ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
《ᠵᠠᠭᠤᠨ ᠬᠣᠲᠠ ᠮᠢᠩᠭ᠋ᠠᠨ ᠰᠤᠷᠭ᠋ᠠᠭᠤᠯᠢ ᠲᠦᠮᠡᠨ ᠠᠵᠤ ᠠᠬᠤᠢ᠌ᠯᠠᠯ》 ᠵᠶ᠋ᠠᠷ ᠠᠵᠢᠯ ᠣᠯᠭᠣᠯᠲᠠ ᠵᠢ ᠠᠬᠢᠭᠤᠯᠤᠶ᠎ᠠ — 600 ᠭᠠᠷᠤᠢ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠰᠤᠷᠭ᠋ᠠᠭᠤᠯᠢ ᠵᠢᠨ ᠬᠦᠷᠢᠶᠡᠨ᠎ᠳᠤ ᠣᠷᠣᠵᠤ 1.7 ᠲᠦᠮᠡ ᠭᠠᠷᠤᠢ ᠬᠥᠮᠥᠨ ᠡᠯᠰᠡᠵᠡᠢ
ᠨᠡᠶᠢᠲᠡᠯᠡᠭᠰᠡᠨ ᠴᠠᠭ᠄ 2024-12-16

    《ᠵᠠᠭᠤᠨ ᠬᠣᠲᠠ ᠮᠢᠩᠭ᠋ᠠᠨ ᠰᠤᠷᠭ᠋ᠠᠭᠤᠯᠢ ᠲᠦᠮᠡᠨ ᠠᠵᠤ ᠠᠬᠤᠢ᠌ᠯᠠᠯ》᠎ᠤᠨ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ  ᠪᠠ 2024 ᠣᠨ᠎ᠤ ᠠᠵᠢᠯᠲᠠᠨ ᠡᠯᠰᠡᠬᠦ ᠰᠠᠷ᠎ᠠ ᠵᠢᠨ ᠰᠤᠷᠭ᠋ᠠᠭᠤᠯᠢ ᠵᠢᠨ ᠬᠦᠷᠢᠶᠡᠨ᠎ᠤ ᠲᠤᠰᠬᠠᠢ ᠠᠵᠢᠯᠲᠠᠨ ᠡᠯᠰᠡᠬᠦ ᠴᠤᠭᠯᠠᠭ᠋ᠠᠨ᠎ᠤ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠦᠢ᠍ᠯᠡᠰ ᠪᠤᠰᠬᠠᠬᠤ ᠳᠡᠭᠡᠳᠦ ᠰᠤᠷᠭ᠋ᠠᠭᠤᠯᠢ ᠵᠢᠨ ᠲᠤᠰᠬᠠᠢ ᠠᠵᠢᠯᠯᠠᠭ᠎ᠠ 12 ᠰᠠᠷ᠎ᠠ ᠵᠢᠨ 15᠎ᠤ ᠡᠳᠦᠷ ᠬᠥᠬᠡᠬᠣᠲᠠ᠎ᠳᠤ ᠶᠠᠪᠤᠭᠳᠠᠪᠠ᠃
   ᠲᠤᠰ ᠤᠷᠢᠯᠭ᠎ᠠ ᠵᠢᠨ ᠴᠤᠭᠯᠠᠭ᠋ᠠᠨ᠎ᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ᠎ᠠᠴᠠ ᠭᠣᠣᠯᠯᠠᠨ ᠡᠷᠬᠢᠯᠡᠵᠦ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠦᠢ᠍ᠯᠡᠰ ᠪᠣᠰᠬᠠᠬᠤ ᠳᠡᠭᠡᠳᠦ ᠰᠤᠷᠭ᠋ᠠᠭᠤᠯᠢ ᠳᠠᠭ᠋ᠠᠭ᠋ᠠᠴᠢᠯᠠᠨ ᠡᠷᠬᠢᠯᠡᠵᠦ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠴᠢᠨᠠᠷᠯᠢᠭ ᠬᠥᠭᠵᠢᠯᠲᠡ ᠪᠣᠯᠣᠨ ᠶᠡᠬᠡ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠨ ᠰᠤᠷᠤᠭᠴᠢᠳ᠎ᠤᠨ ᠭᠦᠢ᠍ᠴᠡᠳ ᠠᠵᠢᠯ ᠣᠯᠭᠣᠯᠲᠠ᠎ᠳᠤ ᠬᠦᠴᠦᠨ ᠨᠡᠮᠡᠷᠢᠯᠡᠬᠦ ᠪᠤᠯᠤᠨ᠎ᠠ᠃ ᠲᠣᠰ  ᠠᠵᠢᠯᠲᠠᠨ ᠡᠯᠰᠡᠬᠦ ᠴᠤᠭᠯᠠᠭ᠋ᠠᠨ᠎ᠢ ᠰᠦᠯᠵᠢᠶᠡᠨ ᠳᠡᠭᠡᠷ᠎ᠡ ᠠᠳᠠᠯᠢ ᠠᠯᠬᠤᠮ ᠵᠶ᠋ᠠᠷ ᠥᠷᠨᠢᠭᠦᠯᠵᠦ᠂ 600 ᠭᠠᠷᠤᠢ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠣᠷᠣᠯᠴᠠᠵᠤ᠂ ᠨᠡᠶ᠋ᠢᠲᠡ 2200 ᠭᠠᠷᠤᠢ ᠠᠵᠢᠯ᠎ᠤᠨ ᠪᠠᠢ᠌ᠷᠢ ᠬᠠᠩᠭ᠋ᠠᠵᠤ᠂ 1.7 ᠲᠦᠮᠡ ᠭᠠᠷᠤᠢ ᠬᠥᠮᠥᠨ᠎ᠢ ᠤᠷᠢᠵᠠᠢ᠃
   ᠬᠥᠬᠡᠬᠣᠲᠠ ᠵᠢᠨ ᠪᠢᠴᠢᠭ᠎ᠤᠨ ᠰᠤᠷᠭ᠋ᠠᠯ᠎ᠤᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠲᠥᠪ᠎ᠤᠨ ᠬᠠᠷᠢᠭᠤᠴᠠᠯᠭ᠋ᠠᠲᠠᠨ ᠸᠠᠩ ᠮᠸᠡᠭ᠄ 《ᠪᠢᠳᠡᠨ᠎ᠤ ᠡᠯᠰᠡᠵᠦ ᠪᠠᠢ᠌ᠭ᠎ᠠ ᠠᠵᠢᠯ᠎ᠤᠨ ᠪᠠᠢ᠌ᠷᠢ ᠪᠣᠯ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠲᠥᠪ᠎ᠤᠨ ᠬᠠᠷᠢᠭᠤᠴᠠᠯᠭ᠋ᠠᠲᠠᠨ ᠪᠠ ᠺᠠᠳ᠋ᠷ᠎ᠢ ᠨᠥᠭᠡᠴᠡᠯᠡᠬᠦ ᠠᠵᠢᠯ ᠪᠣᠯᠣᠨ᠎ᠠ᠃ ᠲᠤᠬᠠᠢ ᠵᠢᠨ ᠲᠠᠯᠠᠪᠠᠶ᠎ᠳᠤ ᠴᠥᠭᠡᠨ ᠪᠤᠰᠤ ᠲᠣᠪᠴᠢ ᠨᠠᠮᠲᠠᠷ᠎ᠢ ᠣᠯᠵᠤ᠂ ᠰᠤᠷᠤᠭᠴᠢᠳ ᠦᠨᠳᠦᠰᠦᠨ ᠱᠠᠲᠤᠨ᠎ᠤ ᠨᠡᠢ᠌ᠭᠡᠮ ᠲᠣᠭᠣᠷᠢᠭ᠎ᠤᠨ ᠠᠵᠢᠯ᠎ᠢ ᠨᠡᠯᠢᠶᠡᠳ ᠮᠡᠳᠡᠷᠡᠵᠦ ᠪᠠᠢ᠌ᠨ᠎ᠠ᠂ ᠲᠣᠬᠢᠷᠠᠮᠵᠢᠲᠠᠢ ᠲᠡᠭᠦᠰᠬᠦ ᠰᠤᠷᠤᠭᠴᠢ ᠵᠢ ᠡᠷᠢᠵᠦ ᠨᠥᠭᠡᠴᠡᠯᠡᠬᠦ ᠺᠠᠳ᠋ᠷ᠎ᠤᠨ ᠬᠤᠪᠢ᠎ᠪᠠᠷ ᠬᠥᠮᠥᠵᠢᠭᠦᠯᠬᠦ ᠵᠢ ᠬᠦᠰᠡᠵᠦ ᠪᠠᠢ᠌ᠨ᠎ᠠ》 ᠭᠡᠵᠤ ᠬᠡᠯᠡᠪᠡ᠃
    ᠠᠵᠢᠯᠲᠠᠨ ᠡᠯᠰᠡᠬᠦ ᠴᠤᠭᠯᠠᠭ᠋ᠠᠨ᠎ᠤ ᠲᠤᠬᠠᠢ ᠵᠢᠨ ᠲᠠᠯᠠᠪᠠᠶ᠎ᠳᠤ ᠬᠥᠮᠥᠨ ᠣᠯᠠᠨ ᠴᠤᠭᠯᠠᠷᠠᠵᠠᠢ᠃ ᠠᠵᠤ ᠠᠬᠤᠢ᠌ᠯᠠᠯ᠎ᠤᠨ ᠠᠵᠢᠯᠲᠠᠨ ᠡᠯᠰᠡᠬᠦ ᠲᠤᠰᠬᠠᠢ ᠲᠤᠰᠢᠶᠠᠯᠲᠠᠨ ᠺᠣᠮᠫᠠᠨᠢ ᠵᠢᠨ ᠬᠥᠭᠵᠢᠯᠲᠡ ᠵᠢᠨ ᠪᠠᠢ᠌ᠳᠠᠯ᠂ ᠠᠵᠢᠯ᠎ᠤᠨ ᠪᠠᠢ᠌ᠷᠢ ᠵᠢᠨ ᠱᠠᠭ᠋ᠠᠷᠳᠠᠯᠭ᠎ᠠ ᠪᠠ  ᠬᠦᠭᠵᠢᠬᠦᠯᠤᠯᠳᠡ ᠵᠢᠨ ᠢᠷᠡᠭᠡᠳᠦᠢ ᠵᠢ ᠰᠤᠷᠤᠭᠴᠢᠳ᠎ᠲᠤ ᠬᠠᠯᠠᠭᠤᠨ ᠵᠶ᠋ᠠᠷ ᠲᠠᠨᠢᠯᠴᠠᠭᠤᠯᠵᠤ ᠪᠠᠢ᠌ᠨ᠎ᠠ᠃ ᠠᠵᠢᠯ ᠡᠷᠢᠬᠦ᠎ᠪᠠᠷ ᠢᠷᠡᠭᠰᠡᠨ ᠲᠡᠭᠦᠰᠬᠦ ᠰᠤᠷᠤᠭᠴᠢᠳ ᠰᠣᠷᠣᠭᠰᠠᠨ ᠲᠤᠰᠬᠠᠢ ᠮᠡᠷᠭᠡᠵᠢᠯ ᠪᠠ ᠬᠤᠪᠢ ᠬᠥᠮᠥᠨ᠎ᠤ ᠳᠤᠷ᠎ᠠ ᠰᠣᠨᠢᠷᠬᠠᠯ᠎ᠲᠠᠢ᠎ᠪᠠᠨ ᠤᠶᠠᠯᠳᠤᠭᠤᠯᠤᠨ᠂ ᠠᠵᠤ ᠠᠬᠤᠢ᠌ᠯᠠᠯ᠎ᠳᠤ ᠲᠣᠪᠴᠢ ᠨᠠᠮᠲᠠᠷ ᠵᠶ᠋ᠠᠨ ᠢᠳᠡᠪᠬᠢᠲᠡᠢ ᠬᠦᠷᠭᠡᠵᠦ ᠪᠠᠢ᠌ᠨ᠎ᠠ᠃
  ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠦᠢ᠍ᠯᠡᠰ ᠪᠣᠰᠬᠠᠬᠤ ᠳᠡᠭᠡᠳᠦ ᠰᠤᠷᠭ᠋ᠠᠭᠤᠯᠢ ᠵᠢᠨ ᠲᠡᠭᠦᠰᠬᠦ ᠰᠤᠷᠤᠭᠴᠢ ᠮᠠ ᠵᠢᠶᠦ᠋ᠨ ᠫᠢᠩ ᠄  《ᠮᠢᠨᠤ ᠲᠤᠰᠬᠠᠢ ᠮᠡᠷᠭᠡᠵᠢᠯ ᠪᠣᠯ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠂ ᠡᠨᠡ ᠠᠵᠢᠯᠲᠠᠨ ᠡᠯᠰᠡᠬᠦ ᠴᠤᠭᠯᠠᠭ᠋ᠠᠨ᠎ᠳᠤ ᠬᠣᠶᠠᠷ ᠠᠵᠤ ᠠᠬᠤᠢ᠌ᠯᠠᠯ᠎ᠤᠨ ᠠᠵᠢᠯᠲᠠᠨ ᠡᠯᠰᠡᠬᠦ ᠠᠵᠢᠯ᠎ᠤᠨ ᠪᠠᠢ᠌ᠷᠢ᠎ᠨᠢ ᠮᠢᠨᠤ ᠲᠤᠰᠬᠠᠢ ᠮᠡᠷᠭᠡᠵᠢᠯ᠎ᠲᠠᠢ ᠨᠡᠢ᠌ᠴᠡᠵᠦ ᠪᠠᠢ᠌ᠨ᠎ᠠ᠂ ᠪᠢ ᠴᠥᠮ ᠲᠣᠪᠴᠢ ᠨᠠᠮᠲᠠᠷ ᠵᠶ᠋ᠠᠨ ᠲᠤᠰᠢᠶᠠᠯ᠎ᠠ᠂ ᠳᠠᠷᠠᠭ᠎ᠠ ᠭᠠᠷᠠᠭ ᠨᠢᠭᠤᠷᠲᠠᠨ ᠰᠢᠯᠭ᠋ᠠᠬᠤ᠎ᠪᠠᠷ ᠣᠴᠢᠨ᠎ᠠ》 ᠭᠡᠵᠦ ᠬᠡᠯᠡᠪᠡ᠃

 






    

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠢᠳᠤᠨᠤᠨ ᠮᠠᠨ᠎ᠤ ᠤᠷᠤᠨ᠎ᠤ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠵᠤ ᠬᠡᠷᠡᠭᠯᠡᠭᠡ ᠵᠢ ᠳᠠᠢ᠌ᠴᠢᠯᠠᠭᠰᠠᠨ ᠬᠡᠮᠵᠢᠶ᠎ᠡ 300 ᠳ᠋ᠦᠩᠰᠢᠭᠤᠷ ᠲᠥᠭᠥᠷᠢᠭ᠎ᠢ ᠲᠠᠪᠠᠭ᠋ᠠᠳ ᠵᠠᠭᠤᠨ ᠲᠦᠮᠡᠨ ᠤᠳᠠᠭ᠎ᠠ᠎ᠳᠤ ᠠᠰᠢᠭ ᠬᠦᠷᠲᠡᠭᠡᠪᠡ
ᠮᠠᠨ᠎ᠤ ᠤᠷᠤᠨ᠎ᠤ᠎ᠬᠢᠨ 26.55 ᠳ᠋ᠦᠩᠰᠢᠭᠤᠷ ᠲᠥᠭᠥᠷᠢᠭ᠎ᠤᠨ ᠪᠡᠯᠡ ᠤᠷᠤᠭᠤᠯᠵᠤ 356 ᠲᠦᠮᠡᠨ ᠮᠦ᠍ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠤᠭ᠋ᠠᠳ ᠲᠦᠷᠤᠬᠦᠤ ᠤᠯᠠᠷᠢᠯ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠪᠠ
ᠬᠠᠩᠰᠢ ᠵᠢᠨ ᠠᠮᠠᠷᠠᠯᠲᠠ ᠵᠢᠨ ᠬᠣᠶᠠᠳᠤᠭ᠋ᠠᠷ ᠡᠳᠦᠷ ᠥᠪᠥᠷ ᠮᠣᠩᠭᠣᠯ᠎ᠤᠨ ᠰᠣᠶᠣᠯ᠎ᠤᠨ ᠲᠠᠯᠠᠪᠠᠶ ᠣᠷᠳᠣᠨ᠎ᠤ᠎ᠬᠢᠨ 33 ᠲᠦᠮᠡᠨ ᠵᠤᠭ᠋ᠠᠴᠠᠭᠰᠠᠳ᠎ᠢ ᠭᠥᠯᠢᠶᠡᠨ ᠠᠪᠤᠪᠠ
ᠦᠨᠡᠬᠡᠷᠡᠨ ᠱᠠᠩᠨᠠᠯ ᠬᠦᠷᠲᠡᠴᠢᠬᠡᠯ᠎ᠡ
ᠮᠢᠨᠤ ᠰᠤᠷᠤᠯᠭ᠎ᠠ ᠵᠢᠨ ᠵᠠᠮ
 
            