ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠵᠠᠰᠠᠭ ᠵᠠᠬᠢᠷᠭᠠᠨ᠎ᠤ ᠣᠷᠣᠨ ᠬᠤᠪᠢᠶᠠᠷᠯᠠᠯ᠎ᠤᠨ ᠭᠠᠵᠠᠷ᠎ᠤᠨ ᠨᠡᠷ᠎ᠡ
ᠬᠦᠷᠢᠶ᠎ᠡ ᠬᠤᠰᠢᠭᠤ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠭᠦᠨᠵᠡᠭᠡᠢ᠌ᠷᠡᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ ᠪᠠᠢ᠌ᠨ᠎ᠠ
ᠨᠡᠶᠢᠲᠡᠯᠡᠭᠰᠡᠨ ᠴᠠᠭ᠄ 2023-03-24

                 ᠤᠷᠢᠬᠠᠨ ᠮᠡᠳᠡᠭᠡᠯᠡᠪᠡ
     ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠭᠠᠵᠠᠷ᠎ᠤᠨ ᠨᠡᠷᠡᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠮᠵᠢ ᠵᠢ ᠳᠡᠭᠡᠭᠰᠢᠯᠡᠭᠦᠯᠵᠦ᠂ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠵᠢᠨ ᠲᠥᠯᠥᠭᠡ᠂ ᠤᠢ᠌ᠷ᠎ᠠ ᠵᠢᠨ ᠵᠢᠯ᠎ᠳᠤ ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠠᠴᠠ ᠬᠦᠷᠢᠶ᠎ᠡ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢ ᠵᠢᠯᠣᠭᠣᠳᠤᠨ ᠪᠠᠢ᠌ᠵᠤ ᠪᠠᠷᠢᠮᠵᠢᠶᠠᠲᠤ ᠬᠠᠶᠢᠭ᠎ᠤᠨ ᠬᠥᠮᠥᠷᠭᠡ ᠪᠠᠶ᠋ᠢᠭᠤᠯᠬᠤ ᠠᠵᠢᠯᠯᠠᠭ᠎ᠠ ᠵᠢ ᠥᠷᠨᠢᠭᠦᠯᠪᠡ᠃
     ᠬᠦᠷᠢᠶ᠎ᠡ ᠬᠣᠰᠢᠭᠤ ᠪᠣᠯ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠪᠣᠯᠣᠨ᠎ᠠ᠃ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡ ᠵᠢ  ᠳᠡᠭᠡᠭᠰᠢᠯᠡᠭᠦᠯᠵᠦ᠂ ᠲᠣᠭ᠋ᠠᠴᠢᠯᠠᠭᠰᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠬᠤ ᠵᠢᠨ ᠲᠦᠯᠦᠭᠡ᠂ ᠬᠦᠷᠢᠶ᠎ᠡ ᠬᠤᠰᠢᠭᠤᠨ᠎ᠤ ᠬᠦᠷᠢᠶ᠎ᠡ ᠪᠠᠯᠭ᠋ᠠᠰᠤ ᠵᠢᠨ 3 ᠲᠦᠮᠡ ᠣᠷᠴᠢᠮ ᠭᠠᠵᠠᠷ᠎ᠤᠨ ᠨᠡᠷᠡᠰ᠎ᠤᠨ ᠪᠠᠷᠢᠮᠵᠢᠶᠠᠲᠤ ᠬᠠᠶᠢᠭ᠎ᠤᠨ ᠬᠥᠮᠥᠷᠭᠡ ᠵᠢ ᠨᠠᠢ᠌ᠷᠠᠭᠤᠯᠤᠨ ᠵᠣᠬᠢᠶᠠᠪᠠ᠃  ᠪᠠᠷᠢᠮᠵᠢᠶᠠᠲᠤ ᠬᠠᠶᠢᠭ ᠨᠢᠭᠡᠪᠦᠷᠢ᠎ᠳᠤ ᠬᠣᠶᠠᠷ ᠬᠡᠮᠵᠢᠯᠲᠦ ᠺᠣᠳ᠋᠂ ᠤᠷᠲᠤᠷᠢᠭ ᠥᠷᠭᠡᠷᠢᠭ᠎ᠤᠨ ᠲᠤᠭ᠎ᠠ ᠪᠠᠷᠢᠮᠲᠠ ᠪᠠ ᠭᠤᠷᠪᠠᠨ ᠬᠡᠮᠵᠢᠯᠲᠦ ᠪᠣᠳᠠᠲᠤ ᠦᠵᠡᠮᠵᠢ ᠵᠢᠨ ᠭᠠᠵᠠᠷ᠎ᠤᠨ ᠵᠢᠷᠤᠭ᠎ᠢ ᠳᠠᠭ᠋ᠠᠷᠠᠭᠤᠯᠵᠤ᠂ ᠪᠠᠷᠢᠮᠵᠢᠶᠠᠲᠤ ᠬᠠᠶᠢᠭ ᠵᠶ᠋ᠠᠷ ᠳᠠᠮᠵᠢᠨ ᠪᠠᠷᠢᠯᠭ᠎ᠠ ᠪᠦᠷᠢ ᠵᠢ 360 ᠭ᠋ᠷᠡᠳᠦ᠋ᠰ᠎ᠤᠨ ᠪᠣᠳᠠᠲᠤ ᠦᠵᠡᠮᠵᠢ ᠵᠢᠨ ᠵᠢᠷᠤᠭ ᠵᠶ᠋ᠠᠷ ᠳᠡᠯᠭᠡᠨ ᠦᠵᠡᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ᠂ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ᠎ᠳᠤ ᠦᠢ᠍ᠯᠡᠴᠢᠯᠡᠵᠦ᠂ 《ᠢᠨᠲ᠋ᠧᠷ ᠰᠦᠯᠵᠢᠶ᠎ᠡ +》 ᠲᠠᠪᠴᠠᠩ᠎ᠢ ᠭᠦᠨᠵᠡᠭᠡᠢ ᠨᠡᠭᠡᠭᠡᠨ ᠬᠥᠭᠵᠢᠭᠦᠯᠬᠦ᠎ᠳᠤ ᠰᠠᠭᠤᠷᠢ ᠲᠣᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠪᠠ᠃ ᠲᠦᠩᠯᠢᠶᠤᠤ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠡᠨᠡ ᠬᠦ᠌ ᠠᠵᠢᠯᠯᠠᠭ᠎ᠠ᠎ᠨᠢ ᠪᠠᠷᠢᠮᠵᠢᠶᠠᠲᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢ ᠠᠬᠢᠭᠤᠯᠵᠤ᠂ ᠭᠠᠵᠠᠷ᠎ᠤᠨ ᠨᠡᠷᠡᠰ᠎ᠤᠨ ᠦᠢ᠍ᠯᠡᠴᠢᠯᠡᠭᠡᠨ᠎ᠤ ᠬᠢᠷᠢ ᠲᠥᠪᠰᠢᠨ᠎ᠢ ᠳᠡᠭᠡᠭᠰᠢᠯᠡᠭᠦᠯᠵᠦ᠂ ᠣᠯᠠᠨ ᠲᠦᠮᠡᠨ᠎ᠳᠤ ᠭᠠᠵᠠᠷ᠎ᠤ ᠨᠡᠷᠡᠰ᠎ᠤᠨ ᠮᠡᠳᠡᠭᠡ ᠵᠠᠩᠭᠢ ᠵᠢ ᠳᠦᠭᠦᠮ ᠳᠦᠳᠡ᠎ᠪᠠᠷ ᠬᠠᠩᠭ᠋ᠠᠵᠤ᠂ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ᠎ᠳᠤ ᠲᠤᠷᠰᠢᠯᠭ᠎ᠠ  ᠬᠠᠩᠭ᠋ᠠᠪᠠ᠃

      ᠮᠡᠳᠡᠭᠡᠯᠡᠭᠴᠢ ᠵᠢᠨ ᠬᠠᠶᠢᠭ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠣᠷᠣᠨ ᠬᠣᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ ᠪᠤᠯᠤᠨ ᠬᠠᠷᠠᠮᠦᠢ᠍ᠷᠡᠨ ᠮᠣᠵᠢ ᠵᠢᠨ ᠵᠠᠰᠠᠭ ᠵᠠᠬᠢᠷᠭ᠋ᠠᠨ᠎ᠤ ᠵᠠᠭ᠋ᠠᠭ ᠱᠤᠭᠤᠮ᠎ᠤᠨ ᠲᠠᠪᠤᠳᠤᠭ᠋ᠠᠷ ᠡᠭᠡᠯᠵᠢ ᠵᠢᠨ ᠬᠠᠮᠲᠤᠷᠠᠭᠰᠠᠨ ᠪᠠᠢ᠌ᠴᠠᠭ᠋ᠠᠯᠲᠠ ᠵᠢᠨ ᠠᠵᠢᠯ ᠬᠢᠭᠡᠳ ᠠᠮᠤᠷ ᠠᠮᠤᠭᠤᠯᠠᠩ ᠵᠠᠭ᠋ᠠᠭ ᠱᠤᠭᠤᠮ᠎ᠤᠨ ᠣᠷᠤᠨ᠎ᠢ ᠡᠭᠦᠳᠦᠨ ᠪᠠᠶ᠋ᠢᠭᠤᠯᠬᠤ ᠬᠤᠷᠠᠯ ᠴᠢᠴᠢᠬᠠᠷ ᠬᠣᠲᠠ ᠵᠢᠨ ᠭᠠᠨᠨᠠᠨ ᠰᠢᠶᠠᠨ᠎ᠳᠤ ᠬᠤᠷᠠᠯᠳᠤᠪᠠ
ᠠᠷᠠᠳ᠎ᠤᠨ ᠶᠠᠪᠤᠳᠠᠯ᠎ᠤᠨ ᠶᠠᠮᠤᠨ᠎ᠤ ᠭᠠᠵᠠᠷ᠎ᠤᠨ ᠨᠡᠷᠡᠰ ᠰᠤᠳᠤᠯᠬᠤ ᠭᠠᠵᠠᠷ᠎ᠤᠨ᠎ᠬᠢᠨ ᠮᠠᠨ᠎ᠤ ᠣᠷᠣᠨ᠎ᠳᠤ ᠢᠷᠡᠵᠦ ᠴᠦᠬᠡᠨ ᠲᠤᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠬᠦ ᠵᠢ ᠲᠦᠷᠢᠮᠵᠢᠭᠦᠯᠬᠦ ᠲᠤᠬᠠᠢ ᠪᠠᠢ᠌ᠴᠠᠭ᠋ᠠᠨ ᠰᠤᠳᠤᠯᠤᠯᠲᠠ ᠬᠢᠪᠡ
ᠠᠷᠠᠳ᠎ᠤᠨ ᠶᠠᠪᠤᠳᠠᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠲᠤᠭᠲᠠᠭ᠋ᠠᠯ》᠎ᠳᠤ ᠵᠠᠰᠠᠪᠤᠷᠢ ᠤᠷᠤᠭᠤᠯᠤᠨ ᠬᠠᠤᠯᠢ ᠲᠣᠭᠲᠠᠭ᠋ᠠᠬᠤ ᠪᠤᠯᠤᠨ ᠠᠮᠤᠷ ᠠᠮᠤᠭᠤᠯᠠᠩ ᠵᠠᠭ᠋ᠠᠭ ᠤᠷᠤᠨ᠎ᠤ ᠪᠦᠲᠦᠭᠡᠨ ᠪᠠᠢ᠌ᠭᠤᠯᠤᠯᠲᠠ ᠵᠢ ᠪᠠᠢ᠌ᠴᠠᠭ᠋ᠠᠨ ᠰᠤᠳᠤᠯᠪᠡ
ᠭᠠᠵᠠᠷ᠎ᠤᠨ ᠨᠡᠷᠡᠰ᠎ᠤᠨ ᠬᠠᠶᠢᠭ᠎ᠤᠨ ᠬᠠᠮᠢᠶᠠᠷᠣᠯᠲᠠ᠎ᠢ ᠦᠭᠡᠷᠡᠴᠢᠯᠡᠨ ᠰᠢᠨᠡᠴᠢᠯᠡᠵᠦ ᠭᠠᠵᠠᠷ᠎ᠤᠨ ᠨᠡᠷᠡᠰ᠎ᠤᠨ ᠬᠠᠶᠢᠭ᠎ᠤᠨ ᠦᠢ᠍ᠯᠡᠴᠢᠯᠡᠭᠡᠨ᠎ᠤ ᠲᠥᠪᠰᠢᠨ᠎ᠢ ᠳᠡᠭᠡᠭᠰᠢᠯᠡᠭᠦᠯᠪᠡ
ᠭᠠᠵᠠᠷ᠎ᠤᠨ ᠨᠡᠷᠡᠰ᠎ᠤᠨ ᠤᠷᠴᠢᠭᠤᠯᠭ᠎ᠠ
 
            