍ᠯᠡᠳᠪᠦᠷᠢᠯᠡᠯ᠄ ᠡᠨᠡ ᠵᠢᠯ᠎ᠤᠨ 1 —7 ᠰᠠᠷ᠎ᠠ᠎ᠳᠤ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠲᠦᠭᠦᠬᠡᠢ ᠨᠡᠭᠦᠷᠡᠰᠦᠨ᠎ᠤ ᠭᠠᠷᠤᠯᠲᠠ 7.38 ᠳ᠋ᠦᠩᠰᠢᠭᠤᠷ ᠲᠣᠨ᠎ᠳᠤ ᠬᠦᠷᠴᠦ᠂ ᠪᠥᠬᠥ ᠤᠯᠤᠰ᠎ᠤᠨ ᠲᠡᠷᠢᠭᠦᠨ᠎ᠳᠤ ᠣᠷᠣᠪᠠ᠃ ᠨᠡᠭᠦᠷᠡᠰᠦᠨ᠎ᠤ ᠭᠠᠷᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 4.2% ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠳᠡᠭᠡᠷ᠎ᠡ ᠬᠠᠭ᠋ᠠᠰ ᠵᠢᠯ᠎ᠤᠨ᠎ᠬᠢ᠎ᠠᠴᠠ 0.4 ᠵᠠᠭᠤᠨ᠎ᠤ ᠨᠢᠭᠡᠴᠢ ᠲᠦᠷᠭᠡᠳᠪᠡ᠃ ᠡᠭᠦᠨ᠎ᠳᠤ 7 ᠳ᠋ᠤᠭ᠋ᠠᠷ ᠰᠠᠷ᠎ᠠ ᠵᠢᠨ ᠨᠡᠭᠦᠷᠡᠰᠦᠨ᠎ᠤ ᠭᠠᠷᠤᠯᠲᠠ 1.04 ᠳ᠋ᠦᠩᠰᠢᠭᠤᠷ ᠲᠣᠨ (ᠠᠳᠠᠯᠢ ᠬᠤᠭᠤᠴᠠᠭ᠋ᠠᠨ᠎ᠤ᠎ᠬᠢ᠎ᠠᠴᠠ 6.7%᠎ᠪᠠᠷ ᠨᠡᠮᠡᠭᠳᠡᠪᠡ)᠂ 5 ᠰᠠᠷ᠎ᠠ ᠳᠠᠷᠠᠭ᠋ᠠᠯᠠᠨ ᠳ᠋ᠦᠩᠰᠢᠭᠤᠷ ᠲᠣᠨ᠎ᠠᠴᠠ ᠳᠡᠭᠡᠭᠰᠢ ᠪᠠᠢ᠌ᠬᠤ ᠵᠢ ᠪᠠᠲᠤᠯᠠᠪᠠ᠃
ᠭᠣᠣᠯ ᠭᠠᠷᠤᠯᠲᠠ ᠵᠢᠨ ᠣᠷᠣᠨ᠎ᠤ ᠨᠡᠭᠦᠷᠡᠰᠦᠨ᠎ᠤ ᠭᠠᠷᠤᠯᠲᠠ᠄ ᠡᠨᠡ ᠵᠢᠯ᠎ᠤᠨ 1 — 7 ᠰᠠᠷ᠎ᠠ᠎ᠳᠤ ᠣᠷᠳᠣᠰ ᠬᠤᠳᠠ ᠵᠢᠨ ᠨᠡᠭᠦᠷᠡᠰᠦᠨ᠎ᠤ ᠭᠠᠷᠤᠯᠲᠠ 5.1 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 4.7% ᠨᠡᠮᠡᠭᠳᠡᠵᠦ᠂ ᠪᠦᠬᠦ ᠣᠷᠣᠨ᠎ᠤ ᠨᠡᠭᠦᠷᠡᠰᠦᠨ᠎ᠤ ᠭᠠᠷᠤᠯᠲᠠ ᠵᠢ 3.2 ᠵᠠᠭᠤᠨ᠎ᠤ ᠨᠢᠭᠡᠴᠢ᠎ᠪᠠᠷ ᠨᠡᠮᠡᠭᠳᠡᠭᠦᠯᠪᠡ᠃ ᠰᠢᠯᠢ ᠵᠢᠨ ᠭᠣᠣᠯ ᠠᠢ᠌ᠮᠠᠭ᠎ᠤᠨ ᠨᠡᠭᠦᠷᠡᠰᠦᠨ᠎ᠤ ᠭᠠᠷᠤᠯᠲᠠ 0.8 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 8.5%᠎ᠪᠠᠷ ᠨᠡᠮᠡᠭᠳᠡᠨ᠂ ᠪᠥᠬᠥ ᠣᠷᠣᠨ᠎ᠤ ᠨᠡᠭᠦᠷᠡᠰᠦᠨ᠎ᠤ ᠭᠠᠷᠤᠯᠲᠠ ᠵᠢ 0.9 ᠵᠠᠭᠤᠨ᠎ᠤ ᠨᠢᠭᠡᠴᠢ ᠨᠡᠮᠡᠭᠳᠡᠭᠦᠯᠬᠦ᠎ᠪᠠᠷ ᠳᠠᠶ᠋ᠢᠴᠢᠯᠠᠪᠠ᠃ ᠬᠣᠶᠠᠷ ᠠᠢ᠌ᠮᠠᠭ ᠬᠤᠳᠠ ᠵᠢᠨ ᠨᠡᠭᠦᠷᠡᠰᠦᠨ᠎ᠤ ᠭᠠᠷᠤᠯᠲᠠ ᠨᠡᠢ᠌ᠯᠡᠭᠡᠳ ᠪᠦᠬᠦ ᠣᠷᠣᠨ᠎ᠤ 80%᠎ᠠᠴᠠ ᠳᠡᠭᠡᠭᠰᠢᠬᠢ ᠵᠢ ᠡᠵᠡᠯᠡᠪᠡ᠃
ᠴᠠᠬᠢᠯᠭ᠋ᠠᠨ ᠭᠠᠷᠭ᠋ᠠᠭᠰᠠᠨ ᠬᠡᠮᠵᠢᠶ᠎ᠡ᠄ ᠡᠨᠡ ᠵᠢᠯ᠎ᠤᠨ 1 —7 ᠰᠠᠷ᠎ᠠ᠎ᠳᠤ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠴᠠᠬᠢᠯᠭ᠋ᠠᠨ ᠭᠠᠷᠭ᠋ᠠᠭᠰᠠᠨ ᠬᠡᠮᠵᠢᠶ᠎ᠡ 4620.1 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠪᠥᠬᠥ ᠤᠯᠤᠰ᠎ᠤᠨ ᠲᠡᠷᠢᠭᠦᠨ᠎ᠳᠤ ᠣᠷᠣᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 10.9%᠎ᠪᠠᠷ ᠨᠡᠮᠡᠭᠳᠡᠪᠡ᠃ ᠡᠭᠦᠨ᠎ᠳᠤ 7 ᠰᠠᠷ᠎ᠠ ᠵᠢᠨ ᠴᠠᠬᠢᠯᠭ᠋ᠠᠨ ᠭᠠᠷᠭ᠋ᠠᠭᠰᠠᠨ ᠬᠡᠮᠵᠢᠶ᠎ᠡ 716.1 ᠳ᠋ᠦᠩᠰᠢᠭᠤᠷ ᠺᠢᠯᠣᠸᠠᠲ ᠴᠠᠭ᠎ᠲᠤ ᠬᠦᠷᠴᠦ ᠠᠳᠠᠯᠢ ᠬᠤᠭᠤᠴᠠᠭ᠋ᠠᠨ᠎ᠤ᠎ᠬᠢ᠎ᠠᠴᠠ 6.3%᠎ᠪᠠᠷ ᠨᠡᠮᠡᠭᠳᠡᠵᠡᠢ᠃
ᠭᠣᠣᠯ ᠪᠣᠯᠬᠤ ᠴᠠᠬᠢᠯᠭ᠋ᠠᠨ ᠭᠠᠷᠭ᠋ᠠᠬᠤ ᠲᠦᠷᠦᠯ ᠵᠦᠢ᠍ᠯ᠄ ᠡᠨᠡ ᠵᠢᠯ᠎ᠤᠨ 1 — 7 ᠰᠠᠷ᠎ᠠ᠎ᠳᠤ᠂ ᠪᠦᠬᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠢᠯᠴᠢ ᠵᠢᠨ ᠬᠦᠴᠦᠨ᠎ᠤ ᠴᠠᠬᠢᠯᠭ᠋ᠠᠨ ᠭᠠᠷᠭ᠋ᠠᠭᠰᠠᠨ ᠬᠡᠮᠵᠢᠶ᠎ᠡ 3540.4 ᠳ᠋ᠦᠩᠰᠢᠭᠤᠷ ᠺᠢᠯᠣᠸᠠᠲ ᠴᠠᠭ (ᠠᠳᠠᠯᠢ ᠬᠤᠭᠤᠴᠠᠭ᠋ᠠᠨ᠎ᠤ᠎ᠬᠢ᠎ᠠᠴᠠ 8.5% ᠵᠢᠡᠷ ᠨᠡᠮᠡᠭᠳᠡᠪᠡ)᠎ᠲᠤ ᠬᠦᠷᠴᠦ᠂ ᠪᠦᠬᠦ ᠤᠯᠤᠰ᠎ᠲᠤ ᠲᠡᠷᠢᠭᠦᠯᠡᠪᠡ᠃ ᠰᠠᠯᠬᠢᠨ᠎ᠤ ᠬᠦᠴᠦ᠎ᠪᠠᠷ ᠴᠠᠬᠢᠯᠭ᠋ᠠᠨ ᠭᠠᠷᠭ᠋ᠠᠭᠰᠠᠨ ᠬᠡᠮᠵᠢᠶ᠎ᠡ 877.3 ᠳ᠋ᠦᠩᠰᠢᠭᠤᠷ ᠺᠢᠯᠣᠸᠠᠲ ᠴᠠᠭ᠎ᠲᠤ ᠬᠦᠷᠴᠦ (ᠠᠳᠠᠯᠢ ᠬᠤᠭᠤᠴᠠᠭ᠋ᠠᠨ᠎ᠤ᠎ᠬᠢ᠎ᠠᠴᠠ 15.7%᠎ᠪᠠᠷ ᠨᠡᠮᠡᠭᠳᠡᠪᠡ)᠂ ᠪᠥᠬᠥ ᠤᠯᠤᠰ᠎ᠲᠤ ᠲᠡᠷᠢᠭᠦᠯᠡᠪᠡ᠃ ᠨᠡᠷᠡᠨ᠎ᠤ ᠡᠨᠧᠷᠭᠢ᠎ᠪᠠᠷ ᠴᠠᠬᠢᠯᠭ᠋ᠠᠨ ᠭᠠᠷᠭ᠋ᠠᠭᠰᠠᠨ ᠬᠡᠮᠵᠢᠶ᠎ᠡ 176.5 ᠳ᠋ᠦᠩᠰᠢᠭᠤᠷ ᠺᠢᠯᠣᠸᠠᠲ ᠴᠠᠭ᠎ᠲᠤ ᠬᠦᠷᠴᠦ (ᠠᠳᠠᠯᠢ ᠬᠤᠭᠤᠴᠠᠭ᠋ᠠᠨ᠎ᠤ᠎ᠬᠢ᠎ᠠᠴᠠ 42.8%᠎ᠪᠠᠷ ᠨᠡᠮᠡᠭᠳᠡᠪᠡ)᠂ ᠪᠥᠬᠥ ᠤᠯᠤᠰ᠎ᠲᠤ ᠬᠣᠶᠠᠳᠤᠭ᠋ᠠᠷ᠎ᠲᠤ ᠣᠷᠣᠪᠠ᠃