ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
1 —7 ᠳ᠋ᠤᠭ᠋ᠠᠷ ᠰᠠᠷ᠎ᠠ᠎ᠳᠤ ᠥᠪᠥᠷ ᠮᠣᠩᠭᠣᠯ᠎ᠤᠨ ᠶᠡᠷᠦᠩᠬᠡᠢ᠌ᠯᠡᠭᠰᠡᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 7.2%᠎ᠪᠠᠷ ᠨᠡᠮᠡᠭᠳᠡᠪᠡ
ᠨᠡᠶᠢᠲᠡᠯᠡᠭᠰᠡᠨ ᠴᠠᠭ᠄ 2024-08-26

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠲᠢᠩᠬᠢᠮ᠎ᠤᠨ ᠮᠡᠳᠡᠭᠡ ᠵᠢ ᠦᠨᠳᠦᠰᠦᠯᠡᠪᠡᠯ   ᠦᠨᠤ ᠵᠢᠯ᠎ᠤᠨ 1 — 7 ᠳ᠋ᠤᠭ᠋ᠠᠷ ᠰᠠᠷ᠎ᠠ᠎ᠳᠤ ᠥᠪᠥᠷ ᠮᠣᠩᠭᠣᠯ᠎ᠤᠨ ᠪᠠᠷᠠᠭ᠋ᠠᠨ᠎ᠤ ᠲᠡᠭᠡᠭᠡᠪᠦᠷᠢ ᠲᠣᠭᠲᠠᠭᠤᠨ ᠵᠶ᠋ᠠᠷ ᠨᠡᠮᠡᠭᠳᠡᠵᠦ᠂ ᠪᠥᠬᠥ ᠣᠷᠣᠨ᠎ᠤ ᠪᠠᠷᠠᠭ᠋ᠠᠨ᠎ᠤ ᠲᠡᠭᠡᠭᠡᠪᠦᠷᠢ ᠵᠢᠨ ᠶᠡᠷᠦᠩᠬᠡᠢ ᠬᠡᠮᠵᠢᠶ᠎ᠡ ᠪᠠ ᠪᠠᠷᠠᠭ᠋ᠠᠨ᠎ᠤ ᠡᠷᠭᠢᠯᠲᠡ ᠵᠢᠨ ᠬᠡᠮᠵᠢᠶ᠎ᠡ ᠲᠣᠰ ᠲᠣᠰ 14.3 ᠳ᠋ᠦᠩᠰᠢᠭᠤᠷ ᠲᠣᠨ᠂ 3207.2 ᠳ᠋ᠦᠩᠰᠢᠭᠤᠷ ᠲᠣᠨ ᠺᠢᠯᠦᠭᠷᠠᠮ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.2% ᠪᠠ 2.4%᠎ᠪᠠᠷ ᠨᠡᠮᠡᠭᠳᠡᠨ᠂ ᠨᠡᠮᠡᠭᠳᠡᠯ᠎ᠤᠨ ᠬᠤᠷᠳᠤᠴᠠ᠎ᠨᠢ ᠪᠥᠬᠥ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ᠃
   ᠡᠭᠦᠨ᠎ᠳᠤ ᠵᠠᠰᠠᠮᠠᠯ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 9.0 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 10.0% ᠨᠡᠮᠡᠭᠳᠡᠪᠡ᠃ ᠲᠡᠮᠦᠷ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 5.3 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 2.8%᠎ᠪᠠᠷ ᠨᠡᠮᠡᠭᠳᠡᠪᠡ᠃ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 2.4 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 47.3% ᠨᠡᠮᠡᠭᠳᠡᠪᠡ᠃
     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠤᠨ᠎ᠬᠢᠨ ᠦᠨᠤ ᠵᠢᠯ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠥᠪᠡᠷ᠎ᠤᠨ ᠥᠷᠲᠡᠭ᠎ᠢ ᠣᠯᠠᠨ ᠠᠷᠭ᠎ᠠ᠎ᠪᠠᠷ ᠪᠠᠭᠤᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠬᠦᠯᠦᠭᠰᠡᠨ ᠵᠶ᠋ᠡᠷ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠵᠢ ᠲᠠᠰᠤᠷᠠᠯᠲᠠ ᠦᠭᠡᠢ ᠲᠡᠭᠡᠭᠰᠢᠯᠡᠵᠤ᠂ 1 — 7 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠰᠦᠯᠵᠢᠶ᠎ᠡ᠎ᠪᠠᠷ ᠪᠠᠷᠠᠭ᠎ᠠ ᠲᠡᠭᠡᠭᠡᠪᠦᠷᠢᠯᠡᠬᠦ ᠵᠢ 1.42 ᠳ᠋ᠦᠩᠰᠢᠭᠤᠷ ᠲᠣᠨ ᠪᠡᠶᠡᠯᠡᠭᠦᠯᠵᠦ᠂ ᠠᠷᠠᠯᠵᠢᠶᠠᠯᠠᠭᠰᠠᠨ ᠲᠣᠭ᠎ᠠ 90.7 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 561%᠂ 370.1%᠎ᠪᠠᠷ ᠨᠡᠮᠡᠭᠳᠡᠪᠡ᠃ 1  — 7 ᠰᠠᠷ᠎ᠠ ᠳ᠋ᠤᠭ᠋ᠠᠷ᠎ᠳᠤ  ᠭᠠᠭᠴᠠᠮᠣᠳᠤ᠂ ᠴᠡᠭᠡ ᠪᠣᠭᠣᠮᠲᠠ ᠵᠢᠨ ᠬᠢᠯᠢ ᠠᠯᠤᠰᠯᠠᠭᠰᠠᠨ ᠵᠢᠯᠣᠭᠣᠴᠢ ᠦᠭᠡᠢ ᠲᠡᠭᠡᠭᠡᠪᠦᠷᠢ ᠵᠢᠨ ᠲᠡᠷᠭᠡ (AGV) ᠨᠡᠶ᠋ᠢᠲᠡ 4.09 ᠲᠦᠮᠡᠨ ᠤᠳᠠᠭ᠎ᠠ ᠪᠣᠭᠣᠮᠲᠠ᠎ᠪᠠᠷ ᠥᠩᠭᠡᠷᠡᠵᠦ᠂ ᠨᠡᠶ᠋ᠢᠲᠡ 270.91 ᠲᠦᠮᠡᠨ ᠲᠣᠨ ᠨᠡᠭᠦᠷᠡᠰᠦ ᠵᠥᠭᠡᠭᠡᠪᠦᠷᠢᠯᠡᠭᠰᠡᠨ ᠪᠠᠢ᠌ᠨ᠎ᠠ᠃ ᠦᠨᠤ ᠵᠢᠯ ᠪᠦᠬᠦ ᠤᠯᠤᠰ᠎ᠤᠨ ᠠᠩᠬᠠᠳᠠᠭᠴᠢ ᠬᠣᠣᠰ ᠳ᠋ᠤᠭ᠋ᠠᠷᠲᠤ ᠮᠠᠰᠢᠨ ᠲᠡᠷᠭᠡᠨ᠎ᠤ ᠭᠠᠯᠲᠤ ᠲᠡᠷᠭᠡ ᠵᠢ ᠤᠷᠢᠳ ᠵᠶ᠋ᠡᠷ ᠬᠡᠷᠡᠭᠵᠢᠭᠦᠯᠵᠦ  ᠤᠷᠢᠳ ᠵᠶ᠋ᠡᠷ ᠲᠤᠷᠰᠢᠬᠤ ᠳᠦᠷᠦᠯ ᠵᠦᠢ᠍ᠯ — ᠣᠷᠳᠣᠰ ᠬᠤᠳᠠ ᠵᠢᠨ ᠡᠵᠡᠨ ᠬᠣᠷᠣᠭ᠎ᠠ ᠬᠣᠰᠢᠭᠤᠨ᠎ᠤ ᠬᠤᠸᠠᠨ ᠯᠦᠩ ᠸᠠᠨ ᠨᠡᠭᠦᠷᠡᠰᠦᠨ ᠠᠭᠤᠷᠬᠠᠢ᠎ᠠᠴᠠ ᠳᠠᠯᠠᠳ ᠬᠣᠰᠢᠭᠤᠨ᠎ᠤ ᠰᠠᠨ ᠰᠢᠶᠠᠩ ᠯᠢᠶᠠᠩ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠣᠣᠰ ᠳ᠋ᠤᠭ᠋ᠠᠷᠲᠤ ᠮᠠᠰᠢᠨ ᠲᠡᠷᠭᠡᠨ᠎ᠤ ᠭᠠᠯᠲᠤ ᠲᠡᠷᠭᠡᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠵᠠᠮ ᠱᠤᠭᠤᠮ 771 ᠤᠳᠠᠭ᠎ᠠ ᠠᠶᠠᠯᠠᠵᠤ᠂ 4.4 ᠲᠦᠮᠡᠨ ᠲᠣᠨ ᠠᠴᠢᠶᠠᠨ᠎ᠤ ᠲᠡᠭᠡᠭᠡᠪᠦᠷᠢ ᠵᠢᠨ ᠲᠤᠷᠰᠢᠯᠲᠠ ᠵᠢ ᠪᠡᠶᠡᠯᠡᠭᠦᠯᠵᠦ᠂ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠦᠷᠳᠡᠭ᠎ᠢ 20%᠎ᠪᠠᠷ ᠪᠠᠭᠤᠷᠠᠭᠤᠯᠵᠤ᠂ ᠲᠡᠭᠡᠭᠡᠪᠦᠷᠢ ᠵᠢᠨ ᠦᠷ᠎ᠡ ᠪᠦᠲᠦᠮᠵᠢ ᠵᠢ 30% ᠳᠡᠭᠡᠭᠰᠢᠯᠡᠭᠦᠯᠵᠡᠢ᠃ 1 —7 ᠳ᠋ᠤᠭ᠋ᠠᠷ ᠰᠠᠷ᠎ᠠ᠎ᠳᠤ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠡᠩ᠎ᠤᠨ ᠪᠠᠷᠠᠭ᠋ᠠᠨ᠎ᠤ ᠲᠡᠭᠡᠭᠡᠪᠦᠷᠢ ᠵᠢᠨ ᠲᠡᠷᠭᠡ ᠬᠥᠰᠬᠡ ᠵᠢᠨ ᠣᠨ᠎ᠤ ᠬᠢᠨᠠᠯᠲᠠ᠂ ᠠᠵᠢᠯ ᠡᠷᠭᠢᠯᠡᠬᠦ ᠬᠢᠷᠢ ᠬᠡᠮ᠎ᠤᠨ ᠦᠨᠡᠮᠯᠡᠯ ᠵᠶ᠋ᠡᠷ ᠦᠨᠡᠮᠯᠡᠯ ᠨᠥᠬᠥᠪᠦᠷᠢᠯᠡᠬᠦ᠂ ᠦᠨᠡᠮᠯᠡᠯ ᠰᠣᠯᠢᠬᠤ ᠵᠡᠷᠭᠡ 18 ᠵᠦᠢ᠍ᠯ᠎ᠤᠨ ᠲᠠᠪᠳᠠᠮᠵᠢ ᠤᠯᠠᠨ ᠵᠦᠢ᠍ᠯᠡᠰ᠎ᠢ 《ᠮᠤᠵᠢ ᠠᠯᠤᠰᠯᠠᠨ ᠲᠤᠭᠤᠰᠢᠳᠠᠢ ᠭᠦᠢ᠍ᠴᠡᠳᠬᠡᠬᠦ》 ᠪᠤᠯᠭ᠋ᠠᠯ᠎ᠠ᠃ 



    


   

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠥᠬᠥ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠰᠤᠪᠢᠯᠠᠯᠲᠠ ᠵᠢᠨ ᠬᠡᠯᠪᠡᠷᠢ ᠵᠢᠨ ᠡᠪᠡᠳᠴᠢᠲᠡᠨ᠎ᠤ ᠣᠷᠣ ᠵᠢᠨ ᠡᠵᠡᠯᠡᠬᠦ ᠬᠠᠷᠢᠴᠠᠯ 58.9% ᠪᠣᠯᠵᠤ ᠳᠡᠭᠡᠭᠰᠢᠯᠡᠪᠡ
ᠪᠥᠬᠥ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠰᠤᠪᠢᠯᠠᠯᠲᠠ ᠵᠢᠨ ᠬᠡᠯᠪᠡᠷᠢ ᠵᠢᠨ ᠡᠪᠡᠳᠴᠢᠲᠡᠨ᠎ᠤ ᠣᠷᠣ ᠵᠢᠨ ᠡᠵᠡᠯᠡᠬᠦ ᠬᠠᠷᠢᠴᠠᠯ 58.9% ᠪᠣᠯᠵᠤ ᠳᠡᠭᠡᠭᠰᠢᠯᠡᠪᠡ
ᠲᠦᠷᠦᠭᠦᠸ᠋ ᠭᠤᠷᠪᠠᠨ ᠤᠯᠠᠷᠢᠯ᠎ᠳᠤ ᠪᠥᠬᠥ ᠣᠷᠣᠨ᠎ᠤ ᠬᠡᠪᠴᠢᠶᠡᠵᠢᠯ᠎ᠠᠴᠠ ᠲᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠨᠡᠭᠦᠷᠡᠰᠦᠨ᠎ᠤ ᠭᠠᠷᠤᠯᠲᠠ ᠪᠠ ᠴᠠᠬᠢᠯᠭ᠋ᠠᠨ ᠭᠠᠷᠭ᠋ᠠᠬᠤ ᠬᠡᠮᠵᠢᠶ᠎ᠡ ᠴᠥᠮ ᠪᠥᠬᠥ ᠤᠯᠤᠰ᠎ᠤᠨ ᠨᠢᠭᠡᠳᠦᠭᠡᠷ᠎ᠲᠤ ᠣᠷᠣᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠭᠤᠷᠪᠠᠳᠤᠭ᠋ᠠᠷ ᠲᠠᠯᠠᠪᠤᠷ 《ᠵᠠᠰᠠᠭ ᠠᠵᠤ ᠠᠬᠤᠢ᠌ᠯᠠᠯ᠎ᠤᠨ᠎ᠬᠢᠨ ᠰᠡᠳᠬᠢᠯ ᠵᠶ᠋ᠡᠨ ᠨᠢᠭᠡᠳᠬᠡᠨ ᠴᠢᠩ ᠰᠡᠳᠬᠢᠯ᠎ᠠᠴᠠ᠎ᠪᠠᠨ ᠶᠠᠷᠢᠯᠴᠠᠬᠤ ᠬᠤᠷᠠᠯ》 ᠬᠤᠷᠠᠯᠳᠤᠪᠠ
ᠪᠦᠬᠦ ᠣᠷᠣᠨ᠎ᠤ ᠡᠯᠡᠰᠦᠵᠢᠬᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠴᠠᠬᠢᠯᠭ᠋ᠠᠨ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠡᠯᠡᠰᠦᠵᠢᠭᠰᠡᠨ ᠭᠠᠵᠠᠷ ᠰᠢᠷᠣᠢ ᠵᠢ ᠵᠠᠰᠠᠬᠤ ᠡᠭᠦᠷᠭᠡ ᠵᠢ 237.58 ᠲᠦᠮᠡᠨ ᠮᠦ᠍ ᠪᠡᠶᠡᠯᠡᠭᠦᠯᠵᠡᠢ
 
            