ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠵᠠᠰᠠᠭ ᠵᠠᠬᠢᠷᠭᠠᠨ᠎ᠤ ᠣᠷᠣᠨ ᠬᠤᠪᠢᠶᠠᠷᠯᠠᠯ᠎ᠤᠨ ᠭᠠᠵᠠᠷ᠎ᠤᠨ ᠨᠡᠷ᠎ᠡ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠵᠠᠰᠠᠭ ᠵᠠᠬᠢᠷᠭ᠋ᠠᠨ ᠎ᠤ ᠤᠷᠤᠨ ᠬᠤᠪᠢᠶᠠᠷᠢᠯᠠᠯ ᠭᠠᠵᠠᠷ᠎ᠤᠨ ᠨᠡᠷ᠎ᠡ ᠵᠢᠨ ᠭᠠᠵᠠᠷ᠎ᠤᠨ ᠦᠨᠳᠤᠰᠤᠨ ᠪᠠᠢ᠌ᠳᠠᠯ
ᠨᠡᠶᠢᠲᠡᠯᠡᠭᠰᠡᠨ ᠴᠠᠭ᠄ 2022-03-07

ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠵᠠᠰᠠᠭ ᠵᠠᠬᠢᠷᠭ᠋ᠠᠨ ᠎ᠤ ᠤᠷᠤᠨ  ᠬᠤᠪᠢᠶᠠᠷᠢᠯᠠᠯ  ᠭᠠᠵᠠᠷ᠎ᠤᠨ ᠨᠡᠷ᠎ᠡ ᠵᠢᠨ ᠭᠠᠵᠠᠷ᠎ᠤᠨ ᠦᠨᠳᠤᠰᠤᠨ ᠪᠠᠢ᠌ᠳᠠᠯ
      
                                                       

       ᠨᠢᠭᠡ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠬᠠᠮᠢᠶᠠᠷᠤᠯᠲᠠ
     ᠠᠷᠠᠳ᠎ᠤᠨ ᠶᠠᠪᠤᠳᠠᠯ᠎ᠤᠨ ᠶᠠᠮᠤᠨ ᠎ᠠᠴᠠ ᠬᠤᠪᠢᠶᠠᠷᠢᠯᠠᠭᠰᠠᠨ 《ᠬᠢᠯᠢ ᠬᠢᠵᠠᠭ᠋ᠠᠷ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠪᠦᠲᠦᠴᠡ ᠵᠢᠨ  ᠲᠣᠭᠳᠠᠯᠴᠠᠭ᠎ᠠ ᠪᠠ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ  ᠲᠣᠬᠢᠷᠠᠭᠤᠯᠤᠯᠲᠠ ᠵᠢ ᠰᠢᠯᠢᠳᠡᠭᠵᠢᠭᠦᠯᠬᠦ ᠰᠤᠳᠤᠯᠭ᠋ᠠᠨ᠎ᠤ ᠰᠡᠳᠦᠪ》᠎ᠢ  ᠪᠡᠶᠡᠯᠡᠭᠦᠯᠪᠡ; ᠮᠤᠵᠢ ᠵᠢᠨ  ᠳᠡᠰ᠎ᠤᠨ 《ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠬᠤᠭᠤᠴᠠᠭ᠋ᠠᠨ ᠎ᠳᠤ ᠎ᠬᠢ ᠬᠥᠬᠡᠬᠣᠲᠠ ᠪᠤᠭᠤᠲᠤ ᠣᠷᠳᠣᠰ ᠦᠬᠠᠢ ᠵᠢᠨ ᠣᠷᠣᠨ ᠪᠦᠰᠡ ᠵᠢᠨ ᠨᠢᠭᠡ ᠴᠤᠭᠴᠠᠵᠢᠯᠲᠠ ᠬᠢᠭᠡᠳ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ  ᠬᠠᠷᠢᠴᠠᠭ᠋ᠠᠨ᠎ᠤ ᠰᠤᠳᠤᠯᠭ᠋ᠠᠨ᠎ᠤ ᠰᠡᠳᠦᠪ》 ᠎ᠢ  ᠦᠷᠨᠢᠭᠥᠯᠪᠡ; ᠬᠥᠬᠡᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ ᠵᠢᠨ  ᠮᠡᠳᠡᠭᠥᠯᠦᠭᠰᠡᠨ 6   ᠲᠦᠷᠦᠯ᠎ᠤᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ  ᠶᠠᠪᠤᠳᠠᠯ᠎ᠤᠨ ᠲᠤᠬᠠᠢ ᠮᠠᠲ᠋ᠧᠷᠢᠶᠠᠯ᠎ᠢ ᠬᠢᠨᠠᠨ ᠬᠠᠷᠭᠤᠭᠤᠯᠬᠤ᠂ ᠲᠤᠬᠠᠶ ᠵᠢᠨ ᠭᠠᠵᠠᠷ ᠎ᠲᠤ᠎ᠨᠢ ᠪᠠᠶ᠋ᠢᠴᠠᠭ᠋ᠠᠨ  ᠰᠤᠳᠤᠯᠬᠤ᠂ ᠰᠠᠨᠠᠯ ᠬᠤᠷᠢᠶᠠᠬᠤ ᠵᠡᠷᠭᠡ ᠠᠵᠢᠯ᠎ᠢ ᠪᠡᠶᠡᠯᠡᠭᠦᠯᠪᠡ; ᠪᠥᠬᠥ ᠣᠷᠣᠨ᠎ᠤ 2019 ᠣᠨ᠎ᠠᠴᠠ 2021 ᠣᠨ  ᠬᠦᠷᠳᠡᠯᠡᠬᠢ ᠡᠯ᠎ᠡ ᠭᠠᠵᠠᠷ᠎ᠤᠨ ᠮᠡᠳᠡᠭᠦᠯᠦᠨ ᠬᠦᠷᠭᠡᠭᠰᠡᠨ 23  ᠲᠦᠷᠦᠯ᠎ᠤᠨ  ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠤᠪᠢᠷᠠᠭᠤᠯᠬᠤ   ᠶᠠᠪᠤᠳᠠᠯ᠎ᠢ ᠭᠥᠯᠢᠶᠡᠨ ᠠᠪᠴᠤ  ᠰᠢᠢ᠍ᠳᠪᠤᠷᠢᠯᠡᠭᠰᠡᠨ᠂  ᠭᠦᠢ᠍ᠴᠡᠳᠬᠡᠭᠰᠡᠨ ᠪᠠᠶ᠋ᠢᠳᠠᠯ ᠵᠶ᠋ᠠᠨ  ᠥᠪᠡᠷᠲᠡᠭᠡᠨ ᠵᠠᠰᠠᠬᠤ ᠣᠷᠣᠨ ᠎ᠤ ᠵᠠᠰᠠᠭ᠎ᠤᠨ ᠣᠷᠳᠣᠨ᠎ᠤ   ᠬᠤᠪᠢᠳᠠᠨ ᠬᠠᠮᠢᠶᠠᠷᠬᠤ  ᠲᠡᠷᠢᠭᠦᠯᠡᠭᠴᠢ᠎ᠳᠤ 2 ᠤᠳᠠᠭ᠎ᠠ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠬᠢᠵᠦ᠂ ᠠᠵᠢᠯ ᠵᠶ᠋ᠠᠨ ᠠᠬᠢᠭᠤᠯᠬᠤ ᠰᠠᠨᠠᠭᠤᠯᠭ᠎ᠠ ᠳᠤᠷᠠᠳᠪᠠ; 《ᠮᠣᠩᠭᠣᠯ ᠬᠢᠲᠠᠳ ᠬᠠᠷᠢᠴᠠᠭᠤᠯᠤᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷ᠎ᠡ ᠵᠢᠨ  ᠳᠣᠪᠴᠢᠯᠠᠯ ᠳᠡᠪᠲᠡᠷ 2021》 (ᠲᠤᠷᠰᠢᠨ ᠬᠡᠷᠡᠭᠵᠢᠭᠦᠯᠬᠦ ᠬᠡᠪᠯᠡᠯ)᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠵᠢᠷᠤᠭ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠤᠷᠤᠨ ᠬᠤᠪᠢᠶᠠᠷᠢᠯᠠᠯ᠎ᠤᠨ ᠵᠢᠷᠤᠭ᠎ᠤᠨ ᠲᠡᠭᠦᠪᠦᠷᠢ》 ᠵᠢ   ᠨᠠᠢ᠌ᠷᠠᠭᠤᠯᠤᠨ ᠦᠢ᠍ᠯᠡᠳᠬᠦ ᠡᠭᠦᠷᠭᠡ ᠎ᠪᠠᠨ ᠪᠡᠶᠡᠯᠡᠭᠦᠯᠪᠡ᠃
      ᠬᠣᠶᠠᠷ᠂ ᠭᠠᠵᠠᠷ ᠎ᠤᠨ ᠨᠡᠷ᠎ᠡ ᠵᠢᠨ ᠬᠠᠮᠢᠶᠠᠷᠤᠯᠲᠠ
   ᠠᠷᠠᠳ᠎ᠤᠨ ᠶᠠᠪᠤᠳᠠᠯ᠎ᠤᠨ ᠶᠠᠮᠤᠨ ᠎ᠠᠴᠠ ᠬᠢᠨᠠᠨ ᠬᠠᠷᠭᠤᠭᠤᠯᠵᠤ ᠳᠠᠩᠰᠠᠯᠠᠭᠰᠠᠨ ᠬᠣᠶᠠᠷ ᠪᠦᠯᠦᠭ ᠨᠡᠶ᠋ᠢᠲᠡ 21 ᠵᠤᠷᠪᠤᠰ ᠪᠦᠬᠦᠢ 《ᠭᠠᠳᠠᠭ᠋ᠠᠳᠤ ᠬᠡᠯᠡᠨ᠎ᠠᠴᠠ  ᠠᠪᠣᠭᠰᠠᠨ》 《  ᠳᠠᠪᠬᠤᠴᠠᠭᠰᠠᠨ》 ᠭᠠᠵᠠᠷ᠎ᠤᠨ ᠨᠡᠷ᠎ᠡ ᠵᠢ    ᠴᠡᠪᠡᠷᠯᠡᠵᠦ ᠴᠡᠭᠴᠡᠯᠡᠨ ᠵᠠᠰᠠᠬᠤ ᠠᠵᠢᠯ᠎ᠢ ᠥᠨᠳᠥᠷ ᠪᠦᠲᠦᠮᠵᠢᠲᠡᠶ᠎ᠪᠠᠷ ᠪᠡᠶᠡᠯᠡᠭᠦᠯᠪᠡ; ᠳᠤᠮᠳᠠᠳᠤ ᠤᠯᠤᠰ · ᠤᠯᠤᠰ᠎ᠤᠨ ᠭᠠᠵᠠᠷ᠎ᠤᠨ ᠨᠡᠷ᠎ᠡ ᠵᠢᠨ  ᠰᠤᠷᠠᠭ ᠵᠠᠩᠭᠢ ᠵᠢᠨ ᠬᠦᠮᠦᠷᠭᠡ ᠵᠢᠨ 2019  ᠣᠨ᠎ᠠᠴᠠ 2020 ᠣᠨ   ᠬᠦᠷᠲᠡᠯᠡᠬᠢ ᠥᠪᠡᠷᠲᠡᠭᠡᠨ ᠵᠠᠰᠠᠬᠤ ᠣᠷᠣᠨ᠎ᠤ ᠭᠠᠵᠠᠷ᠎ᠤᠨ ᠨᠡᠷ᠎ᠡ ᠵᠢᠨ  ᠰᠤᠷᠠᠭ ᠵᠠᠩᠭᠢ ᠵᠢ ᠨᠥᠬᠥᠪᠥᠷᠢᠯᠡᠬᠦ  ᠪᠠ ᠰᠢᠨᠡᠳᠬᠡᠬᠦ ᠠᠵᠢᠯ᠎ᠢ  ᠦᠷᠨᠢᠭᠦᠯᠵᠡᠢ; 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ᠎ᠤᠨ ᠨᠡᠷ᠎ᠡ ᠵᠢᠨ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ ᠵᠢ ᠮᠠᠭ᠋ᠠᠳᠯᠠᠨ ᠲᠣᠭᠲᠠᠭ᠋ᠠᠬᠤ ᠠᠵᠢᠯ ᠎ᠢ ᠬᠡᠷᠡᠭᠵᠢᠭᠦᠯᠬᠦ ᠲᠥᠰᠦᠯ》᠎ᠢ  ᠰᠤᠳᠤᠯᠤᠨ ᠲᠤᠭᠤᠷᠪᠢᠪᠠ;  《  ᠬᠤᠪᠢᠰᠬᠠᠯ᠎ᠤᠨ ᠭᠠᠵᠠᠷ᠎ᠤᠨ ᠨᠡᠷ᠎ᠡ ᠵᠢᠨ ᠰᠣᠶᠣᠯ᠎ᠢ ᠪᠠᠳᠠᠷᠠᠭᠤᠯᠵᠤ᠂ ᠨᠤᠲᠤᠭ ᠤᠰᠤᠨ᠎ᠤ ᠭᠠᠵᠠᠷ᠎ᠤᠨ ᠨᠡᠷ᠎ᠡ ᠵᠢᠨ ᠥᠯᠢᠭᠡᠷ ᠵᠶ᠋ᠠᠨ ᠰᠠᠶ᠋ᠢᠲᠤᠷ ᠶᠠᠷᠢᠬᠤ》  ᠦᠢ᠍ᠯᠡᠳᠤᠯᠭᠡ ᠵᠢᠨ ᠠᠵᠢᠯᠯᠠᠭ᠎ᠠ   ᠦᠷᠨᠢᠭᠦᠯᠪᠡ᠃
     ᠭᠤᠷᠪᠠ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠵᠠᠭ᠋ᠠᠭ ᠱᠤᠭᠤᠮ᠎ᠤᠨ ᠬᠠᠮᠢᠶᠠᠷᠤᠯᠲᠠ     ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠬᠠᠮᠲᠤᠷᠠᠨ ᠪᠠᠶ᠋ᠢᠴᠠᠭ᠋ᠠᠬᠤ ᠠᠵᠢᠯ ᠵᠶ᠋ᠠᠨ ᠲᠡᠭᠦᠰ ᠠᠮᠵᠢᠯᠳᠠ᠎ᠲᠠᠢ  ᠪᠡᠶᠡᠯᠡᠭᠥᠯᠪᠡ ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠵᠥᠪᠯᠡᠯ᠎ᠲᠠᠢ ᠬᠣᠯᠪᠣᠭ᠋ᠠᠯᠠᠨ  ᠮᠤᠵᠢ ᠵᠢᠨ ᠬᠣᠭᠣᠷᠣᠨᠳᠣᠬᠢ ᠬᠢᠯᠢ ᠵᠢᠨ  ᠵᠠᠭ᠋ᠠᠭ ᠱᠤᠭᠤᠮ᠎ᠤᠨ ᠮᠠᠷᠭᠤᠭ᠋ᠠᠨ᠎ᠢ  ᠰᠡᠷᠭᠡᠢ᠌ᠯᠡᠬᠥ 7  ᠵᠦᠢ᠍ᠯ᠎ᠤᠨ ᠠᠷᠭ᠎ᠠ ᠬᠡᠮᠵᠢᠶ᠎ᠡ ᠵᠢ ᠲᠣᠭᠲᠠᠭ᠋ᠠᠪᠠ; ᠡᠯ᠎ᠡ ᠭᠠᠵᠠᠷ᠎ᠤᠨ ᠵᠠᠰᠠᠭ᠎ᠤᠨ ᠣᠷᠳᠣᠨ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠵᠠᠭ᠋ᠠᠭ ᠱᠤᠭᠤᠮ᠎ᠤᠨ ᠳᠠᠯᠳᠠ ᠬᠡᠮ ᠰᠣᠭᠣᠭ᠎ᠢ  ᠰᠢᠭᠰᠢᠨ ᠪᠠᠶ᠋ᠢᠴᠠᠭ᠋ᠠᠵᠤ ᠰᠡᠷᠭᠡᠶ᠋ᠢᠯᠡᠨ   ᠠᠷᠢᠯᠭ᠋ᠠᠬᠤ ᠠᠵᠢᠯᠯᠠᠭ᠎ᠠ ᠵᠢ ᠭᠦᠨᠵᠡᠭᠡᠶ᠋ᠢᠷᠡᠭᠦᠯᠬᠦ ᠵᠢ ᠎ᠨᠢ ᠬᠢᠨᠠᠨ ᠵᠢᠯᠣᠭᠣᠳᠴᠤ᠂ ᠨᠠᠮ ᠪᠠᠶ᠋ᠢᠭᠤᠯᠤᠭᠳᠠᠭᠰᠠᠨ 100 ᠵᠢᠯ᠎ᠤᠨ  ᠣᠢ᠎ᠳᠤ᠎ᠬᠢ ᠠᠮᠤᠷ ᠠᠮᠤᠭᠤᠯᠠᠩ ᠬᠢᠯᠢ ᠵᠢᠨ ᠵᠠᠭ᠋ᠠᠭ ᠱᠣᠭᠤᠮ᠎ᠢ  ᠪᠠᠶ᠋ᠢᠭᠤᠯᠬᠤ ᠬᠠᠷᠠᠯᠲᠠ ᠎ᠪᠠᠨ ᠪᠡᠶᠡᠯᠡᠭᠥᠯᠦᠭᠰᠡᠨ ᠪᠦᠭᠡᠳ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ ᠬᠢᠯᠢ ᠵᠢᠨ  ᠱᠤᠩ ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠪᠠ ᠵᠠᠭ᠋ᠠᠭ ᠱᠤᠭᠤᠮ᠎ᠢ  ᠲᠤᠭ᠋ᠠᠴᠠᠯᠠᠨ   ᠰᠢᠢ᠍ᠳᠪᠤᠷᠢᠯᠡᠬᠥ ᠲᠤᠷᠰᠢᠯᠲᠠ ᠵᠢᠨ  ᠴᠡᠭ᠎ᠤᠨ ᠠᠵᠢᠯ ᠵᠶ᠋ᠡᠨ  ᠪᠡᠶᠡᠯᠡᠭᠦᠯᠵᠡᠢ᠃

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ᠎ᠤ᠎ᠬᠢᠨ ᠳᠤᠮᠳᠠᠳᠤ ᠤᠯᠤᠰ᠎ᠤᠨ ᠭᠠᠵᠠᠷ᠎ᠤᠨ ᠨᠡᠷᠡᠰ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠭᠤᠴᠠᠭ᠋ᠠᠨ᠎ᠤ ᠪᠦᠷᠢᠨ ᠠᠭᠤᠯᠭ᠎ᠠ ᠵᠢ ᠵᠤᠬᠢᠶᠠᠨ ᠪᠠᠢ᠌ᠭᠤᠯᠵᠤ ᠦᠵᠡᠬᠦᠯᠪᠡ
ᠣᠷᠣᠨ ᠬᠤᠪᠢᠶᠠᠷᠢᠯᠠᠯ᠎ᠤᠨ ᠭᠠᠵᠠᠷ᠎ᠤᠨ ᠨᠡᠷᠡᠰ᠎ᠤᠨ ᠭᠠᠵᠠᠷ᠎ᠤᠨ᠎ᠬᠢᠨ 《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ》᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠤᠨ ᠸᠢᠳᠢᠤ᠋᠎ᠪᠠᠷ ᠪᠠᠢ᠌ᠴᠠᠭ᠋ᠠᠨ ᠰᠤᠳᠤᠯᠬᠤ ᠬᠣᠶᠠᠳᠤᠭ᠋ᠠᠷ ᠤᠳᠠᠭ᠋ᠠᠨ᠎ᠤ ᠬᠤᠷᠠᠯ᠎ᠳᠤ ᠬᠢᠨᠠᠮᠠᠭ᠋ᠠᠢ ᠵᠣᠬᠢᠶᠠᠨ ᠪᠠᠢ᠌ᠭᠤᠯᠵᠤ ᠤᠷᠤᠯᠴᠠᠪᠠ
ᠣᠷᠳᠣᠰ ᠬᠣᠲᠠ ᠪᠥᠬᠥ ᠣᠷᠣᠨ᠎ᠳᠤ ᠵᠠᠭ᠋ᠠᠭ ᠱᠤᠭᠤᠮ ᠵᠠᠭ᠋ᠠᠭ᠎ᠤᠨ ᠱᠣᠩ᠎ᠢ ᠣᠶᠤᠨᠴᠢᠯᠠᠵᠤ ᠬᠠᠮᠢᠶᠠᠷᠬᠤ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠵᠦ ᠪᠦᠲᠦᠭᠡᠨ ᠪᠠᠢ᠌ᠭᠤᠯᠬᠤ ᠠᠵᠢᠯ᠎ᠢ ᠡᠩ ᠲᠡᠷᠢᠭᠦᠨ᠎ᠳᠤ ᠪᠡᠶᠡᠯᠡᠭᠦᠯᠪᠡ
ᠤᠷᠠᠳ᠎ᠤᠨ ᠬᠣᠢ᠌ᠲᠤ ᠬᠣᠰᠢᠭᠤ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠲᠠᠪᠴᠠᠩ᠎ᠢ ᠪᠠᠢ᠌ᠭᠤᠯᠵᠤ᠂ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠴᠢᠳᠠᠪᠤᠷᠢ ᠪᠠ ᠬᠢᠷᠢ ᠲᠦᠪᠰᠢᠨ ᠵᠶ᠋ᠡᠨ ᠳᠡᠭᠡᠭᠰᠢᠯᠡᠭᠦᠯᠪᠡ
ᠤᠷᠠᠳ᠎ᠤᠨ ᠬᠣᠢ᠌ᠲᠤ ᠬᠣᠰᠢᠭᠤ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠲᠠᠪᠴᠠᠩ᠎ᠢ ᠪᠠᠢ᠌ᠭᠤᠯᠵᠤ᠂ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠴᠢᠳᠠᠪᠤᠷᠢ ᠪᠠ ᠬᠢᠷᠢ ᠲᠦᠪᠰᠢᠨ ᠵᠶ᠋ᠡᠨ ᠳᠡᠭᠡᠭᠰᠢᠯᠡᠭᠦᠯᠪᠡ
 
            