ᠮᠠᠨ᠎ᠤ ᠤᠯᠤᠰ᠎ᠤᠨ ᠵᠠᠰᠠᠪᠤᠷᠢ ᠣᠷᠣᠭᠤᠯᠤᠭᠰᠠᠨ 《ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠳᠦᠷᠢᠮ》᠎ᠢ ᠨᠡᠢ᠌ᠲᠡᠯᠡᠵᠦ᠂ 2022 ᠣᠨ᠎ᠤ 5 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠬᠦᠯᠤᠨ᠎ᠡ᠃
ᠭᠠᠵᠠᠷ᠎ᠤᠨ ᠨᠡᠷ᠎ᠡ ᠪᠣᠯ ᠨᠡᠢ᠌ᠭᠡᠮ᠎ᠤᠨ ᠦᠨᠳᠦᠰᠦᠨ ᠣᠯᠠᠨ ᠨᠡᠶ᠋ᠢᠲᠡ ᠵᠢᠨ ᠮᠡᠳᠡᠭᠡ ᠵᠠᠩᠭᠢ᠂ ᠲᠡᠦᠬᠡ ᠰᠣᠶᠣᠯ᠎ᠤᠨ ᠴᠢᠬᠤᠯᠠ ᠠᠴᠢᠶᠠᠯᠠᠪᠤᠷᠢ ᠮᠥᠨ᠃ ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢ ᠤᠯᠠᠮ ᠴᠢᠩᠭ᠋ᠠᠳᠬᠠᠨ ᠵᠢᠷᠤᠮᠵᠢᠭᠤᠯᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ᠂ ᠠᠷᠠᠳ᠎ᠤᠨ ᠠᠮᠢᠳᠤᠷᠠᠯ ᠪᠠ ᠣᠯᠠᠨ ᠤᠯᠤᠰ᠎ᠤᠨ ᠬᠠᠷᠢᠯᠴᠠᠭ᠋ᠠᠨ᠎ᠤ ᠬᠡᠷᠡᠭᠴᠡᠭᠡ᠎ᠳᠤ ᠵᠣᠬᠢᠴᠠᠭᠤᠯᠤᠨ᠂ ᠳᠤᠮᠳᠠᠳᠤ ᠵᠢᠨ ᠰᠢᠯᠢᠳᠡᠭ ᠰᠣᠶᠣᠯ᠎ᠢ ᠤᠯᠠᠮᠵᠢᠯᠠᠨ ᠬᠥᠭᠵᠢᠭᠦᠯᠬᠦ ᠵᠢᠨ ᠲᠤᠰᠠᠳᠠ᠂ ᠣᠲᠣ ᠵᠢᠨ ᠬᠡᠷᠡᠭᠵᠢᠭᠦᠯᠵᠦ ᠪᠠᠢ᠌ᠭ᠎ᠠ 《ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠳᠦᠷᠢᠮ》᠎ᠢ ᠣᠯᠠᠨ ᠵᠢᠯ ᠬᠡᠷᠡᠭᠵᠢᠭᠦᠯᠦᠭᠰᠡᠨ ᠲᠤᠷᠰᠢᠯᠭ᠎ᠠ ᠵᠢ ᠳ᠋ᠦᠩᠨᠡᠭᠰᠡᠨ ᠰᠠᠭᠤᠷᠢᠨ ᠳᠡᠭᠡᠷ᠎ᠡ᠂ ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠠᠵᠢᠯ᠎ᠳᠤ ᠲᠤᠯᠭ᠋ᠠᠷᠠᠵᠤ ᠪᠠᠢ᠌ᠭ᠎ᠠ ᠵᠠᠷᠢᠮ ᠰᠢᠨ᠎ᠡ ᠪᠠᠢ᠌ᠳᠠᠯ᠂ ᠰᠢᠨ᠎ᠡ ᠠᠰᠠᠭᠤᠳᠠᠯ᠎ᠳᠤ ᠴᠢᠭᠯᠡᠭᠦᠯᠦᠨ᠂ 《ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠳᠦᠷᠢᠮ》᠎ᠳᠤ ᠵᠠᠰᠠᠪᠤᠷᠢ ᠣᠷᠣᠭᠤᠯᠪᠠ᠃
ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠳᠦᠷᠢᠮ》᠎ᠳᠤ ᠨᠡᠶ᠋ᠢᠲᠡ 7 ᠪᠦᠯᠦᠭ 44 ᠵᠤᠷᠪᠤᠰ᠎ᠲᠠᠢ ᠪᠠᠢ᠌ᠵᠤ᠂ ᠭᠠᠵᠠᠷ᠎ᠤᠨ ᠨᠡᠷ᠎ᠡ ᠵᠢᠨ ᠬᠠᠮᠢᠶᠠᠷᠤᠯᠲᠠ᠎ᠳᠤ ᠪᠥᠬᠥ ᠲᠠᠯ᠎ᠠ ᠵᠢᠨ᠂ ᠰᠢᠰᠲ᠋ᠧᠮ᠎ᠲᠠᠢ ᠲᠣᠭᠲᠠᠭ᠋ᠠᠯ ᠭᠠᠷᠭ᠋ᠠᠵᠤ᠂ ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠬᠠᠥᠯᠢᠵᠢᠭᠤᠯᠤᠯᠲᠠ᠂ ᠰᠢᠨᠵᠢᠯᠡᠬᠦ ᠤᠬᠠᠭ᠋ᠠᠨᠴᠢᠯᠠᠯᠲᠠ᠂ ᠵᠢᠷᠤᠮᠵᠢᠭᠤᠯᠤᠯᠲᠠ ᠵᠢᠨ ᠲᠦᠪᠰᠢᠨ᠎ᠢ ᠤᠯᠠᠮ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠵᠢᠨ ᠭᠠᠵᠠᠷ᠎ᠤᠨ ᠨᠡᠷ᠎ᠡ ᠵᠢᠨ ᠠᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠡᠭᠭ᠋ᠠᠪᠠ᠃
ᠨᠢᠭᠡ᠎ᠳᠤ᠂ ᠬᠠᠮᠢᠶᠠᠷᠤᠯᠲᠠ ᠵᠢᠨ ᠵᠠᠷᠴᠢᠮ᠎ᠢ ᠲᠤᠳᠤᠷᠬᠠᠢ᠌ᠯᠠᠪᠠ᠃ 《ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠳᠦᠷᠢᠮ》᠎ᠳᠤ᠂ ᠭᠠᠵᠠᠷ᠎ᠤᠨ ᠨᠡᠷ᠎ᠡ ᠵᠢᠨ ᠬᠠᠮᠢᠶᠠᠷᠤᠯᠲᠠ᠎ᠳᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠤᠯᠤᠰ᠎ᠤᠨ ᠡᠷᠬᠡ ᠮᠡᠳᠡᠯ ᠪᠠ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ᠎ᠳᠤ ᠠᠰᠢᠭᠲᠠᠢ᠂ ᠨᠡᠢ᠌ᠭᠡᠮ ᠵᠢᠷᠤᠮ᠎ᠤᠨ ᠭᠣᠣᠯᠯᠠᠬᠤ ᠥᠷᠲᠡᠭ᠎ᠤᠨ ᠦᠵᠡᠯᠲᠡ ᠵᠢ ᠪᠠᠳᠠᠷᠠᠭᠤᠯᠬᠤ᠎ᠳᠤ ᠠᠰᠢᠭᠲᠠᠢ᠂ ᠤᠯᠤᠰ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ᠎ᠳᠤ ᠠᠰᠢᠭᠲᠠᠢ᠂ ᠳᠤᠮᠳᠠᠳᠤ ᠵᠢᠨ ᠰᠢᠯᠢᠳᠡᠭ ᠰᠣᠶᠣᠯ᠎ᠢ ᠤᠯᠠᠮᠵᠢᠯᠠᠨ ᠬᠥᠭᠵᠢᠭᠦᠯᠬᠦ᠎ᠳᠤ ᠠᠰᠢᠭᠲᠠᠢ ᠪᠠᠢ᠌ᠬᠤ ᠬᠡᠷᠡᠭᠲᠡᠢ᠂ ᠭᠠᠵᠠᠷ᠎ᠤᠨ ᠨᠡᠷ᠎ᠡ ᠵᠢ ᠬᠠᠷᠢᠴᠠᠩᠭᠤᠢ᠎ᠪᠠᠷ ᠲᠣᠭᠲᠠᠭᠤᠨ ᠪᠠᠢ᠌ᠯᠭ᠋ᠠᠬᠤ ᠬᠡᠷᠡᠭᠲᠡᠢ ᠬᠡᠵᠡᠢ᠃
ᠬᠣᠶᠠᠷ᠎ᠲᠤ᠂ ᠪᠠᠢ᠌ᠭᠤᠯᠤᠯ ᠲᠣᠭᠲᠠᠴᠠ ᠵᠢ ᠲᠡᠬᠦᠯᠳᠡᠷᠵᠢᠬᠦᠯᠪᠡ᠃ 《ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠳᠦᠷᠢᠮ》᠎ᠳᠤ ᠨᠢᠭᠡᠳᠦᠯᠲᠡᠢ ᠬᠢᠨᠠᠨ ᠬᠠᠮᠢᠶᠠᠷᠬᠤ᠂ ᠱᠠᠲᠤ ᠬᠤᠪᠢᠶᠠᠨ ᠲᠥᠷᠥᠯ ᠬᠤᠪᠢᠶᠠᠨ ᠬᠠᠷᠢᠭᠤᠴᠠᠬᠤ ᠵᠠᠷᠴᠢᠮ ᠶᠣᠰᠣᠭ᠋ᠠᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠪᠥᠬᠥ ᠤᠯᠤᠰ᠎ᠤᠨ ᠭᠠᠵᠠᠷ᠎ᠤᠨ ᠨᠡᠷ᠎ᠡ ᠵᠢᠨ ᠠᠵᠢᠯ᠎ᠤᠨ ᠨᠢᠭᠡᠳᠦᠯᠲᠡᠢ ᠬᠢᠨᠠᠯᠲᠠ ᠬᠠᠮᠢᠶᠠᠷᠤᠯᠲᠠ ᠵᠢ ᠬᠠᠷᠢᠭᠤᠴᠠᠬᠤ᠎ᠪᠠᠷ ᠲᠣᠭᠲᠠᠭ᠋ᠠᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ᠎ᠤᠨ ᠨᠡᠷ᠎ᠡ ᠵᠢᠨ ᠵᠠᠰᠠᠭ ᠵᠠᠬᠢᠷᠭ᠋ᠠᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠲᠤᠰᠢᠶᠠᠯ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠰᠢᠶᠠᠨ᠎ᠤ ᠲᠡᠰ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠭᠠᠵᠠᠷ᠎ᠤᠨ ᠨᠡᠷ᠎ᠡ ᠵᠢᠨ ᠬᠠᠮᠢᠶᠠᠷᠤᠯᠳᠠ ᠵᠢᠨ ᠠᠵᠢᠯ᠎ᠤᠨ ᠵᠤᠬᠢᠴᠠᠭᠤᠯᠬᠤ ᠲᠤᠬᠳᠠᠴᠨ ᠵᠢ ᠪᠠᠢ᠌ᠭᠤᠯᠬᠤ ᠬᠡᠷᠡᠭᠳᠡᠢ ᠬᠡᠵᠡᠢ᠃
ᠭᠤᠷᠪᠠ᠎ᠳᠤ᠂ ᠨᠡᠷ᠎ᠡ ᠬᠠᠯᠠᠬᠤ ᠬᠠᠮᠢᠶᠠᠷᠤᠯᠲᠠ ᠵᠢ ᠴᠢᠩᠭ᠋ᠠᠳᠬᠠᠨ᠎ᠠ᠃ 《ᠳᠦᠷᠢᠮ》᠎ᠳᠤ ᠭᠠᠵᠠᠷ᠎ᠤᠨ ᠨᠡᠷ᠎ᠡ ᠵᠢ ᠨᠡᠷᠡᠶ᠋ᠢᠳᠬᠦ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠠᠵᠠᠷ᠎ᠤᠨ ᠨᠡᠷ᠎ᠡ ᠵᠢ ᠨᠡᠷᠡᠢ᠌ᠳᠴᠦ ᠬᠠᠯᠠᠬᠤ᠎ᠳᠤ ᠲᠤᠰᠢᠶᠠᠬᠤ ᠶᠣᠰᠣᠲᠠᠢ ᠮᠡᠳᠡᠭᠦᠯᠬᠦ ᠮᠠᠲ᠋ᠧᠷᠢᠶᠠᠯ ᠵᠢᠴᠢ ᠶᠡᠷᠦᠩᠬᠡᠢ᠌ᠯᠡᠨ ᠦᠨᠡᠯᠡᠨ ᠵᠢᠱ᠌ᠢᠬᠦ᠂ ᠲᠤᠰᠬᠠᠢ ᠮᠡᠷᠭᠡᠵᠢᠯᠲᠡᠨ᠎ᠤ ᠨᠤᠲᠠᠯᠠᠯᠲᠠ ᠬᠢᠬᠦ᠂ ᠰᠠᠨᠠᠯ ᠬᠤᠷᠢᠶᠠᠬᠤ ᠵᠡᠷᠭᠡ ᠱᠠᠭ᠋ᠠᠷᠳᠠᠯᠭ᠎ᠠ ᠵᠢ ᠲᠣᠳᠣᠷᠬᠠᠢ᠌ᠯᠠᠵᠤ᠂ ᠭᠠᠵᠠᠷ᠎ᠤᠨ ᠨᠡᠷ᠎ᠡ ᠵᠢ ᠨᠡᠷᠡᠢ᠌ᠳᠴᠦ ᠬᠠᠯᠠᠬᠤ ᠵᠢ ᠵᠥᠪᠰᠢᠶᠡᠷᠡᠬᠦ ᠲᠠᠰ ᠳᠠᠷᠠᠭ᠋ᠠᠯᠠᠯ᠎ᠢ ᠲᠠᠰ ᠲᠥᠷᠥᠯ ᠬᠤᠪᠢᠶᠠᠨ ᠲᠣᠭᠲᠠᠭ᠋ᠠᠵᠤ᠂ ᠭᠠᠵᠠᠷ᠎ᠤᠨ ᠨᠡᠷ᠎ᠡ ᠵᠢ ᠳᠠᠩᠰᠠᠯᠠᠬᠤ᠂ ᠵᠠᠷᠯᠠᠨ ᠨᠡᠢ᠌ᠲᠡᠯᠡᠬᠦ ᠳᠦᠷᠢᠮ᠎ᠢ ᠪᠠᠢ᠌ᠭᠤᠯᠤᠨ᠎ᠠ᠃
ᠳᠥᠷᠪᠡ᠎ᠳᠤ᠂ ᠭᠠᠵᠠᠷ᠎ᠤᠨ ᠨᠡᠷ᠎ᠡ ᠵᠢ ᠬᠡᠷᠡᠭᠯᠡᠬᠦ 《ᠳᠦᠷᠢᠮ》 ᠳᠤ ᠲᠣᠭᠲᠠᠭ᠋ᠠᠭᠰᠠᠨ ᠭᠠᠵᠠᠷ᠎ᠤᠨ ᠨᠡᠷ᠎ᠡ ᠵᠢᠨ ᠬᠡᠷᠡᠭᠯᠡᠭᠡᠨ᠎ᠤ ᠦᠰᠦᠭ᠂ ᠳᠠᠭᠤᠳᠠᠯ᠂ ᠠᠪᠢᠶᠠᠴᠢᠯᠠᠨ ᠪᠢᠴᠢᠬᠦ ᠵᠡᠷᠭᠡ᠎ᠨᠢ ᠵᠢᠷᠤᠮᠵᠢᠯᠳᠤ ᠨᠡᠢ᠌ᠴᠡᠭᠰᠡᠨ ᠪᠠᠢ᠌ᠬᠤ ᠬᠡᠷᠡᠭᠲᠡᠢ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠤᠯᠤᠰ᠎ᠤᠨ ᠭᠠᠵᠠᠷ᠎ᠤᠨ ᠨᠡᠷ᠎ᠡ ᠵᠢᠨ ᠮᠡᠳᠡᠭᠡ ᠵᠠᠩᠭᠢ ᠵᠢᠨ ᠬᠥᠮᠥᠷᠭᠡ ᠵᠢ ᠨᠢᠭᠡᠳᠦᠯᠲᠡᠢ ᠪᠠᠢ᠌ᠭᠤᠯᠵᠤ᠂ ᠭᠠᠵᠠᠷ᠎ᠤᠨ ᠨᠡᠷ᠎ᠡ ᠵᠢᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠲᠣᠭᠲᠠᠴᠠ᠂ ᠪᠠᠷᠢᠮᠵᠢᠶᠠᠲᠤ ᠭᠠᠵᠠᠷ᠎ᠤᠨ ᠨᠡᠷ᠎ᠡ ᠵᠢ ᠬᠡᠷᠡᠭᠯᠡᠬᠦ ᠬᠡᠪᠴᠢᠶ᠎ᠡ᠂ ᠭᠠᠵᠠᠷ᠎ᠤᠨ ᠨᠡᠷ᠎ᠡ ᠵᠢᠨ ᠢᠯᠡᠳᠬᠡᠮᠵᠢ ᠲᠡᠮᠳᠡᠭ᠎ᠤᠨ ᠬᠠᠮᠢᠶᠠᠷᠤᠯᠲᠠ᠂ ᠪᠠᠷᠢᠮᠵᠢᠶᠠᠲᠤ ᠬᠠᠶᠢᠭ᠎ᠢ ᠨᠠᠢ᠌ᠷᠠᠭᠤᠯᠤᠨ ᠵᠣᠬᠢᠶᠠᠬᠤ᠂ ᠪᠠᠷᠢᠮᠵᠢᠶᠠᠲᠤ ᠭᠠᠵᠠᠷ᠎ᠤᠨ ᠨᠡᠷ᠎ᠡ ᠵᠢ ᠬᠡᠪᠯᠡᠬᠦ ᠵᠡᠷᠭᠡ ᠱᠠᠭ᠋ᠠᠷᠳᠠᠯᠭ᠎ᠠ ᠵᠢ ᠲᠣᠳᠣᠷᠬᠠᠢ᠌ᠯᠠᠨ᠎ᠠ᠃
ᠲᠠᠪᠤ᠎ᠳᠤ᠂ ᠰᠣᠶᠣᠯ᠎ᠤᠨ ᠬᠠᠮᠠᠭ᠋ᠠᠯᠠᠯᠲᠠ ᠵᠢ ᠴᠢᠬᠤᠯᠠᠴᠢᠯᠠᠪᠠ᠃《ᠳᠦᠷᠢᠮ》᠎ᠳᠤ ᠲᠣᠭᠲᠠᠭ᠋ᠠᠭᠰᠠᠨ ᠲᠡᠦᠬᠡ ᠰᠣᠶᠣᠯ᠎ᠤᠨ ᠴᠢᠬᠤᠯᠠ ᠦᠨ᠎ᠡ ᠥᠷᠲᠡᠭ᠎ᠲᠠᠢ᠂ ᠳᠤᠮᠳᠠᠳᠤ ᠵᠢᠨ ᠲᠡᠦᠬᠡ ᠰᠣᠶᠣᠯ᠎ᠤᠨ ᠰᠤᠳᠠᠰᠤ ᠵᠢ ᠢᠯᠡᠷᠡᠭᠦᠯᠦᠭᠰᠡᠨ ᠵᠢᠴᠢ ᠴᠢᠬᠤᠯᠠ ᠶᠡᠬᠡ ᠨᠡᠢ᠌ᠭᠡᠮ᠎ᠤᠨ ᠨᠥᠯᠥᠭᠡ᠎ᠲᠠᠢ ᠤᠯᠤᠰ᠎ᠤᠨ ᠳᠣᠲᠣᠭ᠋ᠠᠳᠤ ᠵᠢᠨ ᠨᠠᠷᠠᠲᠠᠢ ᠪᠠᠢ᠌ᠭ᠋ᠠᠯᠢ ᠵᠢᠨ ᠭᠠᠵᠠᠷ ᠵᠦᠢ ᠵᠢᠨ ᠪᠣᠳᠠᠲᠤ ᠴᠣᠭᠴᠠ ᠵᠢ ᠨᠡᠷᠡᠢ᠌ᠳᠴᠦ ᠬᠠᠯᠠᠬᠤ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠵᠦ ᠵᠥᠪᠰᠢᠶᠡᠷᠡᠭᠦᠯᠦᠨ᠎ᠡ; ᠭᠠᠵᠠᠷ᠎ᠤᠨ ᠨᠡᠷ᠎ᠡ ᠵᠢᠨ ᠰᠣᠶᠣᠯ᠎ᠤᠨ ᠬᠠᠮᠠᠭ᠋ᠠᠯᠠᠯᠲᠠ ᠵᠢᠨ ᠲᠤᠰᠬᠠᠢ ᠪᠦᠯᠦᠭ ᠭᠠᠷᠭ᠋ᠠᠵᠤ᠂ ᠭᠠᠵᠠᠷ᠎ᠤᠨ ᠨᠡᠷ᠎ᠡ ᠵᠢᠨ ᠰᠣᠶᠣᠯ᠎ᠤᠨ ᠥᠪ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ᠂ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ ᠵᠢ ᠲᠣᠭᠲᠠᠭ᠋ᠠᠬᠤ᠂ ᠲᠠᠩᠰᠠ ᠡᠪᠬᠡᠮᠡᠯ᠎ᠤᠨ ᠬᠠᠮᠢᠶᠠᠷᠤᠯᠲᠠ ᠵᠢ ᠰᠠᠢ᠌ᠲᠤᠷ ᠬᠢᠬᠦ᠂ ᠨᠡᠢ᠌ᠭᠡᠮ᠎ᠤᠨ ᠣᠷᠤᠯᠴᠠᠬᠤ ᠵᠢ ᠵᠣᠷᠢᠭᠵᠢᠭᠤᠯᠬᠤ ᠵᠡᠷᠭᠡ ᠱᠠᠭ᠋ᠠᠷᠳᠠᠯᠭ᠎ᠠ ᠵᠢ ᠲᠣᠳᠣᠷᠬᠠᠢ᠌ᠯᠠᠨ᠎ᠠ᠃
ᠡᠭᠦᠨ᠎ᠠᠴᠠ ᠭᠠᠳᠠᠨ᠎ᠠ᠂ 《ᠳᠦᠷᠢᠮ》᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠶᠡᠷᠦᠩᠬᠡᠢ ᠱᠠᠭ᠋ᠠᠷᠳᠠᠯᠭ᠎ᠠ ᠪᠠ ᠪᠣᠳᠠᠲᠠᠢ ᠠᠷᠭ᠎ᠠ ᠬᠡᠮᠵᠢᠶ᠎ᠡ ᠵᠢ ᠲᠣᠳᠣᠷᠬᠠᠢ ᠲᠣᠭᠲᠠᠭ᠋ᠠᠪᠠ; ᠲᠣᠭᠲᠠᠭ᠋ᠠᠯ᠎ᠠᠴᠠ ᠵᠥᠷᠢᠴᠡᠨ ᠭᠠᠵᠠᠷ᠎ᠤᠨ ᠨᠡᠷ᠎ᠡ ᠵᠢ ᠨᠡᠷᠡᠢ᠌ᠳᠴᠦ ᠬᠠᠯᠠᠭᠰᠠᠨ᠂ ᠮᠡᠳᠡᠭᠦᠯᠦᠨ ᠬᠦᠷᠭᠡᠵᠦ ᠳᠠᠩᠰᠠᠯᠠᠭᠤᠯᠤᠭᠰᠠᠨ ᠦᠭᠡᠢ ᠪᠤᠶᠤ ᠴᠠᠭ ᠲᠤᠬᠠᠢᠳᠤᠨᠢ ᠮᠡᠳᠡᠭᠦᠯᠦᠨ ᠬᠦᠷᠭᠡᠵᠦ ᠳᠠᠩᠰᠠᠯᠠᠭᠤᠯᠤᠭᠰᠠᠨ ᠦᠭᠡᠢ᠂ ᠪᠠᠷᠢᠮᠵᠢᠶᠠᠲᠤ ᠭᠠᠵᠠᠷ᠎ᠤᠨ ᠨᠡᠷ᠎ᠡ ᠵᠢ ᠵᠢᠷᠤᠮᠵᠢᠭᠤᠯᠤᠨ ᠬᠡᠷᠡᠭᠯᠡᠭᠰᠡᠨ ᠦᠭᠡᠢ᠂ ᠭᠠᠵᠠᠷ᠎ᠤᠨ ᠨᠡᠷ᠎ᠡ ᠵᠢᠨ ᠲᠡᠮᠳᠡᠭ᠎ᠢ ᠡᠪᠳᠡᠨ ᠰᠦᠢ᠍ᠳᠬᠡᠭᠰᠡᠨ ᠵᠡᠷᠭᠡ ᠦᠢᠯᠡ ᠠᠵᠢᠯᠯᠠᠭ᠎ᠠ᠎ᠳᠤ ᠵᠣᠬᠢᠴᠠᠩᠭᠤᠢ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠲᠣᠭᠲᠠᠭ᠋ᠠᠵᠠᠢ᠃