ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
ᠨᠢᠳᠤᠨᠤᠨ ᠪᠥᠬᠥ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ 3150.3 ᠳ᠋ᠦᠩᠰᠢᠭᠤᠷ ᠲᠥᠭᠥᠷᠢᠭ᠎ᠲᠤ ᠬᠥᠷᠪᠡ
ᠨᠡᠶᠢᠲᠡᠯᠡᠭᠰᠡᠨ ᠴᠠᠭ᠄ 2025-01-15

   1 ᠳ᠋ᠤᠬᠡᠷ ᠰᠠᠷ᠎ᠠ ᠵᠢᠨ 14᠎ᠤ ᠡᠳᠦᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ ᠳᠡᠭᠡᠷ᠎ᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠲᠥᠰᠥᠪ᠎ᠢ ᠭᠦᠢ᠍ᠴᠡᠳᠬᠡᠭᠰᠡᠨ ᠪᠠᠢ᠌ᠳᠠᠯ ᠪᠠ 2025 ᠣᠨ᠎ᠤ ᠲᠥᠰᠥᠪ᠎ᠤᠨ ᠲᠥᠰᠥᠯ᠎ᠤᠨ ᠲᠤᠬᠠᠢ ᠮᠡᠳᠡᠭᠦᠯᠦᠯᠲᠡ》 ᠵᠢ ᠪᠢᠴᠢᠭ᠎ᠤᠨ ᠬᠡᠯᠪᠡᠷᠢ᠎ᠪᠠᠷ ᠶᠡᠬᠡ ᠬᠤᠷᠠᠯ᠎ᠳᠤ ᠳᠡᠪᠰᠢᠭᠦᠯᠦᠨ ᠬᠢᠨᠠᠨ ᠪᠠᠢ᠌ᠴᠠᠭ᠋ᠠᠯᠭ᠋ᠠᠪᠠ᠃
   ᠮᠡᠳᠡᠭᠦᠯᠦᠯᠲᠡ᠎ᠠᠴᠠ ᠦᠵᠡᠪᠡᠯ ᠪᠥᠬᠥ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ 3150.3 ᠳ᠋ᠦᠩᠰᠢᠭᠤᠷ ᠲᠥᠭᠥᠷᠢᠭ᠂ ᠲᠥᠰᠥᠪ᠎ᠤᠨ 101.6% ᠪᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 2.2% ᠨᠡᠮᠡᠭᠳᠡᠪᠡ᠃ ᠡᠭᠦᠨ᠎ᠳᠤ ᠭᠠᠢ᠌ᠯᠢ ᠲᠠᠲᠠᠪᠤᠷᠢ ᠵᠢᠨ ᠣᠷᠣᠯᠭ᠎ᠠ 2212.1 ᠳ᠋ᠦᠩᠰᠢᠭᠤᠷ ᠲᠥᠭᠥᠷᠢᠭ᠎ᠲᠤ ᠬᠦᠷᠴᠦ᠂ 70.2%᠎ᠢ ᠡᠵᠡᠯᠡᠨ᠎ᠡ᠃ ᠭᠠᠢ᠌ᠯᠢ ᠵᠢᠨ ᠪᠤᠰᠤ ᠣᠷᠣᠯᠭ᠎ᠠ 938.2 ᠳ᠋ᠦᠩᠰᠢᠭᠤᠷ ᠲᠥᠭᠥᠷᠢᠭ᠂ 29.8% ᠵᠢ ᠡᠵᠡᠯᠡᠨ᠎ᠡ᠃ ᠡᠭᠦᠨ᠎ᠤ ᠳᠡᠭᠡᠷ᠎ᠡ ᠲᠥᠪ᠎ᠤᠨ ᠨᠥᠬᠥᠪᠦᠷᠢ᠂ ᠡᠩ᠎ᠤᠨ ᠥᠭᠴᠡᠭᠡᠨ᠎ᠤ ᠣᠷᠣᠯᠭ᠎ᠠ᠂ ᠰᠢᠯᠵᠢᠭᠦᠯᠦᠨ ᠣᠷᠣᠭᠤᠯᠤᠭᠰᠠᠨ ᠲᠥᠰᠥᠪ᠎ᠤᠨ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠥ᠂ ᠰᠢᠯᠵᠢᠭᠦᠯᠦᠨ ᠣᠷᠣᠭᠤᠯᠤᠭᠰᠠᠨ ᠪᠡᠯᠡ ᠮᠥᠩᠭᠥ ᠂ ᠲᠦᠷᠦᠭᠦᠦ ᠵᠢᠯ᠎ᠤᠨ ᠰᠢᠯᠵᠢᠭᠦᠯᠦᠭᠰᠡᠨ ᠵᠡᠷᠭᠡ ᠣᠷᠣᠯᠭ᠎ᠠ 6116.6 ᠳ᠋ᠦᠩᠰᠢᠭᠤᠷ ᠲᠥᠭᠥᠷᠢᠭ᠎ᠢ ᠨᠡᠮᠡᠪᠡᠯ ᠣᠷᠣᠯᠭ᠎ᠠ ᠵᠢᠨ ᠶᠡᠷᠦᠩᠬᠡᠢ ᠬᠡᠮᠵᠢᠶ᠎ᠡ 9266.9 ᠳ᠋ᠦᠩᠰᠢᠭᠤᠷ ᠲᠥᠭᠥᠷᠢᠭ᠎ᠲᠤ ᠬᠦᠷᠴᠡᠢ᠃ ᠪᠥᠬᠥ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠵᠠᠷᠤᠯᠭ᠎ᠠ 6928 ᠳ᠋ᠦᠩᠰᠢᠭᠤᠷ ᠲᠥᠭᠥᠷᠢᠭ᠎ᠲᠤ ᠬᠦᠷᠴᠦ᠂ ᠲᠣᠬᠢᠷᠠᠭᠤᠯᠤᠯᠲᠠ ᠵᠢᠨ ᠲᠥᠰᠥᠪ᠎ᠤᠨ 84.1% ᠵᠢ ᠪᠡᠶᠡᠯᠡᠬᠦᠯᠤᠬᠡᠳ 1.3%᠎ᠪᠠᠷ ᠨᠡᠮᠡᠭᠳᠡᠪᠡ᠃ ᠡᠭᠦᠨ᠎ᠤ ᠳᠡᠭᠡᠷ᠎ᠡ ᠳᠡᠭᠡᠭᠰᠢ ᠲᠥᠪ᠎ᠲᠤ ᠲᠤᠰᠢᠶᠠᠬᠤ᠂ ᠡᠩ᠎ᠤᠨ ᠥᠭᠴᠡᠭᠡ ᠵᠢ ᠡᠬᠡ ᠮᠥᠩᠭᠥ ᠵᠢ ᠪᠤᠴᠠᠭ᠋ᠠᠬᠤ᠂ ᠲᠥᠰᠥᠪ᠎ᠢ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠥ ᠵᠢ ᠨᠥᠬᠥᠪᠦᠷᠢᠯᠡᠬᠦ ᠵᠡᠷᠭᠡ ᠵᠠᠷᠤᠯᠭ᠎ᠠ 1030.5 ᠳ᠋ᠦᠩᠰᠢᠭᠤᠷ ᠲᠥᠭᠥᠷᠢᠭ᠎ᠢ ᠨᠡᠮᠡᠪᠡᠯ ᠵᠠᠷᠤᠯᠭ᠎ᠠ ᠵᠢᠨ ᠶᠡᠷᠦᠩᠬᠡᠢ ᠬᠡᠮᠵᠢᠶ᠎ᠡ 7958.5 ᠳ᠋ᠦᠩᠰᠢᠭᠤᠷ ᠲᠥᠭᠥᠷᠢᠭ᠎ᠲᠤ ᠬᠦᠷᠴᠡᠢ᠃ ᠣᠷᠣᠯᠭ᠎ᠠ ᠵᠠᠷᠤᠯᠭ᠎ᠠ ᠵᠢᠨ ᠶᠡᠷᠦᠩᠬᠡᠢ ᠬᠡᠮᠵᠢᠶ᠎ᠡ ᠵᠢ ᠲᠤᠯᠭ᠋ᠠᠵᠤ ᠪᠤᠳᠤᠪᠠᠯ ᠵᠢᠯ᠎ᠤᠨ ᠡᠴᠦᠰ᠎ᠲᠤ 1308.4 ᠳ᠋ᠦᠩᠰᠢᠭᠤᠷ ᠲᠥᠭᠥᠷᠢᠭ᠎ᠢ ᠰᠢᠯᠵᠢᠭᠦᠯᠪᠡ᠂ ᠡᠨᠡ᠎ᠨᠢ ᠭᠣᠣᠯᠳᠠᠭᠤ ᠬᠡᠰᠡᠭ ᠵᠦᠢ᠍ᠯᠡᠰ᠎ᠤᠨ ᠵᠠᠷᠤᠯᠭ᠎ᠠ ᠵᠢ ᠵᠢᠯ᠎ᠤᠨ ᠡᠴᠦᠰ᠎ᠲᠤ ᠭᠦᠢ᠍ᠴᠡᠳᠬᠡᠵᠦ ᠳᠠᠭᠤᠰᠬᠠᠭᠰᠠᠨ ᠦᠭᠡᠢ ᠪᠣᠯᠬᠣᠷ ᠲᠣᠭᠲᠠᠭ᠋ᠠᠯ ᠶᠣᠰᠣᠭ᠋ᠠᠷ ᠳᠠᠷᠠᠭ᠎ᠠ ᠵᠢᠯ᠎ᠳᠤ ᠰᠢᠯᠵᠢᠭᠦᠯᠦᠭᠡᠳ ᠦᠷᠭᠦᠯᠵᠢᠯᠡᠨ  ᠬᠡᠷᠡᠭᠯᠡᠬᠦ᠎ᠠᠴᠠ ᠪᠣᠯᠵᠠᠢ᠃
     2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠲᠡᠭᠦᠰᠬᠡᠯ᠎ᠤᠨ ᠵᠢᠯ᠂ ᠮᠠᠨ᠎ᠤ ᠣᠷᠣᠨ᠎ᠤ ᠲᠡᠭ᠎ᠠᠴᠠ ᠡᠬᠢᠯᠡᠬᠦ ᠲᠥᠰᠥᠪ᠎ᠤᠨ ᠥᠭᠡᠷᠡᠴᠢᠯᠡᠯᠲᠡ ᠵᠢ ᠬᠡᠷᠡᠭᠵᠢᠭᠦᠯᠬᠦ ᠠᠩᠬᠠᠨ᠎ᠤ ᠵᠢᠯ ᠪᠤᠯᠬᠤᠷ ᠲᠥᠰᠥᠪ᠎ᠢ  ᠨᠠᠢ᠌ᠷᠠᠭᠤᠯᠬᠤ ᠠᠵᠢᠯ᠎ᠢ ᠰᠠᠢ᠌ᠲᠤᠷ ᠬᠢᠬᠦ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠪᠥᠬᠥ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ ᠵᠢᠱ᠌ᠢᠯᠲᠡ᠎ᠪᠠᠷ 3150 ᠳ᠋ᠦᠩᠰᠢᠭᠤᠷ ᠲᠥᠭᠥᠷᠢᠭ᠎ᠲᠤ ᠬᠦᠷᠴᠦ 2024 ᠣᠨ᠎ᠤ ᠪᠣᠳᠠᠲᠠᠢ ᠪᠡᠶᠡᠯᠡᠭᠦᠯᠦᠭᠰᠡᠨ ᠲᠣᠭ᠎ᠠ᠎ᠲᠠᠢ ᠲᠡᠩᠴᠡᠨ᠎ᠡ᠃ ᠪᠥᠬᠥ ᠣᠷᠣᠨ ᠎ᠤ ᠡᠩ ᠎ᠤᠨ ᠤᠯᠠᠨ ᠨᠡᠶ᠋ᠢᠲᠡ ᠵᠢᠨ ᠲᠥᠰᠥᠪ ᠎ᠤᠨ ᠵᠠᠷᠤᠯᠭ᠎ᠠ ᠵᠢ 6950 ᠳ᠋ᠥᠢ᠍ᠨᠭᠰᠢᠭᠤᠷ ᠲᠥᠭᠥᠷᠢᠭ ᠲᠤᠬᠢᠷᠠᠭᠤᠯᠤᠭ᠋ᠠᠳ 22 ᠳ᠋ᠥᠢ᠍ᠨᠭᠰᠢᠭᠤᠷ ᠲᠥᠭᠥᠷᠢᠭ᠂ ᠦᠬᠡᠷ᠎ᠡ᠎ᠪᠠᠷ ᠬᠡᠯᠡᠪᠡᠯ 0.3 %᠎ᠪᠠᠷ ᠨᠡᠮᠡᠭᠳᠡᠬᠦᠯᠪᠡ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠭᠣᠣᠯᠳᠠᠯᠭ᠎ᠠ᠎ᠲᠠᠢ ᠵᠠᠷᠤᠯᠭ᠎ᠠ ᠵᠢ ᠭᠣᠣᠯᠳᠠᠭᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠬᠤ ᠵᠢ ᠳᠡᠮᠵᠢᠬᠦ᠂ ᠬᠡᠷᠡᠭᠯᠡᠭᠡ ᠵᠢ ᠳᠡᠭᠡᠭᠰᠢᠯᠡᠭᠦᠯᠦᠨ ᠪᠡᠯᠡ ᠣᠷᠣᠭᠤᠯᠤᠯᠲᠠ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠵᠢ ᠳᠡᠮᠵᠢᠬᠦ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠬᠤ ᠵᠢ ᠳᠡᠮᠵᠢᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠵᠢ ᠳᠡᠮᠵᠢᠬᠦ᠂ ᠠᠮᠢ ᠠᠬᠤᠢ ᠵᠢᠨ ᠣᠷᠴᠢᠨ ᠲᠣᠭᠣᠷᠢᠨ᠎ᠢ ᠰᠠᠢ᠌ᠵᠢᠷᠠᠭᠤᠯᠬᠤ ᠵᠢ ᠳᠡᠮᠵᠢᠬᠦ᠂ ᠲᠦᠭᠰᠢᠭᠦᠷᠢ ᠵᠢ ᠣᠨᠣᠪᠴᠢᠲᠠᠶ ᠰᠡᠷᠭᠡᠢ᠌ᠯᠡᠨ ᠠᠷᠢᠯᠭ᠋ᠠᠬᠤ ᠵᠢ ᠳᠡᠮᠵᠢᠬᠦ᠎ᠳᠤ ᠬᠡᠷᠡᠭᠯᠡᠨ᠎ᠡ᠃



 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠲᠥᠪ᠎ᠤᠨ ᠡᠳ᠋᠎ᠤᠨ ᠵᠠᠰᠠᠭ᠎ᠤᠨ 2024 ᠣᠨ᠎ᠤ ᠲᠠᠷᠢᠶᠠᠯᠠᠩ᠎ᠤᠨ ᠳᠠᠭ᠋ᠠᠳᠬᠠᠯ᠎ᠤᠨ ᠵᠠᠷᠤᠳᠠᠯ᠎ᠤᠨ ᠨᠥᠬᠥᠪᠦᠷᠢ ᠵᠢ 38.65 ᠳ᠋ᠦᠩᠰᠢᠭᠤᠷ ᠲᠥᠭᠥᠷᠢᠭ ᠬᠦᠷᠳᠡᠬᠡᠳ ᠨᠥᠬᠥᠪᠦᠷᠢ ᠮᠥᠩᠭᠥ ᠵᠢᠨ ᠬᠡᠪᠴᠢᠶ᠎ᠡ ᠪᠥᠬᠥ ᠤᠯᠤᠰ᠎ᠲᠤ ᠲᠡᠷᠢᠬᠦᠯᠡᠵᠡᠢ
《ᠵᠠᠭᠤᠨ ᠬᠣᠲᠠ ᠮᠢᠩᠭ᠋ᠠᠨ ᠰᠤᠷᠭ᠋ᠠᠭᠤᠯᠢ ᠲᠦᠮᠡᠨ ᠠᠵᠤ ᠠᠬᠤᠢ᠌ᠯᠠᠯ》 ᠵᠶ᠋ᠠᠷ ᠠᠵᠢᠯ ᠣᠯᠭᠣᠯᠲᠠ ᠵᠢ ᠠᠬᠢᠭᠤᠯᠤᠶ᠎ᠠ — 600 ᠭᠠᠷᠤᠢ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠰᠤᠷᠭ᠋ᠠᠭᠤᠯᠢ ᠵᠢᠨ ᠬᠦᠷᠢᠶᠡᠨ᠎ᠳᠤ ᠣᠷᠣᠵᠤ 1.7 ᠲᠦᠮᠡ ᠭᠠᠷᠤᠢ ᠬᠥᠮᠥᠨ ᠡᠯᠰᠡᠵᠡᠢ
ᠨᠢᠳᠤᠨᠤᠨ ᠮᠠᠨ᠎ᠤ ᠤᠷᠤᠨ᠎ᠤ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠵᠤ ᠬᠡᠷᠡᠭᠯᠡᠭᠡ ᠵᠢ ᠳᠠᠢ᠌ᠴᠢᠯᠠᠭᠰᠠᠨ ᠬᠡᠮᠵᠢᠶ᠎ᠡ 300 ᠳ᠋ᠦᠩᠰᠢᠭᠤᠷ ᠲᠥᠭᠥᠷᠢᠭ᠎ᠢ ᠲᠠᠪᠠᠭ᠋ᠠᠳ ᠵᠠᠭᠤᠨ ᠲᠦᠮᠡᠨ ᠤᠳᠠᠭ᠎ᠠ᠎ᠳᠤ ᠠᠰᠢᠭ ᠬᠦᠷᠲᠡᠭᠡᠪᠡ
ᠮᠠᠨ᠎ᠤ ᠤᠷᠤᠨ᠎ᠤ᠎ᠬᠢᠨ 26.55 ᠳ᠋ᠦᠩᠰᠢᠭᠤᠷ ᠲᠥᠭᠥᠷᠢᠭ᠎ᠤᠨ ᠪᠡᠯᠡ ᠤᠷᠤᠭᠤᠯᠵᠤ 356 ᠲᠦᠮᠡᠨ ᠮᠦ᠍ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠤᠭ᠋ᠠᠳ ᠲᠦᠷᠤᠬᠦᠤ ᠤᠯᠠᠷᠢᠯ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠪᠠ
ᠬᠠᠩᠰᠢ ᠵᠢᠨ ᠠᠮᠠᠷᠠᠯᠲᠠ ᠵᠢᠨ ᠬᠣᠶᠠᠳᠤᠭ᠋ᠠᠷ ᠡᠳᠦᠷ ᠥᠪᠥᠷ ᠮᠣᠩᠭᠣᠯ᠎ᠤᠨ ᠰᠣᠶᠣᠯ᠎ᠤᠨ ᠲᠠᠯᠠᠪᠠᠶ ᠣᠷᠳᠣᠨ᠎ᠤ᠎ᠬᠢᠨ 33 ᠲᠦᠮᠡᠨ ᠵᠤᠭ᠋ᠠᠴᠠᠭᠰᠠᠳ᠎ᠢ ᠭᠥᠯᠢᠶᠡᠨ ᠠᠪᠤᠪᠠ
 
            