ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠵᠠᠰᠠᠭ ᠵᠠᠬᠢᠷᠭᠠᠨ᠎ᠤ ᠣᠷᠣᠨ ᠬᠤᠪᠢᠶᠠᠷᠯᠠᠯ᠎ᠤᠨ ᠭᠠᠵᠠᠷ᠎ᠤᠨ ᠨᠡᠷ᠎ᠡ
ᠭᠠᠵᠠᠷ᠎ᠤᠨ ᠨᠡᠷᠡᠰ᠎ᠤᠨ ᠬᠠᠶᠢᠭ᠎ᠤᠨ ᠬᠠᠮᠢᠶᠠᠷᠣᠯᠲᠠ᠎ᠢ ᠦᠭᠡᠷᠡᠴᠢᠯᠡᠨ ᠰᠢᠨᠡᠴᠢᠯᠡᠵᠦ ᠭᠠᠵᠠᠷ᠎ᠤᠨ ᠨᠡᠷᠡᠰ᠎ᠤᠨ ᠬᠠᠶᠢᠭ᠎ᠤᠨ ᠦᠢ᠍ᠯᠡᠴᠢᠯᠡᠭᠡᠨ᠎ᠤ ᠲᠥᠪᠰᠢᠨ᠎ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄ 2023-11-22

   ᠯᠢᠨᠰᠢ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠭᠠᠵᠠᠷ᠎ᠤᠨ ᠨᠡᠷᠡᠰ᠎ᠤᠨ ᠬᠠᠶᠢᠭ᠎ᠤᠨ ᠬᠠᠮᠢᠶᠠᠷᠤᠯᠲᠠ ᠵᠢ ᠳᠥᠷᠢᠮᠵᠢᠭᠦᠯᠬᠦ ᠴᠢᠳᠠᠪᠤᠷᠢ ᠵᠢᠨ ᠪᠠᠢ᠌ᠭᠤᠯᠤᠯᠲᠠ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ ᠰᠢᠶᠠᠨ᠂ ᠰᠢᠶᠠᠩ᠂ ᠲᠣᠰᠬᠣᠨ ᠭᠤᠷᠪᠠᠨ ᠱᠠᠲᠤᠨ᠎ᠤ ᠭᠠᠵᠠᠷ᠎ᠤᠨ ᠨᠡᠷᠡᠰ᠎ᠤᠨ ᠦᠢ᠍ᠯᠡᠴᠢᠯᠡᠭᠡᠨ᠎ᠤ ᠲᠤᠤᠷᠵᠢᠯ᠎ᠢ ᠪᠠᠢ᠌ᠭᠤᠯᠵᠤ᠂ ᠭᠠᠵᠠᠷ᠎ᠤᠨ ᠨᠡᠷᠡᠰ᠎ᠤᠨ ᠦᠢ᠍ᠯᠡᠴᠢᠯᠡᠭᠡᠨ᠎ᠤ  ᠰᠢᠰᠲᠸᠮ᠎ᠤᠨ  ᠪᠠᠢ᠌ᠭᠤᠯᠤᠯᠲᠠ ᠵᠢ ᠲᠡᠭᠦᠯᠳᠡᠷᠵᠢᠭᠦᠯᠬᠦ᠂ ᠭᠠᠵᠠᠷ᠎ᠤᠨ ᠨᠡᠷᠡᠰ᠎ᠤᠨ ᠰᠣᠶᠣᠯ᠎ᠤᠨ ᠡᠬᠢ ᠪᠠᠶᠠᠯᠢᠭ᠎ᠢ ᠠᠭᠤᠳᠠᠯᠬᠤ᠂ ᠭᠠᠵᠠᠷ᠎ᠤᠨ ᠨᠡᠷᠡᠰ᠎ᠤᠨ ᠬᠠᠶᠢᠭ᠎ᠤᠨ ᠬᠥᠮᠥᠷᠭᠡ ᠵᠢᠨ ᠪᠠᠢ᠌ᠭᠤᠯᠤᠯᠲᠠ ᠵᠢᠨ ᠰᠢᠨ᠎ᠡ ᠵᠢ ᠡᠭᠦᠳᠬᠦ ᠭᠤᠷᠪᠠᠨ ᠠᠷᠭ᠎ᠠ᠎ᠪᠠᠷ ᠭᠠᠵᠠᠷ᠎ᠤᠨ ᠨᠡᠷᠡᠰ᠎ᠤᠨ ᠬᠠᠶᠢᠭ᠎ᠤᠨ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ᠂ ᠠᠷᠠᠳ᠎ᠤᠨ ᠠᠮᠢᠳᠤᠷᠠᠯ᠎ᠳᠤ ᠦᠢ᠍ᠯᠡᠴᠢᠯᠡᠬᠦ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃
   ᠨᠢᠭᠡ᠂ ᠬᠠᠮᠢᠶᠠᠷᠤᠯᠲᠠ ᠵᠢ ᠳᠥᠷᠢᠮᠵᠢᠭᠦᠯᠵᠦ᠂ ᠦᠢ᠍ᠯᠡᠴᠢᠯᠡᠭᠡᠨ᠎ᠤ  ᠰᠢᠰᠲᠸᠮ᠎ᠢ ᠳᠡᠭᠦᠯᠳᠡᠷᠵᠢᠭᠦᠯᠪᠡ
   ᠭᠠᠵᠠᠷ᠎ᠤᠨ ᠨᠡᠷᠡᠰ᠎ᠢ ᠨᠡᠷᠡᠢ᠌ᠳᠴᠦ ᠬᠠᠯᠠᠬᠤ ᠳᠥᠷᠢᠮ᠎ᠢ ᠨᠡᠩ ᠳᠥᠷᠢᠮᠵᠢᠭᠦᠯᠪᠡ᠃ ᠰᠢᠨ᠎ᠡ 《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ》 (《ᠳᠦᠷᠢᠮ》 ᠭᠡᠵᠦ ᠲᠣᠪᠴᠢᠯᠠᠨ᠎ᠠ)᠎ᠢ ᠨᠡᠢ᠌ᠲᠡᠯᠡᠨ ᠬᠡᠷᠡᠭᠵᠢᠭᠦᠯᠦᠭᠰᠡᠨ᠎ᠤ ᠳᠠᠷᠠᠭ᠎ᠠ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠭᠠᠵᠠᠷ᠎ᠤᠨ ᠨᠡᠷᠡᠰ᠎ᠤᠨ ᠵᠥᠪᠯᠡᠯ᠎ᠤᠨ ᠪᠦᠷᠢᠯᠳᠦᠭᠦᠨ ᠪᠤᠯᠤᠨ ᠪᠦᠷᠢᠯᠳᠦᠭᠦᠨ ᠨᠢᠭᠡᠴᠢ ᠵᠢᠨ ᠡᠭᠦᠷᠭᠡ ᠬᠠᠷᠢᠭᠤᠴᠠᠯᠭ᠎ᠠ ᠵᠢ ᠴᠠᠭ ᠲᠤᠬᠠᠢ ᠎ᠳᠤ᠎ᠨᠢ ᠲᠣᠬᠢᠷᠠᠭᠤᠯᠵᠦ᠂ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠤᠨ᠂ ᠪᠥᠬᠥ ᠰᠢᠶᠠᠨ᠎ᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠢ ᠳᠥᠷᠢᠮᠵᠢᠭᠦᠯᠦᠨ ᠥᠷᠨᠢᠭᠦᠯᠬᠦ᠎ᠳᠤ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ  ᠬᠠᠡᠭᠭ᠋ᠠᠬᠰᠠᠨ᠎ᠤ ᠬᠠᠮᠲᠤ ᠬᠤᠷᠢᠶᠠᠯᠠᠯ᠂ ᠠᠰᠠᠷ ᠪᠠᠷᠢᠯᠭ᠎ᠠ ᠵᠢ ᠨᠡᠷᠡᠢ᠌ᠳᠬᠦ ᠪᠠ ᠨᠡᠷ᠎ᠡ ᠵᠢ᠎ᠨᠢ ᠬᠠᠯᠠᠬᠤ ᠵᠢ ᠬᠢᠨᠠᠨ ᠵᠥᠪᠰᠢᠶᠡᠷᠡᠬᠦ ᠡᠷᠬᠡ ᠵᠢ ᠰᠢᠶᠠᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠎ᠳᠤ ᠴᠠᠭ ᠲᠤᠬᠠᠢ᠎ᠳᠤ᠎ᠨᠢ ᠰᠢᠯᠵᠢᠭᠦᠯᠦᠨ᠂ ᠪᠤᠰᠤᠳ ᠭᠠᠵᠠᠷ᠎ᠤᠨ ᠨᠡᠷᠡᠰ᠎ᠢ ᠨᠡᠷᠡᠢ᠌ᠳᠬᠦ ᠪᠠ ᠨᠡᠷ᠎ᠡ ᠵᠢ᠎ᠨᠢ ᠬᠠᠯᠠᠬᠤ ᠵᠢᠨ ᠬᠢᠨᠠᠨ ᠵᠦᠪᠰᠢᠶᠡᠷᠡᠯᠲᠡ ᠵᠢ ᠤᠤᠯ᠎ᠤᠨ ᠬᠢᠳᠡᠯ᠎ᠢ ᠬᠤᠪᠢᠷᠠᠭᠤᠯᠬᠤ ᠦᠭᠡᠢ ᠪᠠᠢ᠌ᠯᠭ᠋ᠠᠵᠤ᠂ ᠭᠠᠵᠠᠷ᠎ᠤᠨ ᠨᠡᠷᠡᠰ᠎ᠢ ᠨᠡᠷᠡᠢ᠌ᠳᠬᠦ ᠠᠵᠢᠯ᠎ᠢ ᠲᠠᠰᠤᠯᠳᠠᠭᠤᠯᠤᠭᠰᠠᠨ ᠦᠭᠡᠢ ᠶᠤᠮ᠃ 5 ᠳ᠋ᠤᠭ᠋ᠠᠷ ᠰᠠᠷ᠎ᠠ᠎ᠠᠴᠠ ᠨᠠᠭ᠋ᠠᠰᠢ ᠰᠢᠨ᠎ᠡ᠎ᠪᠠᠷ ᠪᠠᠢ᠌ᠭᠤᠯᠤᠭᠰᠠᠨ 2  ᠬᠤᠷᠢᠶᠠᠯᠠᠯ᠂ 2 ᠨᠡᠢ᠌ᠭᠡᠮ ᠲᠣᠭᠣᠷᠢᠭ᠎ᠤᠨ ᠠᠰᠠᠷ᠎ᠤᠨ ᠡᠭᠦᠳᠡᠨ᠎ᠤ ᠫᠠᠢ᠌ᠰᠠ᠎ᠠᠴᠠ 110 ᠵᠢ ᠬᠢᠨᠠᠨ ᠵᠥᠪᠰᠢᠶᠡᠷᠡᠵᠦ ᠳᠠᠭᠤᠰᠬᠠᠪᠠ᠃
   ᠭᠠᠵᠠᠷ᠎ᠤᠨ ᠨᠡᠷᠡᠰ᠎ᠢ ᠨᠡᠷᠡᠢ᠌ᠳᠴᠦ ᠬᠠᠯᠠᠬᠤ᠎ᠪᠠᠷ ᠮᠡᠳᠡᠭᠦᠯᠬᠦ ᠠᠷᠭ᠎ᠠ ᠵᠠᠮ᠎ᠢ ᠨᠠᠩ ᠣᠯᠠᠨ ᠪᠣᠯᠭ᠋ᠠᠪᠠ᠃ ᠰᠢᠨ᠎ᠡ 《ᠳᠦᠷᠢᠮ》᠎ᠢ ᠨᠡᠢ᠌ᠲᠡᠯᠡᠭᠰᠡᠨ᠎ᠤ ᠳᠠᠷᠠᠭ᠎ᠠ ᠯᠢᠨᠰᠢ ᠰᠢᠶᠠᠨ᠎ᠤ᠎ᠬᠢᠨ ᠡᠯ᠎ᠡ ᠠᠷᠭ᠎ᠠ᠎ᠪᠠᠷ ᠤᠬᠠᠭᠤᠯᠵᠤ᠂ ᠵᠠᠰᠠᠭ᠎ᠤᠨ ᠶᠠᠪᠤᠳᠠᠯ᠎ᠤᠨ ᠶᠡᠬᠡ ᠲᠢᠩᠬᠢᠮ᠎ᠤᠨ  ᠴᠤᠩᠬᠤᠪᠴᠢ᠎ᠳᠤ ᠤᠬᠠᠭᠤᠯᠭ᠎ᠠ ᠵᠢᠨ ᠳᠡᠪᠲᠡᠷ ᠲᠠᠷᠬᠠᠭ᠋ᠠᠵᠤ᠂ ᠬᠠᠮ ᠵᠠᠭᠤᠴᠢᠯᠠᠭᠤᠷ᠎ᠤᠨ ᠲᠥᠪ᠎ᠲᠤ 《ᠳᠦᠷᠢᠮ》᠎ᠤᠨ ᠪᠥᠬᠥ ᠠᠭᠤᠯᠭ᠎ᠠ ᠵᠢ  ᠨᠠᠪᠲᠠᠷᠡᠭᠦᠯᠵᠦ᠂ 《ᠳᠦᠷᠢᠮ》᠎ᠢ ᠤᠢ᠌ᠯᠠᠭ᠋ᠠᠭᠤᠯᠪᠠ᠃ ᠤᠯᠠᠮᠵᠢᠯᠠᠯᠲᠤ ᠠᠵᠢᠯᠯᠠᠬᠤ ᠲᠠᠯᠠᠪᠤᠷ᠎ᠠᠴᠠ ᠭᠠᠳᠠᠨ᠎ᠠ ᠪᠠᠰᠠ ᠵᠠᠰᠠᠭ᠎ᠤᠨ ᠶᠠᠪᠤᠳᠠᠯ᠎ᠤᠨ ᠶᠡᠬᠡ ᠲᠢᠩᠬᠢᠮ᠎ᠤᠨ  ᠴᠤᠩᠬᠤᠪᠴᠢ᠂ ᠸᠢᠴᠠᠲ᠂ ᠮᠦᠩᠭᠡ ᠰᠤᠪᠠᠭ ᠵᠶ᠋ᠡᠷ ᠭᠠᠵᠠᠷ᠎ᠤᠨ ᠨᠡᠷ᠎ᠡ ᠨᠡᠷᠡᠢ᠌ᠳᠬᠦ ᠵᠢ ᠭᠥᠯᠢᠶᠡᠨ ᠠᠪᠴᠤ ᠬᠦᠢ᠍ᠴᠡᠳᠬᠡᠬᠦ ᠠᠷᠭ᠎ᠠ ᠵᠠᠮ᠎ᠢ ᠦᠷᠬᠡᠳᠭᠡᠭᠰᠡᠨ ᠵᠶ᠋ᠡᠷ ᠰᠦᠯᠵᠢᠶᠡᠨ ᠳᠡᠭᠡᠷ᠎ᠡ ᠪᠤᠯᠤᠨ ᠰᠦᠯᠵᠢᠶᠡᠨ᠎ᠠᠴᠠ ᠭᠠᠳᠠᠨ᠎ᠠ ᠭᠦᠢ᠍ᠴᠡᠳᠬᠡᠬᠦ ᠵᠢ ᠬᠠᠷᠢᠯᠴᠠᠨ ᠤᠶᠠᠯᠳᠤᠭᠤᠯᠵᠤ᠂  ᠬᠦᠢ᠍ᠴᠡᠳᠬᠡᠬᠦ ᠴᠠᠭ᠎ᠢ 3 ᠠᠵᠢᠯᠯᠠᠬᠤ ᠡᠳᠦᠷ ᠪᠣᠯᠭ᠋ᠠᠨ ᠪᠣᠭᠣᠨᠢᠰᠬᠠᠪᠠ᠃
   ᠭᠠᠵᠠᠷ᠎ᠤᠨ ᠨᠡᠷᠡᠰ᠎ᠢ ᠨᠡᠷᠡᠢ᠌ᠳᠴᠦ ᠬᠠᠯᠠᠬᠤ ᠠᠷᠭ᠎ᠠ ᠬᠡᠯᠪᠡᠷᠢ ᠵᠢ ᠨᠠᠩ ᠣᠶᠤᠨᠯᠢᠭ ᠪᠣᠯᠭ᠋ᠠᠪᠠ᠃ ᠰᠦᠯᠵᠢᠶᠡᠨ᠎ᠠᠴᠠ ᠭᠠᠳᠠᠨ᠎ᠠ ᠭᠤᠶᠤᠴᠢᠯᠠᠨ ᠮᠡᠳᠡᠭᠦᠯᠬᠦ ᠴᠠᠭ ᠪᠣᠯᠤᠨ ᠰᠠᠭᠤᠷᠢᠰᠢᠵᠤ ᠪᠠᠢ᠌ᠭ᠎ᠠ ᠭᠠᠵᠠᠷ᠎ᠨᠢ ᠬᠤᠯᠠ ᠪᠠᠢ᠌ᠳᠠᠯ᠎ᠳᠤ ᠴᠢᠭᠯᠡᠭᠦᠯᠦᠨ᠂ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠵᠠᠷᠤᠬᠤ᠎ᠳᠤ ᠠᠮᠠᠷ ᠤᠢ᠌ᠯᠠᠭ᠋ᠠᠮᠵᠢᠳᠠᠢ ᠭᠠᠵᠠᠷ᠎ᠤᠨ ᠨᠡᠷᠡᠰ᠎ᠢ ᠨᠡᠷᠡᠢ᠌ᠳᠬᠦ ᠸᠢᠴᠠᠲ ᠲᠠᠪᠴᠠᠡᠭ᠎ᠢ ᠪᠠᠢ᠌ᠭᠤᠯᠵᠤ᠂ 7×24 ᠴᠠᠭ᠎ᠲᠤ ᠭᠡᠷ᠎ᠠᠴᠠ᠎ᠪᠠᠨ ᠭᠤᠶᠤᠴᠢᠯᠠᠨ ᠮᠡᠳᠡᠭᠦᠯᠬᠦ ᠪᠤᠯᠭ᠋ᠠᠪᠠ᠃ ᠯᠢᠨᠰᠢ ᠰᠢᠶᠠᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠲᠠᠢ ᠵᠦᠪᠳᠡᠯᠴᠡᠬᠡᠳ ᠨᠢᠳᠤᠨᠤᠨ ᠭᠠᠵᠠᠷ᠎ᠤᠨ ᠨᠡᠷᠡᠰ᠎ᠢ ᠨᠡᠷᠡᠢ᠌ᠳᠴᠦ ᠬᠠᠯᠠᠬᠤ ᠵᠦᠢ᠍ᠯᠡᠰ᠎ᠢ ᠮᠦᠩᠬᠡ ᠰᠤᠪᠠᠭ APP᠎ᠲᠤ ᠣᠷᠣᠭᠤᠯᠪᠠ᠃
   ᠬᠣᠶᠠᠷ᠂ ᠰᠢᠨ᠎ᠡ 《ᠳᠦᠷᠢᠮ》᠎ᠢ ᠬᠡᠷᠡᠭᠵᠢᠭᠦᠯᠵᠦ᠂ ᠰᠣᠶᠣᠯ᠎ᠤᠨ ᠡᠬᠢ ᠪᠠᠶᠠᠯᠢᠭ᠎ᠢ ᠠᠭᠤᠳᠠᠯᠪᠠ
   ᠰᠢᠨ᠎ᠡ᠎ᠪᠠᠷ ᠨᠡᠢ᠌ᠲᠡᠯᠡᠭᠰᠡᠨ 《ᠳᠦᠷᠢᠮ》᠎ᠳᠤ ᠭᠠᠵᠠᠷ᠎ᠤᠨ ᠨᠡᠷᠡᠰ᠎ᠤᠨ ᠰᠣᠶᠣᠯ᠎ᠤᠨ ᠬᠠᠮᠠᠭ᠋ᠠᠯᠠᠯᠲᠠ ᠵᠢᠨ ᠲᠤᠰᠬᠠᠢ ᠪᠦᠯᠦᠭ ᠭᠠᠷᠭ᠋ᠠᠵᠤ᠂ ᠭᠠᠵᠠᠷ᠎ᠤᠨ ᠨᠡᠷᠡᠰ᠎ᠤᠨ ᠰᠣᠶᠣᠯ᠎ᠤᠨ ᠬᠠᠮᠠᠭ᠋ᠠᠯᠠᠯᠲᠠ ᠵᠢᠨ ᠲᠥᠪᠰᠢᠨ᠎ᠢ ᠳᠡᠭᠡᠭᠰᠢᠯᠡᠭᠦᠯᠪᠡ᠃ ᠯᠢᠨᠰᠢ ᠰᠢᠶᠠᠨ᠎ᠤ᠎ᠬᠢᠨ ᠲᠤᠬᠠᠢ ᠵᠢᠨ ᠭᠠᠵᠠᠷ᠎ᠤᠨ ᠡᠬᠢ ᠪᠠᠶᠠᠯᠢᠭ᠎ᠲᠤ᠎ᠪᠠᠨ ᠲᠦᠰᠢᠭᠯᠡᠵᠦ᠂ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠣᠷᠣᠨ ᠨᠤᠲᠤᠭ᠎ᠤᠨ ᠣᠨᠴᠠᠯᠢᠭ᠎ᠲᠠᠢ ᠭᠠᠵᠠᠷ᠎ᠤᠨ ᠨᠡᠷᠡᠰ᠎ᠤᠨ ᠰᠣᠶᠣᠯ᠎ᠢ ᠦᠷᠭᠦᠯᠵᠢᠯᠡᠨ ᠭᠦᠨᠵᠡᠭᠡᠢ ᠠᠭᠤᠳᠠᠯᠤᠨ ᠡᠮᠬᠢᠯᠡᠪᠡ᠃ 2018 ᠣᠨ᠎ᠳᠤ 《ᠯᠢᠨᠰᠢ ᠰᠢᠶᠠᠨ᠎ᠤ ᠭᠠᠵᠠᠷ᠎ᠤᠨ ᠨᠡᠷ᠎ᠡ ᠵᠢᠨ ᠣᠢ᠌ᠯᠠᠯᠭ᠎ᠠ》 ᠵᠢ ᠬᠡᠪᠯᠡᠨ ᠲᠠᠷᠬᠠᠭ᠋ᠠᠵᠤ᠂ 2021 ᠣᠨ᠎ᠳᠤ 《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷ᠎ᠡ ᠵᠢᠨ ᠰᠣᠶᠣᠯ᠎ᠤᠨ ᠯᠢᠨᠰᠢ ᠵᠢᠨ ᠪᠣᠳᠢ》 ᠵᠢ ᠨᠠᠢ᠌ᠷᠠᠭᠤᠯᠤᠨ ᠬᠡᠪᠯᠡᠭᠦᠯᠪᠡ᠃ 2022 ᠣᠨ᠎ᠠᠴᠠ  ᠨᠠᠭ᠋ᠠᠰᠢ 12 ᠬᠣᠪᠢᠰᠬᠠᠯᠲᠤ ᠭᠠᠵᠠᠷ᠎ᠤᠨ ᠨᠡᠷᠡᠰ᠎ᠢ ᠣᠢ᠌ᠯᠠᠭ᠋ᠠᠨ ᠵᠢᠭᠰᠠᠭ᠋ᠠᠭᠰᠠᠨ ᠰᠠᠭᠤᠷᠢᠨ ᠳᠡᠭᠡᠷ᠎ᠡ ᠨᠠᠮ᠎ᠤᠨ ᠲᠡᠦᠬᠡ᠂ ᠣᠷᠣᠨ ᠨᠤᠲᠤᠭ᠎ᠤᠨ ᠣᠢ᠌ᠯᠠᠯᠭ᠎ᠠ᠂ ᠭᠠᠵᠠᠷ᠎ᠤᠨ ᠨᠡᠷᠡᠰ᠎ᠤᠨ ᠣᠷᠣᠨ ᠪᠦᠰᠡ ᠵᠢᠨ ᠲᠤᠰᠬᠠᠢ ᠮᠡᠷᠭᠡᠵᠢᠯᠲᠡᠨ ᠵᠶ᠋ᠡᠷ ᠦᠨᠡᠯᠡᠬᠦᠯᠤᠬᠡᠳ 8 ᠬᠣᠪᠢᠰᠬᠠᠯᠲᠤ ᠭᠠᠵᠠᠷ᠎ᠤᠨ ᠨᠡᠷᠡᠰ᠎ᠢ ᠰᠤᠳᠤᠯᠤᠨ ᠲᠣᠭᠲᠠᠭ᠋ᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠯᠢᠨᠰᠢ ᠵᠢᠨ ᠡᠬᠡ ᠭᠠᠵᠠᠷ᠎ᠲᠤ᠎ᠬᠢ ᠴᠢᠰᠤᠲᠤ ᠪᠠᠢ᠌ᠯᠳᠤᠭ᠋ᠠᠨ᠎ᠤ ᠲᠡᠦᠬᠡ᠂ ᠬᠠᠲᠠᠭᠤᠵᠢᠯᠲᠠᠢ ᠦᠢ᠍ᠯᠡᠰ ᠪᠣᠰᠬᠠᠭᠰᠠᠨ ᠲᠡᠦᠬᠡ ᠵᠢ ᠲᠥᠪᠯᠡᠷᠡᠩᠭᠦᠢ ᠢᠯᠡᠷᠡᠭᠦᠯᠵᠦ᠂ ᠬᠣᠪᠢᠰᠬᠠᠯᠲᠤ ᠭᠠᠵᠠᠷ᠎ᠤᠨ ᠨᠡᠷᠡᠰ᠎ᠢ ᠤᠯᠠᠮᠵᠢᠯᠠᠨ ᠵᠠᠯᠭ᠋ᠠᠮᠵᠢᠯᠠᠪᠠ᠃
   ᠭᠤᠷᠪᠠ᠂ 《ᠲᠣᠭ᠋ᠠᠴᠢᠯᠠᠭᠰᠠᠨ ᠭᠠᠵᠠᠷ᠎ᠤᠨ ᠨᠡᠷᠡᠰ》᠎ᠤᠨ ᠲᠣᠭᠣᠷᠢᠨ᠎ᠳᠤ ᠭᠠᠵᠠᠷ᠎ᠤᠨ ᠨᠡᠷᠡᠰ᠎ᠤᠨ ᠬᠠᠶᠢᠭ᠎ᠤᠨ ᠬᠥᠮᠥᠷᠭᠡ ᠵᠢᠨ ᠪᠠᠢ᠌ᠭᠤᠯᠤᠯᠲᠠ ᠵᠢ  ᠰᠢᠨᠡᠴᠢᠯᠡᠪᠡ
    ᠭᠠᠵᠠᠷ᠎ᠤᠨ ᠨᠡᠷᠡᠰ᠎ᠤᠨ ᠬᠠᠶᠢᠭ᠎ᠤᠨ ᠬᠥᠮᠥᠷᠭᠡ ᠵᠢᠨ ᠪᠠᠢ᠌ᠭᠤᠯᠤᠯᠲᠠ᠎ᠨᠢ ᠭᠠᠵᠠᠷ᠎ᠤᠨ ᠨᠡᠷᠡᠰ᠎ᠤᠨ ᠬᠠᠮᠢᠶᠠᠷᠤᠯᠲᠠ ᠬᠢᠭᠡᠳ ᠦᠢ᠍ᠯᠡᠴᠢᠯᠡᠭᠡᠨ᠎ᠤ ᠦᠷᠭᠦᠯᠵᠢᠯᠡᠯ ᠪᠣᠯᠤᠭᠰᠠᠨ᠎ᠤ ᠬᠤᠪᠢ᠎ᠳᠤ ᠲᠣᠭ᠋ᠠᠴᠢᠯᠠᠭᠰᠠᠨ ᠬᠣᠲᠠ ᠵᠢᠨ ᠪᠦᠲᠦᠭᠡᠨ ᠪᠠᠢ᠌ᠭᠤᠯᠤᠯᠲᠠ᠎ᠳᠤ ᠳᠤᠲᠠᠭᠳᠠᠵᠤ ᠪᠣᠯᠣᠰᠢ ᠦᠭᠡᠢ ᠰᠠᠭᠤᠷᠢ ᠲᠣᠭ᠎ᠠ ᠪᠠᠷᠢᠮᠲᠠ ᠪᠣᠯᠣᠨ᠎ᠠ᠃ ᠯᠢᠨᠰᠢ ᠰᠢᠶᠠᠨ᠎ᠤ᠎ᠬᠢᠨ ᠬᠣᠶᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠭᠠᠵᠠᠷ᠎ᠤᠨ ᠨᠡᠷᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠦᠷ᠎ᠡ ᠪᠦᠲᠦᠭᠡᠯ᠎ᠳᠤ ᠲᠦᠰᠢᠭᠯᠡᠨ᠂ ᠭᠠᠵᠠᠷ᠎ᠤᠨ ᠨᠡᠷᠡᠰ᠎ᠤᠨ ᠬᠠᠶᠢᠭ᠎ᠤᠨ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢᠨ ᠲᠡᠷᠢᠭᠦᠨ᠎ᠤ ᠲᠤᠷᠰᠢᠯᠭ᠎ᠠ᠎ᠪᠠᠷ ᠲᠣᠯᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠳᠤ ᠰᠢᠶᠠᠨ᠂ ᠰᠢᠶᠠᠩ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠂ ᠨᠡᠢ᠌ᠭᠡᠮ ᠲᠣᠭᠣᠷᠢᠭ᠂ ᠲᠣᠰᠬᠣᠨ᠂ ᠪᠠᠷᠢᠯᠭ᠎ᠠ᠂ ᠭᠡᠷ ᠪᠠᠢ᠌ᠰᠢᠩ ᠵᠡᠷᠭᠡ ᠣᠯᠠᠨ ᠳᠠᠪᠬᠤᠷᠭ᠋ᠠᠲᠤ ᠪᠠᠷᠢᠮᠵᠢᠶᠠᠲᠤ ᠭᠠᠵᠠᠷ᠎ᠤᠨ ᠨᠡᠷᠡᠰ᠎ᠤᠨ ᠬᠠᠶᠢᠭ᠎ᠤᠨ ᠬᠥᠮᠥᠷᠭᠡ ᠵᠢ ᠡᠩ ᠲᠡᠷᠢᠭᠦᠨ᠎ᠳᠤ ᠪᠠᠢ᠌ᠭᠤᠯᠵᠤ᠂ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠂ ᠠᠵᠤ ᠠᠬᠤᠢ᠌ᠯᠠᠯ ᠪᠠ ᠨᠡᠢ᠌ᠭᠡᠮ ᠨᠡᠶ᠋ᠢᠲᠡ᠎ᠳᠤ ᠡᠷᠬᠡ ᠰᠦᠷᠲᠦ ᠭᠠᠵᠠᠷ᠎ᠤᠨ ᠨᠡᠷᠡᠰ᠎ᠤᠨ ᠬᠠᠶᠢᠭ᠎ᠤᠨ ᠦᠢ᠍ᠯᠡᠴᠢᠯᠡᠭᠡ ᠬᠠᠡᠭᠭ᠋ᠠᠵᠤ᠂ ᠤᠳᠤ ᠪᠣᠯᠲᠠᠯ᠎ᠠ 9 ᠲᠦᠮᠡ ᠭᠠᠷᠤᠢ ᠭᠠᠵᠠᠷ᠎ᠤᠨ ᠨᠡᠷᠡᠰ᠎ᠤᠨ ᠬᠠᠶᠢᠭ ᠣᠷᠣᠭᠤᠯᠤᠭᠰᠠᠨ ᠪᠠᠢ᠌ᠨ᠎ᠠ᠃
    ᠬᠠᠶᠢᠭ᠎ᠤᠨ ᠦᠢ᠍ᠯᠡᠴᠢᠯᠡᠭᠡ ᠵᠢ ᠢᠯᠡ ᠪᠣᠯᠭ᠋ᠠᠪᠠ᠃ ᠭᠠᠵᠠᠷ᠎ᠤᠨ ᠨᠡᠷᠡᠰ᠎ᠤᠨ ᠬᠠᠶᠢᠭ᠎ᠤᠨ ᠬᠥᠮᠥᠷᠭᠡ ᠵᠢᠨ ᠲᠣᠭ᠎ᠠ ᠪᠠᠷᠢᠮᠲᠠ ᠵᠢ ᠳᠣᠲᠣᠭ᠋ᠠᠳᠤ ᠵᠢ ᠬᠠᠮᠠᠭ᠋ᠠᠯᠠᠬᠤ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠪᠠᠢ᠌ᠭ᠋ᠠᠯᠢ ᠵᠢᠨ ᠡᠬᠢ ᠪᠠᠶᠠᠯᠢᠭ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠳᠠᠩᠰᠠᠯᠠᠯᠲᠠ᠂ ᠥᠯᠥ ᠬᠥᠳᠡᠯᠬᠦ ᠬᠥᠷᠥᠩᠭᠡ ᠵᠢᠨ ᠳᠠᠩᠰᠠᠯᠠᠯᠲᠠ ᠵᠡᠷᠭᠡ ᠰᠠᠯᠠᠭ᠎ᠠ ᠮᠥᠴᠢᠷ᠎ᠲᠤ ᠨᠡᠭᠡᠭᠡᠵᠦ᠂ ᠰᠢᠶᠠᠨ᠎ᠤ ᠬᠡᠪᠴᠢᠶᠡᠨ᠎ᠤ ᠭᠠᠵᠠᠷ᠎ᠤᠨ ᠨᠡᠷᠡᠰ᠎ᠤᠨ ᠬᠠᠶᠢᠭ᠎ᠤᠨ ᠲᠣᠭ᠎ᠠ ᠪᠠᠷᠢᠮᠲᠠ ᠵᠢ ᠬᠡᠷᠡᠭᠯᠡᠭᠴᠢ ᠵᠢᠨ ᠯᠠᠪᠯᠠᠬᠤ᠎ᠳᠤ ᠲᠥᠬᠥᠮ ᠦᠵᠡᠭᠦᠯᠵᠦ᠂ ᠪᠥᠬᠥ ᠰᠢᠶᠠᠨ᠎ᠤ ᠲᠣᠭ᠎ᠠ ᠪᠠᠷᠢᠮᠲᠠ ᠵᠢᠨ ᠢᠷᠡᠯᠲᠡ ᠵᠢ ᠬᠠᠩᠭ᠋ᠠᠵᠤ᠂ ᠭᠠᠵᠠᠷ᠎ᠤᠨ ᠨᠡᠷᠡᠰ᠎ᠤᠨ ᠬᠠᠶᠢᠭ᠎ᠤᠨ ᠲᠣᠭ᠎ᠠ ᠪᠠᠷᠢᠮᠲᠠ ᠲᠤᠳᠤᠷᠬᠠᠢ ᠪᠤᠰᠤ ᠪᠠᠢ᠌ᠳᠠᠯ᠎ᠢ ᠰᠢᠢ᠍ᠳᠪᠦᠷᠢᠯᠡᠪᠡ᠃ 2022 ᠣᠨ᠎ᠤ ᠡᠴᠦᠰ ᠪᠣᠯᠲᠠᠯ᠎ᠠ᠂ ᠥᠯᠥ ᠬᠥᠳᠡᠯᠬᠦ ᠬᠥᠷᠥᠩᠭᠡ ᠵᠢᠨ ᠳᠠᠩᠰᠠᠯᠠᠯᠲᠠ ᠵᠢᠨ ᠰᠠᠯᠠᠭ᠎ᠠ ᠮᠥᠴᠢᠷ᠎ᠲᠤ ᠨᠡᠶ᠋ᠢᠲᠡ 1.5 ᠲᠦᠮᠡᠨ ᠬᠠᠶᠢᠭ ᠬᠠᠩᠭ᠋ᠠᠭᠰᠠᠨ ᠪᠠᠢ᠌ᠨ᠎ᠠ᠃
   ᠬᠠᠶᠢᠭ᠎ᠤᠨ ᠰᠢᠨᠡᠳᠭᠡᠯᠲᠡ ᠵᠢ ᠨᠠᠷᠢᠯᠢᠭᠵᠢᠭᠤᠯᠪᠠ᠃ 2018 ᠣᠨ᠎ᠠᠴᠠ ᠣᠲᠣ ᠪᠣᠯᠲᠠᠯ᠎ᠠ ᠨᠡᠶ᠋ᠢᠲᠡ 100 ᠭᠠᠷᠤᠢ ᠲᠦᠮᠡᠨ ᠲᠥᠭᠥᠷᠢᠭ ᠵᠠᠷᠤᠴᠠᠭᠤᠯᠵᠤ ᠪᠠᠢ᠌ᠭ᠋ᠠᠳ ᠯᠢᠨᠰᠢ ᠰᠢᠶᠠᠨ᠎ᠤ ᠭᠠᠵᠠᠷ᠎ᠤᠨ ᠨᠡᠷᠡᠰ᠎ᠤᠨ ᠬᠠᠶᠢᠭ᠎ᠤᠨ ᠬᠥᠮᠥᠷᠭᠡ ᠵᠢ ᠪᠠᠢ᠌ᠭᠤᠯᠵᠤ᠂ ᠳᠡᠭᠡᠳᠦ ᠨᠠᠷᠢᠯᠢᠭ RTK ᠬᠡᠮᠵᠢᠨ ᠵᠢᠷᠤᠬᠤ ᠲᠥᠬᠦᠭᠡᠷᠦᠮᠵᠢ ᠵᠢ ᠲᠣᠬᠢᠷᠠᠭᠤᠯᠤᠨ᠂ ᠭᠠᠵᠠᠷ᠎ᠤᠨ ᠨᠡᠷᠡᠰ᠎ᠤᠨ ᠬᠠᠶᠢᠭ᠎ᠤᠨ ᠲᠣᠭ᠎ᠠ ᠪᠠᠷᠢᠮᠲᠠ ᠵᠢ ᠴᠠᠭ ᠎ᠲᠤ᠎ᠨᠢ ᠲᠣᠬᠢᠷᠠᠭᠤᠯᠤᠨ ᠴᠤᠭᠯᠠᠭᠤᠯᠵᠤ ᠰᠢᠨᠡᠳᠬᠡᠪᠡ᠃ ᠬᠠᠶᠢᠭ᠂ ᠡᠭᠦᠳᠡᠨ ᠫᠠᠢ᠌ᠰᠠ ᠵᠢ ᠨᠠᠢ᠌ᠷᠠᠭᠤᠯᠤᠨ ᠵᠢᠭᠰᠠᠭ᠋ᠠᠭᠰᠠᠨ ᠮᠠᠲ᠋ᠧᠷᠢᠶᠠᠯ᠎ᠤᠳ᠎ᠢ ᠭᠡᠷ ᠪᠠᠢ᠌ᠰᠢᠩ ᠭᠠᠵᠠᠷ ᠬᠥᠷᠥᠩᠭᠡ ᠵᠢᠨ ᠤᠷᠢᠳᠴᠢᠯᠠᠨ ᠬᠤᠳᠠᠯᠳᠤᠬᠤ ᠭᠣᠭᠴᠣᠭ᠎ᠠ᠎ᠳᠤ ᠣᠷᠣᠭᠤᠯᠵᠤ᠂ ᠭᠠᠵᠠᠷ᠎ᠤᠨ ᠨᠡᠷᠡᠰ᠎ᠤᠨ ᠬᠠᠶᠢᠭ᠎ᠤᠨ ᠲᠣᠭ᠎ᠠ ᠪᠠᠷᠢᠮᠲᠠ ᠵᠢ ᠪᠠᠢ᠌ᠩᠭᠤᠵᠢᠭᠤᠯᠤᠨ ᠰᠢᠨᠡᠳᠬᠡᠬᠦ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠭᠠᠵᠠᠷ᠎ᠤᠨ ᠨᠡᠷᠡᠰ᠎ᠤᠨ ᠬᠠᠶᠢᠭ᠎ᠤᠨ ᠲᠣᠭ᠎ᠠ ᠪᠠᠷᠢᠮᠲᠠ ᠵᠢᠨ ᠣᠳᠣᠬᠢ ᠪᠠᠢ᠌ᠳᠠᠯ᠎ᠤᠨ ᠴᠢᠨᠠᠷ᠎ᠢ ᠦᠨᠡᠨ ᠬᠦ᠌ ᠪᠠᠲᠤᠯᠠᠵᠤ᠂ ᠬᠠᠮᠢᠶᠠᠷᠤᠯᠲᠠ ᠵᠢᠨ ᠲᠠᠪᠴᠠᠩ᠎ᠢ ᠲᠣᠭᠲᠠᠭᠤᠨ ᠪᠥᠭᠡᠳ ᠥᠨᠳᠥᠷ ᠪᠦᠲᠦᠮᠵᠢᠲᠡᠢ᠎ᠪᠠᠷ ᠠᠵᠢᠯᠯᠠᠭᠤᠯᠪᠠ᠃
  ᠬᠠᠶᠢᠭ᠎ᠤᠨ ᠦᠢ᠍ᠯᠡᠴᠢᠯᠡᠭᠡ ᠵᠢᠨ ᠲᠥᠷᠥᠯ᠎ᠢ ᠤᠯᠠᠨ ᠪᠣᠯᠭ᠋ᠠᠪᠠ᠃ ᠭᠠᠵᠠᠷ᠎ᠤᠨ ᠨᠡᠷᠡᠰ᠎ᠤᠨ ᠬᠠᠶᠢᠭ᠎ᠤᠨ ᠦᠢ᠍ᠯᠡᠴᠢᠯᠡᠭᠡᠨ᠎ᠤ ᠣᠯᠠᠨ ᠡᠰᠢᠵᠢᠭᠰᠡᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ ᠵᠢ ᠢᠳᠡᠪᠬᠢᠲᠡᠢ ᠥᠷᠭᠡᠳᠬᠡᠵᠦ᠂ ᠰᠢᠶᠠᠨ᠂ ᠰᠢᠶᠠᠩ᠂ ᠲᠣᠰᠬᠣᠨ᠎ᠤ ᠬᠠᠶᠢᠭ᠎ᠢ ᠨᠢᠭᠡ ᠴᠣᠭᠴᠠᠵᠢᠭᠤᠯᠬᠤ ᠪᠠᠢ᠌ᠷᠢᠰᠢᠯ᠎ᠢ ᠪᠡᠶᠡᠯᠡᠭᠦᠯᠪᠡ᠃ ᠬᠥ᠋ᠳᠡᠭᠡ ᠲᠣᠰᠬᠣᠨ᠎ᠤ 5.3 ᠲᠦᠮᠡᠨ ᠡᠭᠦᠳᠡᠨ ᠫᠠᠢ᠌ᠰᠠ 5.6 ᠲᠦᠮᠡᠨ ᠬᠠᠶᠢᠭ᠎ᠢ ᠨᠠᠢ᠌ᠷᠠᠭᠤᠯᠤᠨ ᠵᠣᠬᠢᠶᠠᠵᠤ᠂ ᠰᠢᠤᠳᠠᠨ ᠲᠦᠷᠭᠡᠨ ᠬᠦᠷᠭᠡᠯᠲᠡ᠂ ᠭᠡᠷ ᠪᠠᠢ᠌ᠰᠢᠩ᠎ᠢ ᠬᠤᠳᠠᠯᠳᠤᠭ᠋ᠠᠯᠠᠬᠤ᠂ ᠰᠣᠶᠣᠯ ᠵᠤᠭ᠋ᠠᠴᠠᠯ ᠵᠡᠷᠭᠡ ᠬᠥᠳᠡᠭᠡ ᠠᠵᠤ ᠠᠬᠤᠢ ᠬᠤᠳᠠᠯᠳᠤᠭ᠋ᠠᠨ᠎ᠳᠤ ᠬᠣᠯᠪᠣᠭᠳᠠᠬᠤ ᠵᠦᠢ᠍ᠯᠡᠰ᠎ᠲᠤ ᠤᠨᠤᠪᠴᠢᠲᠠᠢ ᠬᠠᠶᠢᠭ᠎ᠤᠨ ᠮᠡᠳᠡᠭᠡ ᠵᠠᠩᠭᠢ ᠬᠠᠩᠭ᠋ᠠᠵᠤ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠬᠠᠶᠢᠭ᠎ᠤᠨ ᠬᠠᠮᠢᠶᠠᠷᠤᠯᠲᠠ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠳᠤ ᠲᠦᠬᠦᠮ ᠦᠵᠡᠭᠦᠯᠦᠭᠰᠡᠨ ᠪᠥᠭᠡᠳ ᠲᠣᠭ᠋ᠠᠴᠢᠯᠠᠭᠰᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠬᠦᠴᠦᠨ ᠨᠡᠮᠡᠷᠢᠯᠡᠪᠠ᠃

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠭᠠᠵᠠᠷ᠎ᠤᠨ ᠨᠡᠷᠡᠰ᠎ᠤᠨ ᠤᠷᠴᠢᠭᠤᠯᠭ᠎ᠠ
ᠤᠯᠠᠭ᠋ᠠᠨᠬᠠᠳᠠ ᠬᠤᠳᠠ ᠵᠢᠨ᠎ᠬᠢᠨ ᠨᠢᠬᠡᠳᠤᠯᠳᠡᠢ ᠲᠦᠯᠤᠪᠵᠢᠬᠦᠯᠤᠨ᠂ ᠡᠯ᠎ᠡ ᠲᠠᠯ᠎ᠠ ᠵᠢᠨ ᠬᠦᠴᠤᠨ᠎ᠢ ᠨᠢᠭᠲᠠᠷᠠᠭᠤᠯᠤᠨ ᠭᠠᠵᠠᠷ᠎ᠤᠨ ᠨᠡᠷᠡᠰ᠎ᠤᠨ ᠰᠤᠳᠤᠨ ᠣᠢ᠌ᠯᠠᠯᠭ᠎ᠠ ᠵᠢ ᠬᠡᠪᠯᠡᠬᠦᠯᠤᠨ ᠲᠠᠷᠬᠠᠭ᠋ᠠᠯ᠎ᠠ
《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠤᠢ᠌ᠯᠠᠯᠭ᠎ᠠ》 ᠤᠯᠠᠭ᠋ᠠᠨᠬᠠᠳᠠ ᠬᠣᠲᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠢᠯᠢᠳᠡᠭ ᠦᠷ᠎ᠡ ᠪᠦᠲᠦᠭᠡᠯ᠎ᠤᠨ ᠵᠠᠰᠠᠭ᠎ᠤᠨ ᠣᠷᠳᠣᠨ᠎ᠤ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠪᠡ
ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ ᠠᠬᠢᠭᠤᠯᠵᠤ ᠪᠠᠢ᠌ᠨ᠎ᠠ
《ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠤᠢ᠌ᠯᠠᠭ᠋ᠠᠵᠤ᠂ ᠲᠡᠦᠬᠡ ᠰᠣᠶᠣᠯ ᠵᠶ᠋ᠠᠨ ᠪᠠᠳᠠᠷᠠᠭᠤᠯᠤᠶ᠎ᠠ》 — ᠦᠬᠠᠢ ᠬᠤᠳᠠ ᠵᠢᠨ ᠬᠠᠢ᠌ᠨᠠᠨ ᠲᠣᠭᠣᠷᠢᠭ᠎ᠤᠨ ᠷᠠᠰᠠᠡᠭ ᠰᠦᠮ᠎ᠡ ᠪᠠᠯᠭ᠋ᠠᠰᠤ
 
            