ᠣᠢ᠌ᠷ᠎ᠠ᠎ᠳᠤ᠂ 5901 ᠤᠯᠤᠰ᠎ᠤᠨ ᠵᠠᠰᠠᠮᠠᠯ ᠵᠠᠮ᠎ᠤᠨ ᠬᠥᠬᠡᠬᠣᠲᠠ ᠵᠢ ᠲᠣᠭᠣᠷᠢᠭᠰᠠᠨ ᠲᠦᠷᠭᠡᠨ᠎ᠤ ᠵᠠᠰᠠᠮᠠᠯ ᠵᠠᠮ᠎ᠤᠨ ᠵᠣᠣ ᠵᠢᠶᠦ᠋ᠨ᠎ᠤ ᠰᠦᠢ᠍ᠳᠬᠡᠯ ᠬᠤᠷᠢᠶᠠᠬᠤ ᠭᠠᠵᠠᠷ᠎ᠲᠤ ᠪᠠᠷᠠᠭ᠋ᠠᠨ᠎ᠤ ᠲᠡᠷᠭᠡ ᠰᠠᠭ᠋ᠠᠳ ᠦᠭᠡᠢ ᠨᠡᠪᠲᠡᠷᠡᠵᠦ ᠪᠠᠢ᠌ᠨ᠎ᠠ᠃ 5 ᠰᠠᠷ᠎ᠠ᠎ᠳᠤ ᠲᠦᠷᠭᠡᠨ᠎ᠤ ᠵᠠᠮ᠎ᠤᠨ ᠤᠷᠤᠴᠨ ᠲᠡᠬᠡᠷᠡᠬᠢ ᠬᠢᠵᠢᠭ ᠰᠡᠷᠭᠡᠢ᠌ᠯᠡᠬᠦ ᠰᠢᠨ᠎ᠡ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ᠎ᠠᠴᠠ ᠨᠠᠭ᠋ᠠᠰᠢ ᠪᠠᠷᠠᠭ᠋ᠠᠨ᠎ᠤ ᠲᠡᠷᠭᠡ ᠵᠢᠨ ᠨᠡᠪᠲᠡᠷᠡᠯᠲᠡ ᠳᠠᠬᠢᠨᠲᠠ ᠲᠦᠷᠭᠡᠰᠪᠡ᠃ ᠲᠣᠰ ᠥᠷᠲᠡᠭᠡ᠎ᠪᠠᠷ ᠡᠳᠦᠷ ᠳᠤᠮᠳᠠᠴᠢ᠎ᠪᠠᠷ 2000 ᠠᠴᠢᠶᠠᠨ᠎ᠤ ᠮᠠᠰᠢᠨ ᠨᠡᠪᠲᠡᠷᠡᠵᠦ᠂ ᠲᠦᠷᠦᠭᠦᠸ᠋ ᠬᠣᠶᠠᠷ ᠰᠠᠷ᠎ᠠ ᠵᠢᠨ᠎ᠬᠢ᠎ᠠᠴᠠ 1000 ᠭᠠᠷᠤᠢ ᠨᠡᠮᠡᠭᠳᠡᠵᠡᠢ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠬᠤᠷᠢᠶᠠᠩᠭᠤᠢ᠌ᠯᠠᠭᠰᠠᠨ ᠲᠣᠭ᠎ᠠ ᠪᠠᠷᠢᠮᠲᠠ ᠵᠢ ᠦᠨᠳᠦᠰᠦᠯᠡᠪᠡᠯ᠂ ᠣᠳᠣᠬᠠᠨ᠎ᠳᠤ ᠪᠥᠬᠥ ᠣᠷᠣᠨ᠎ᠤ ᠵᠠᠰᠠᠮᠠᠯ ᠵᠠᠮ᠎ᠤᠨ ᠪᠠᠷᠠᠭ᠋ᠠᠨ᠎ᠤ ᠲᠡᠭᠡᠭᠡᠪᠦᠷᠢ ᠪᠠᠷᠠᠭ᠋ᠠᠨ᠎ᠤ ᠭᠦᠢ᠍ᠯᠭᠡᠭᠡ ᠦᠷᠭᠦᠯᠵᠢᠯᠡᠨ ᠰᠠᠢ᠌ᠵᠢᠷᠠᠵᠤ ᠪᠠᠢ᠌ᠨ᠎ᠠ᠃
7 ᠳ᠋ᠤᠭ᠋ᠠᠷ ᠰᠠᠷ᠎ᠠ᠎ᠠᠴᠠ ᠨᠠᠭ᠋ᠠᠰᠢ᠂ ᠮᠠᠨ᠎ᠤ ᠣᠷᠣᠨ᠎ᠤ ᠲᠦᠷᠬᠡᠨ᠎ᠤ ᠵᠠᠰᠠᠮᠠᠯ ᠵᠠᠮ᠎ᠤᠨ ᠡᠳᠦᠷ ᠳᠤᠮᠳᠠᠴᠢ ᠵᠢᠨ ᠪᠠᠷᠠᠭ᠋ᠠᠨ᠎ᠤ ᠲᠡᠷᠭᠡ ᠵᠢᠨ ᠤᠷᠤᠰᠬᠠᠯ᠎ᠤᠨ 10 ᠡᠳᠦᠷ ᠳᠠᠷᠠᠭ᠋ᠠᠯᠠᠨ 10 ᠲᠦᠮᠡ ᠵᠢ ᠳᠠᠪᠠᠵᠤ᠂ 4 ᠳ᠋ᠤᠬᠡᠷ ᠰᠠᠷ᠎ᠠ ᠵᠢᠨ 18᠎ᠤ ᠡᠳᠦᠷ᠎ᠤᠨ ᠪᠥᠬᠥ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ᠂ ᠠᠵᠤ ᠦᠢ᠍ᠯᠡᠰ᠎ᠤᠨ ᠬᠡᠯᠬᠢᠶ᠎ᠡ ᠵᠢᠨ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠪᠠᠢ᠌ᠬᠤ ᠵᠢ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠬᠤ᠎ᠠᠴᠠ ᠡᠮᠦᠨᠡᠬᠢ᠎ᠲᠠᠢ ᠬᠠᠷᠢᠴᠠᠭᠤᠯᠪᠠᠯ 14.9%᠎ᠪᠠᠷ ᠨᠡᠮᠡᠭᠳᠡᠵᠦ᠂ ᠦᠨᠳᠦᠰᠦᠨ᠎ᠳᠤ᠎ᠪᠠᠨ ᠬᠡᠪ᠎ᠤᠨ ᠬᠢᠷᠢ ᠲᠦᠪᠰᠢᠨ᠎ᠳᠤ ᠡᠵᠡᠩᠨᠡᠯᠲᠡ ᠵᠢᠨ ᠴᠢᠨᠠᠷᠲᠠᠢ ᠵᠠᠰᠠᠮᠠᠯ ᠵᠠᠮ᠎ᠤᠨ ᠡᠳᠦᠷ ᠳᠤᠮᠳᠠᠴᠢ ᠵᠢᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 450 ᠲᠦᠮᠡᠨ ᠲᠣᠨ᠎ᠳᠤ ᠬᠦᠷᠴᠦ᠂ 4 ᠰᠠᠷ᠎ᠠ ᠵᠢᠨ 18᠎ᠤ ᠡᠳᠦᠷᠤᠨᠬᠢᠠᠴᠠ 23.8%᠎ᠪᠠᠷ ᠨᠡᠮᠡᠭᠳᠡᠨ᠂ ᠨᠢᠳᠤᠨᠤᠨ᠎ᠤ ᠠᠳᠠᠯᠢ ᠬᠤᠭᠤᠴᠠᠭ᠋ᠠᠨ᠎ᠤ ᠬᠢᠷᠢ ᠲᠦᠪᠰᠢᠨ᠎ᠠᠴᠠ ᠳᠠᠪᠠᠵᠠᠢ᠃7 ᠰᠠᠷ᠎ᠠ ᠵᠢᠨ 11᠎ᠤ ᠡᠳᠦᠷ᠎ᠤᠨ 24 ᠴᠠᠭ ᠪᠣᠯᠲᠠᠯ᠎ᠠ᠂ ᠪᠥᠬᠥ ᠣᠷᠣᠨ᠎ᠤ ᠲᠦᠷᠭᠡᠨ ᠳᠠᠪᠬᠢᠬᠤ ᠵᠠᠰᠠᠮᠠᠯ ᠵᠠᠮ᠎ᠳᠤ ᠲᠦᠷ ᠴᠠᠭ ᠬᠠᠭ᠋ᠠᠵᠤ ᠵᠣᠭᠰᠣᠭ᠋ᠠᠭᠰᠠᠨ ᠰᠦᠢ᠍ᠳᠬᠡᠯ ᠬᠤᠷᠢᠶᠠᠬᠤ ᠥᠷᠲᠡᠭᠡ ᠪᠠ ᠦᠢ᠍ᠯᠡᠴᠢᠯᠡᠭᠡᠨ᠎ᠤ ᠲᠣᠭᠣᠷᠢᠭ ᠪᠠᠢ᠌ᠬᠤ ᠦᠭᠡᠢ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠲᠡᠭᠡᠭᠡᠪᠦᠷᠢ ᠵᠢᠨ ᠲᠢᠩᠬᠢᠮ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠢᠯᠡᠷᠬᠡᠢ᠌ᠯᠡᠬᠦ᠎ᠳᠡᠭᠡᠨ᠂ ᠲᠠᠷᠠᠭ᠋ᠠᠴᠢ ᠵᠢᠨ ᠠᠯᠬᠤᠮ᠎ᠳᠤ᠂ ᠪᠥᠬᠥ ᠣᠷᠣᠨ᠎ᠤ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠠᠵᠢᠯ᠎ᠤᠨ ᠭᠣᠣᠯᠳᠠᠯᠭ᠎ᠠ᠎ᠪᠠᠨ ᠪᠠᠴᠢᠮ᠎ᠢ ᠠᠷᠭ᠋ᠠᠴᠠᠭ᠋ᠠᠵᠤ ᠰᠠᠭ᠋ᠠᠳ ᠦᠭᠡᠢ ᠨᠡᠪᠲᠡᠷᠡᠬᠦ ᠵᠢ ᠪᠠᠲᠤᠯᠠᠵᠤ ᠪᠠᠢ᠌ᠭᠰᠠᠨ᠎ᠠᠴᠠ᠎ᠪᠠᠨ ᠦᠷ᠎ᠡ ᠪᠦᠲᠦᠭᠡᠯ ᠵᠶ᠋ᠡᠨ ᠪᠡᠬᠢᠵᠢᠭᠦᠯᠦᠨ ᠥᠷᠭᠡᠳᠬᠡᠬᠦ ᠳᠠᠰᠢ ᠰᠢᠯᠵᠢᠭᠦᠯᠵᠦ᠂ ᠮᠥᠷᠳᠡᠨ ᠲᠣᠬᠢᠷᠠᠭᠤᠯᠬᠤ ᠵᠢ ᠴᠢᠩᠭ᠋ᠠᠳᠬᠠᠨ᠂ ᠠᠰᠠᠭᠤᠳᠠᠯ ᠳᠠᠬᠢᠨ ᠡᠭᠦᠰᠬᠦ ᠵᠢ ᠰᠡᠷᠬᠡᠢ᠌ᠯᠡᠨᠡ᠃ ᠡᠭᠦᠨ᠎ᠤ ᠵᠡᠷᠭᠡ᠎ᠳᠤ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ ᠰᠢᠢ᠍ᠳᠪᠦᠷᠢᠯᠡᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ᠂ ᠵᠣᠨ᠎ᠤ ᠣᠷᠭᠢᠯ ᠦᠶ᠎ᠡ ᠵᠢᠨ ᠬᠡᠷᠡᠭᠴᠡᠭᠡ ᠵᠢ ᠪᠠᠲᠤᠯᠠᠬᠤ᠎ᠳᠤ ᠦᠢ᠍ᠯᠡᠴᠢᠯᠡᠬᠦ᠂ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠪᠠᠴᠢᠮ᠎ᠢ ᠠᠷᠭ᠋ᠠᠴᠠᠭ᠋ᠠᠬᠤ ᠪᠡᠯᠡᠳᠬᠡᠯ ᠵᠡᠷᠭᠡ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠠᠳᠬᠤᠵᠤ᠂ ᠡᠳ᠋ ᠪᠠᠷᠠᠭ᠋ᠠᠨ᠎ᠤ ᠭᠦᠢ᠍ᠯᠭᠡᠭᠡ ᠵᠢ ᠪᠥᠬᠥ ᠬᠦᠴᠦᠨ ᠵᠶ᠋ᠡᠷ ᠵᠶ᠋ᠡᠨ ᠰᠠᠭ᠋ᠠᠳ ᠦᠭᠡᠢ ᠨᠠᠪᠲᠠᠷᠡᠭᠦᠯᠵᠦ᠂ ᠠᠵᠤ ᠠᠬᠤᠢ ᠵᠢᠨ ᠲᠣᠭᠲᠠᠭᠤᠨ ᠠᠵᠢᠯᠯᠠᠭ᠋ᠠᠨ ᠪᠠ ᠠᠷᠠᠳ ᠣᠯᠠᠨ᠎ᠤ ᠦᠢ᠍ᠯᠡᠳᠪᠦᠷᠢᠯᠡᠯ ᠠᠮᠢᠳᠤᠷᠠᠯ᠎ᠳᠤ ᠬᠦᠴᠦᠲᠡᠢ ᠪᠠᠲᠤᠯᠠᠭ᠎ᠠ ᠬᠠᠡᠭᠭ᠋ᠠᠬᠤ ᠪᠤᠯᠤᠨ᠎ᠠ᠃