ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠮᠡᠳᠡᠭᠡ᠎ᠪᠠᠷ 2024 ᠣᠨ᠎ᠳᠤ ᠥᠪᠥᠷ ᠮᠣᠩᠭᠣᠯ᠎ᠤᠨ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠵᠤ᠂ ᠪᠥᠬᠥ ᠣᠷᠣᠨ᠎ᠤ ᠮᠠᠰᠢᠨ ᠲᠡᠷᠭᠡ᠂ ᠭᠡᠷ᠎ᠤᠨ ᠴᠠᠬᠢᠯᠭ᠋ᠠᠨ ᠬᠡᠷᠡᠭᠰᠡᠯ᠂ ᠭᠡᠷ᠎ᠤᠨ ᠴᠢᠮᠡᠭᠯᠡᠯ ᠲᠣᠭᠣᠭ᠋ᠠᠨ ᠭᠡᠷ᠂ ᠴᠠᠬᠢᠯᠭ᠋ᠠᠨ ᠬᠥᠳᠡᠯᠭᠡᠭᠦᠷᠲᠦ ᠲᠡᠷᠭᠡ ᠵᠢᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ 94.4 ᠲᠦᠮᠡ ᠬᠦᠷᠴᠦ᠂ ᠬᠡᠷᠡᠭᠯᠡᠭᠡ ᠵᠢ ᠳᠠᠶ᠋ᠢᠴᠢᠯᠠᠨ 300 ᠳ᠋ᠦᠩᠰᠢᠭᠤᠷ ᠲᠥᠭᠥᠷᠢᠭ᠎ᠢ ᠳᠠᠪᠠᠵᠤ᠂ ᠵᠢᠱ᠌ᠢᠯᠲᠡ᠎ᠪᠠᠷ ᠬᠦᠷᠳᠡᠬᠦ ᠨᠥᠬᠥᠪᠦᠷᠢ 37.3 ᠳ᠋ᠦᠩᠰᠢᠭᠤᠷ ᠲᠥᠭᠥᠷᠢᠭ᠎ᠲᠤ ᠬᠦᠷᠴᠦ᠂ ᠣᠯᠠᠨ ᠲᠦᠮᠡᠨ᠎ᠳᠤ ᠵᠠᠭᠤᠨ ᠲᠦᠮᠡᠨ ᠤᠳᠠᠭ᠎ᠠ ᠠᠰᠢᠭ ᠬᠦᠷᠲᠡᠭᠡᠵᠦ᠂ ᠪᠥᠬᠥ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ 《ᠬᠠᠯᠠᠮᠰᠢᠯ》 ᠬᠦᠴᠦᠨ ᠲᠡᠭᠦᠯᠳᠡᠷ ᠪᠣᠯᠵᠤ᠂ ᠬᠡᠷᠡᠭᠯᠡᠭᠡᠨ᠎ᠤ ᠨᠦᠬᠡᠴᠡ ᠬᠦᠴᠤᠨ᠎ᠢ ᠲᠦᠷᠭᠡᠨ ᠪᠠᠳᠠᠷᠠᠭᠤᠯᠪᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ᠎ᠬᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋᠎ᠤᠨ ᠵᠠᠰᠠᠭ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ 2024 ᠣᠨ᠎ᠤ 4 ᠳ᠋ᠤᠬᠡᠷ ᠰᠠᠷ᠎ᠠ ᠵᠢᠨ 24᠎ᠤ ᠡᠳᠦᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠠᠵᠢᠯᠯᠠᠭ᠋ᠠᠨ᠎ᠤ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠮᠠᠰᠢᠨ ᠲᠡᠷᠭᠡ᠂ ᠭᠡᠷ᠎ᠤᠨ ᠴᠠᠬᠢᠯᠭ᠋ᠠᠨ ᠬᠡᠷᠡᠭᠰᠡᠯ᠂ ᠲᠣᠭᠣᠭ᠋ᠠᠨ ᠭᠡᠷ᠎ᠤᠨ ᠬᠡᠷᠡᠭᠰᠡᠯ᠂ ᠴᠠᠬᠢᠯᠭ᠋ᠠᠨ ᠬᠥᠳᠡᠯᠭᠡᠭᠦᠷᠲᠦ ᠲᠡᠷᠬᠡ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠦᠷᠦ ᠵᠢᠨ ᠪᠣᠳᠣᠯᠭ᠎ᠠ ᠵᠢ ᠵᠠᠯᠭ᠋ᠠᠭ᠎ᠠ᠎ᠪᠠᠷ ᠨᠡᠢ᠌ᠲᠡᠯᠡᠵᠦ ᠨᠥᠬᠥᠪᠦᠷᠢ ᠭᠤᠶᠤᠴᠢᠯᠠᠬᠤ ᠵᠢ ᠬᠢᠨᠠᠬᠤ ᠲᠠᠪᠴᠠᠩ᠎ᠢ ᠪᠠᠢ᠌ᠭᠤᠯᠵᠤ᠂ ᠨᠥᠬᠥᠪᠦᠷᠢ ᠥᠭᠬᠦ ᠲᠦᠷᠦᠯ ᠵᠦᠢ᠍ᠯ᠎ᠢ ᠥᠷᠭᠡᠳᠬᠡᠪᠡ᠂ ᠡᠭᠦᠨ᠎ᠳᠤ ᠭᠡᠷ᠎ᠤᠨ ᠴᠠᠬᠢᠯᠭ᠋ᠠᠨ ᠬᠡᠷᠡᠭᠰᠡᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ ᠤᠯᠤᠰ᠎ᠤᠨ ᠱᠠᠭ᠋ᠠᠷᠳᠠᠯᠭ᠎ᠠ ᠵᠢᠨ ᠰᠠᠭᠤᠷᠢᠨ ᠳᠡᠭᠡᠷ᠎ᠡ ᠰᠢᠨ᠎ᠡ᠎ᠪᠠᠷ 7 ᠲᠦᠷᠦᠯ᠎ᠢ ᠨᠡᠮᠡᠭᠳᠡᠭᠦᠯᠵᠦ᠂ ᠭᠡᠷ᠎ᠤᠨ ᠴᠠᠬᠢᠯᠭ᠋ᠠᠨ ᠬᠡᠷᠡᠭᠰᠡᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ ᠨᠥᠬᠥᠪᠦᠷᠢ ᠥᠭᠬᠦ ᠲᠦᠷᠦᠯ ᠵᠦᠢ᠍ᠯ᠎ᠢ ᠨᠡᠢ᠍ᠢ᠍ᠳᠡ 15 ᠪᠣᠯᠭ᠋ᠠᠪᠠ᠃
2024 ᠣᠨ᠎ᠳᠤ ᠮᠠᠨ᠎ᠤ ᠤᠷᠤᠨ᠎ᠤ᠎ᠬᠢᠨ 19.2 ᠲᠦᠮᠡ ᠬᠠᠭᠤᠴᠢᠨ ᠮᠠᠰᠢᠨ᠎ᠢ ᠰᠢᠨ᠎ᠡ᠎ᠪᠠᠷ ᠰᠣᠯᠢᠵᠤ᠂ ᠬᠡᠷᠡᠭᠯᠡᠭᠡ ᠵᠢ ᠳᠠᠢ᠌ᠴᠢᠯᠠᠭᠰᠠᠨ᠎ᠨᠢ 260 ᠳ᠋ᠦᠩᠰᠢᠭᠤᠷ ᠲᠥᠭᠥᠷᠢᠭ᠎ᠢ ᠳᠠᠪᠠᠵᠠᠢ᠃ 63 ᠲᠦᠮᠡᠨ ᠭᠡᠷ᠎ᠤᠨ ᠴᠠᠬᠢᠯᠭ᠋ᠠᠨ ᠬᠡᠷᠡᠭᠰᠡᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠵᠤ᠂ 28.4 ᠳ᠋ᠦᠩᠰᠢᠭᠤᠷ ᠲᠥᠭᠥᠷᠢᠭ᠎ᠤᠨ ᠬᠡᠷᠡᠭᠯᠡᠭᠡ ᠵᠢ ᠳᠠᠶ᠋ᠢᠴᠢᠯᠠᠪᠠ᠃ ᠭᠡᠷ᠎ᠤᠨ ᠴᠢᠮᠡᠭᠯᠡᠯ ᠲᠣᠭᠣᠭ᠋ᠠᠨ ᠭᠡᠷ᠎ᠤᠨ ᠬᠡᠷᠡᠭᠰᠡᠯ᠎ᠢ 15.8 ᠲᠦᠮᠡᠨ ᠰᠣᠯᠢᠵᠤ᠂ 10.9 ᠳ᠋ᠦᠩᠰᠢᠭᠤᠷ ᠲᠥᠭᠥᠷᠢᠭ᠎ᠤᠨ ᠬᠡᠷᠡᠭᠯᠡᠭᠡ ᠵᠢ ᠳᠠᠶ᠋ᠢᠴᠢᠯᠠᠪᠠ᠃ 4025 ᠴᠠᠬᠢᠯᠭ᠋ᠠᠨ ᠬᠥᠳᠡᠯᠭᠡᠭᠦᠷᠲᠦ ᠬᠠᠭᠤᠴᠢᠨ ᠲᠡᠷᠭᠡ ᠵᠢ ᠰᠢᠨ᠎ᠡ᠎ᠪᠠᠷ ᠰᠣᠯᠢᠵᠤ᠂ 766.7 ᠲᠦᠮᠡᠨ ᠲᠥᠭᠥᠷᠢᠭ᠎ᠤᠨ ᠬᠡᠷᠡᠭᠯᠡᠭᠡ ᠵᠢ ᠳᠠᠶ᠋ᠢᠴᠢᠯᠠᠪᠠ᠃
2024 ᠣᠨ᠎ᠳᠤ ᠥᠪᠥᠷ ᠮᠣᠩᠭᠣᠯ ᠨᠡᠶ᠋ᠢᠲᠡ 11 ᠲᠦᠮᠡᠨ ᠬᠠᠭᠤᠴᠢᠨ ᠭᠡᠷ᠎ᠤᠨ ᠴᠠᠬᠢᠯᠭ᠋ᠠᠨ ᠬᠡᠷᠡᠭᠰᠡᠯ᠎ᠢ ᠬᠣᠷᠢᠶᠠᠨ ᠠᠪᠤᠪᠠ᠃ ᠮᠠᠰᠢᠨ ᠲᠡᠷᠭᠡ ᠬᠠᠭᠤᠴᠢᠨ ᠵᠶ᠋ᠠᠷ ᠰᠢᠨ᠎ᠡ ᠵᠢ ᠰᠣᠯᠢᠵᠤ 16 ᠲᠦᠮᠡᠨ ᠬᠡᠷᠡᠭᠯᠡᠭᠡᠨ᠎ᠠᠴᠠ ᠭᠠᠷᠭ᠋ᠠᠭᠰᠠᠨ ᠮᠠᠰᠢᠨ ᠲᠡᠷᠭᠡ ᠵᠢ ᠳᠠᠶ᠋ᠢᠴᠢᠯᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 146.4%᠎ᠪᠠᠷ ᠨᠡᠮᠡᠭᠳᠡᠪᠡ᠃ ᠬᠣᠲᠠ ᠬᠥᠳᠡᠭᠡ ᠵᠢᠨ ᠡᠭᠡᠭᠦᠯᠦᠨ ᠬᠤᠷᠢᠶᠠᠬᠤ ᠲᠣᠣᠷ ᠰᠦᠯᠵᠢᠶᠡᠨ᠎ᠤ ᠦᠢ᠍ᠯᠡᠴᠢᠯᠡᠭᠡ ᠵᠢᠨ ᠬᠠᠮᠤᠷᠬᠤ ᠬᠡᠪᠴᠢᠶ᠎ᠡ ᠬᠦᠷᠦᠯᠴᠡᠬᠦ ᠦᠭᠡᠢ ᠳᠤᠲᠠᠭᠤᠳᠠᠯ᠎ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ᠎ᠬᠢᠨ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠰᠢᠰᠲᠸᠮ᠎ᠤᠨ ᠪᠠᠢ᠌ᠭᠤᠯᠤᠯᠲᠠ ᠵᠢ 2025 ᠣᠨ᠎ᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠰᠢᠰᠲᠸᠮ᠎ᠤᠨ ᠪᠠᠢ᠌ᠭᠤᠯᠤᠯᠲᠠ ᠵᠢ ᠳᠡᠮᠵᠢᠬᠦ ᠬᠡᠪᠴᠢᠶᠡᠨ᠎ᠳᠤ ᠣᠷᠣᠭᠤᠯᠪᠠ᠃