ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠵᠠᠰᠠᠭ ᠵᠠᠬᠢᠷᠭᠠᠨ᠎ᠤ ᠣᠷᠣᠨ ᠬᠤᠪᠢᠶᠠᠷᠯᠠᠯ᠎ᠤᠨ ᠭᠠᠵᠠᠷ᠎ᠤᠨ ᠨᠡᠷ᠎ᠡ
ᠤᠷᠠᠳ᠎ᠤᠨ ᠬᠣᠢ᠌ᠲᠤ ᠬᠣᠰᠢᠭᠤ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠲᠠᠪᠴᠠᠩ᠎ᠢ ᠪᠠᠢ᠌ᠭᠤᠯᠵᠤ᠂ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠴᠢᠳᠠᠪᠤᠷᠢ ᠪᠠ ᠬᠢᠷᠢ ᠲᠦᠪᠰᠢᠨ ᠵᠶ᠋ᠡᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄ 2023-03-24


                       ᠤᠷᠢᠬᠠᠨ   ᠮᠡᠳᠡᠭᠡᠯᠡᠪᠡ
     ᠣᠢ᠌ᠷ᠎ᠠ ᠵᠢᠨ ᠵᠢᠯ᠎ᠤᠳ᠎ᠲᠤ᠂ ᠪᠠᠢ᠌ᠭ᠋ᠠᠯᠢ ᠵᠢᠨ ᠭᠠᠮᠰᠢᠭ ᠡᠭᠦᠰᠬᠦ᠂ ᠭᠣᠣᠯ᠎ᠤᠨ ᠲᠠᠩ ᠦᠭᠡᠷᠡᠴᠢᠯᠡᠭᠳᠡᠬᠦ᠂ ᠭᠡᠷ ᠪᠠᠢ᠌ᠰᠢᠩ ᠪᠠᠢ᠌ᠭᠤᠯᠵᠤ ᠥᠭᠡᠷᠡᠴᠢᠯᠡᠬᠦ᠂ ᠬᠤᠳᠳᠤᠭ ᠮᠠᠯᠲᠠᠵᠤ ᠬᠤᠳᠳᠤᠭ ᠬᠠᠢ᠌ᠬᠤ᠂ ᠰᠢᠶᠠᠩ ᠪᠠᠯᠭ᠋ᠠᠰᠤᠨ᠎ᠤ ᠵᠠᠭ᠋ᠠᠭ ᠱᠤᠭᠤᠮ ᠲᠣᠳᠣᠷᠬᠠᠢ ᠦᠭᠡᠢ ᠪᠠᠢ᠌ᠬᠤ ᠵᠡᠷᠭᠡ ᠰᠢᠯᠲᠠᠭ᠋ᠠᠨ᠎ᠠᠴᠠ ᠪᠣᠯᠵᠤ᠂ ᠵᠠᠭ᠋ᠠᠭ ᠱᠤᠭᠤᠮ᠎ᠤᠨ ᠲᠤᠬᠠᠢ ᠵᠢᠨ ᠭᠠᠵᠠᠷ᠎ᠤᠨ ᠣᠷᠣᠨ ᠪᠠᠢ᠌ᠷᠢ ᠪᠤᠶᠤ ᠡᠬᠢ ᠪᠠᠶᠠᠯᠢᠭ᠎ᠤᠨ ᠬᠠᠮᠢᠶᠠᠷᠴᠦ ᠬᠡᠷᠡᠭᠯᠡᠬᠦ ᠡᠷᠬᠡ ᠵᠢᠨ ᠬᠠᠷᠢᠶᠠᠯᠠᠯ᠎ᠳᠤ ᠤᠯᠠᠨ ᠲᠦᠮᠡᠨ ᠴᠢᠩᠭ᠎ᠠ ᠲᠤᠰᠬᠠᠯ ᠭᠠᠷᠭ᠋ᠠᠵᠤ᠂ ᠵᠠᠭᠤᠷᠠᠯᠳᠤᠭ᠋ᠠᠨ᠎ᠤ ᠲᠠᠯᠳᠠ ᠭᠡᠮ ᠣᠷᠣᠰᠢᠵᠤ ᠪᠠᠢ᠌ᠪᠠ᠃ ᠡᠨᠡ ᠬᠦ᠌ ᠳᠠᠯᠳᠠ ᠭᠡᠮ᠎ᠢ ᠠᠷᠢᠯᠭ᠋ᠠᠬᠤ ᠵᠢᠨ ᠲᠥᠯᠥᠭᠡ᠂ ᠤᠷᠠᠳ᠎ᠤᠨ ᠬᠣᠢ᠌ᠲᠤ ᠬᠤᠰᠢᠭᠤᠨ᠎ᠤ ᠠᠷᠠᠳ᠎ᠤᠨ ᠶᠠᠪᠤᠳᠠᠯ᠎ᠤᠨ ᠲᠤᠪᠴᠢᠶᠠᠨ᠎ᠤ᠎ᠬᠢᠨ ᠴᠠᠭ ᠲᠤᠬᠠᠢ᠎ᠳᠤ᠎ᠨᠢ ᠠᠷᠭ᠎ᠠ ᠪᠣᠳᠤᠯᠭ᠎ᠠ ᠠᠪᠴᠦ᠂ ᠬᠠᠮᠢᠶ᠎ᠠ ᠪᠦᠬᠦᠢ ᠳᠠᠩᠰᠠ ᠡᠪᠬᠡᠮᠡᠯ ᠪᠠ ᠮᠠᠲ᠋ᠧᠷᠢᠶᠠᠯ᠎ᠢ ᠯᠠᠪᠯᠠᠵᠤ ᠪᠠᠢ᠌ᠭ᠋ᠠᠳ ᠵᠠᠰᠠᠭ ᠵᠠᠬᠢᠷᠭ᠋ᠠᠨ᠎ᠤ ᠵᠠᠭ᠋ᠠᠭ ᠱᠤᠭᠤᠮ᠎ᠢ ᠡᠷᠢᠨ ᠭᠠᠷᠭ᠋ᠠᠵᠤ᠂ ᠮᠠᠷᠭᠤᠯᠳᠤᠭ᠋ᠠᠨ᠎ᠲᠠᠢ ᠣᠷᠣᠨ᠎ᠤ ᠵᠠᠭ᠋ᠠᠭ ᠱᠤᠭᠤᠮ᠎ᠢ ᠮᠠᠭ᠋ᠠᠳᠯᠠᠨ ᠲᠣᠭᠲᠠᠭ᠋ᠠᠭᠰᠠᠨ ᠬᠡᠯᠡᠯᠴᠡᠭᠡᠷ᠎ᠤᠨ ᠪᠢᠴᠢᠭ᠎ᠢ ᠠᠰᠢᠭᠯᠠᠵᠤ᠂ ᠪᠤᠲᠠᠲᠠᠢ ᠭᠠᠵᠠᠷ᠎ᠲᠤ᠎ᠨᠢ ᠬᠦᠷᠴᠦ ᠬᠡᠮᠵᠢᠨ ᠰᠢᠨᠵᠢᠬᠦ᠎ᠪᠠᠷ ᠳᠠᠮᠵᠢᠨ ᠣᠨᠣᠪᠴᠢᠲᠠᠶ ᠣᠷᠣᠨ ᠪᠠᠢ᠌ᠷᠢ ᠵᠢ ᠲᠤᠭᠲᠠᠭ᠋ᠠᠪᠠ᠃  ᠡᠢ᠌ᠮᠦᠷᠬᠦᠦ ᠠᠵᠢᠯ᠎ᠤᠨ ᠬᠡᠮᠵᠢᠶ᠎ᠡ ᠶᠡᠬᠡ ᠮᠥᠷᠲᠡᠭᠡᠨ ᠴᠠᠭ᠋ᠠᠰᠤᠨ ᠮᠠᠲ᠋ᠧᠷᠢᠶᠠᠯ᠎ᠨᠢ ᠠᠮᠠᠷᠬᠠᠨ ᠡᠪᠳᠡᠨ ᠰᠦᠢ᠍ᠳᠬᠦ᠂ ᠭᠠᠵᠠᠷ᠎ᠤᠨ ᠪᠠᠢ᠌ᠴᠠ ᠭᠠᠵᠠᠷ᠎ᠤᠨ ᠭᠠᠳᠠᠷᠭᠤ ᠵᠢᠨ ᠬᠤᠪᠢᠷᠠᠯᠲᠠ ᠭᠠᠷᠬᠤ᠂ ᠣᠷᠣᠨ ᠪᠠᠢ᠌ᠷᠢ ᠵᠢᠨ ᠳᠡᠮᠳᠡᠭ ᠪᠣᠳᠠᠰ᠎ᠤᠨ ᠭᠡᠭᠡᠭᠳᠡᠬᠦ ᠵᠢ ᠳᠠᠭ᠋ᠠᠯᠳᠤᠨ᠂ ᠤᠯᠠᠮᠵᠢᠯᠠᠯᠲᠤ ᠬᠡᠮᠵᠢᠨ ᠲᠤᠭᠲᠠᠭ᠋ᠠᠬᠤ ᠠᠷᠭ᠎ᠠ᠎ᠨᠢ ᠣᠨᠣᠪᠴᠢᠲᠠᠶ ᠣᠷᠣᠨ ᠪᠠᠢ᠌ᠷᠢ ᠵᠢ ᠮᠠᠭ᠋ᠠᠳᠯᠠᠬᠤ᠎ᠳᠤ ᠪᠡᠷᠬᠡ ᠪᠣᠯᠳᠠᠭ ᠶᠤᠮ᠃
     ᠵᠠᠭ᠋ᠠᠭ ᠱᠤᠭᠤᠮ᠎ᠢ ᠢᠯᠭ᠋ᠠᠨ ᠲᠠᠨᠢᠬᠤ ᠠᠵᠢᠯ᠎ᠢ ᠨᠠᠩ ᠣᠨᠣᠪᠴᠢᠲᠠᠶ᠂ ᠨᠠᠩ ᠥᠨᠳᠥᠷ ᠪᠦᠲᠦᠮᠵᠢᠲᠡᠶ ᠪᠡᠶᠡᠯᠡᠭᠦᠯᠬᠦ ᠵᠢᠨ ᠲᠥᠯᠥᠭᠡ᠂ 2019 ᠣᠨ᠎ᠤ 10 ᠳ᠋ᠤᠭ᠋ᠠᠷ ᠰᠠᠷ᠎ᠠ᠎ᠳᠤ᠂ ᠤᠷᠠᠳ᠎ᠤᠨ ᠬᠣᠢ᠌ᠲᠤ ᠬᠤᠰᠢᠭᠤᠨ᠎ᠤ ᠠᠷᠠᠳ᠎ᠤᠨ ᠶᠠᠪᠤᠳᠠᠯ᠎ᠤᠨ ᠲᠤᠪᠴᠢᠶᠠᠨ᠎ᠤ᠎ᠬᠢᠨ ᠭᠤᠷᠪᠠᠳᠠᠭᠢ ᠡᠲᠡᠭᠡᠳ᠎ᠲᠤ ᠨᠠᠢ᠌ᠳᠠᠵᠤ ᠪᠠᠢ᠌ᠭ᠋ᠠᠳ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠲᠠᠪᠴᠠᠩ᠎ᠢ ᠪᠠᠢ᠌ᠭᠤᠯᠵᠤ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠬᠠᠮᠢᠶᠠᠷᠤᠯᠲᠠ ᠵᠢᠨ ᠵᠥᠭᠡᠯᠡᠨ ᠲᠣᠨᠣᠭ᠎ᠢ ᠨᠡᠭᠡᠭᠡᠨ ᠬᠥᠭᠵᠢᠭᠦᠯᠬᠦ ᠵᠢᠨ ᠬᠠᠮᠲᠤ᠂ ᠶᠠ ᠮᠢ ᠲᠠᠰ᠎ᠤᠨ ᠬᠠᠪᠲᠠᠭ᠋ᠠᠢ ᠦᠵᠦᠭᠦᠷ᠎ᠢ ᠲᠣᠬᠢᠷᠠᠭᠤᠯᠪᠠ᠃ ᠣᠳᠣᠬᠠᠨ᠎ᠳᠤ᠂ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠲᠠᠪᠴᠠᠩ ᠵᠶ᠋ᠠᠷ ᠳᠠᠮᠵᠢᠭᠤᠯᠤᠨ᠂ ᠵᠠᠭ᠋ᠠᠭ ᠱᠤᠭᠤᠮ᠎ᠢ ᠬᠠᠢ᠌ᠨ ᠰᠢᠨᠵᠢᠭᠰᠡᠨ ᠲᠣᠭ᠎ᠠ ᠪᠠᠷᠢᠮᠲᠠ ᠵᠢ ᠲᠦᠷᠭᠡᠨ ᠨᠠᠷᠢᠯᠢᠭ ᠣᠨᠣᠴᠠᠲᠠᠢ᠎ᠪᠠᠷ ᠤᠷᠢᠳᠴᠢᠯᠠᠨ ᠦᠵᠡᠬᠦ ᠵᠢ ᠪᠡᠶᠡᠯᠡᠭᠦᠯᠵᠦ᠂ ᠮᠠᠷᠭᠤᠯᠳᠤᠭ᠋ᠠᠨ᠎ᠲᠠᠢ ᠣᠷᠣᠨ ᠭᠠᠵᠠᠷ᠎ᠢ ᠣᠨᠣᠪᠴᠢᠲᠠᠶ ᠡᠷᠢᠨ ᠣᠯᠬᠤ ᠪᠣᠯᠵᠤ᠂ ᠵᠠᠭ᠋ᠠᠭ ᠱᠤᠭᠤᠮ᠎ᠢ ᠵᠢᠭ᠋ᠠᠨ ᠲᠠᠨᠢᠬᠤ ᠠᠵᠢᠯ᠎ᠤᠨ ᠦᠷ᠎ᠡ ᠪᠦᠲᠦᠮᠵᠢ ᠵᠢ  ᠶᠡᠬᠡ᠎ᠪᠠᠷ ᠳᠡᠭᠡᠭᠰᠢᠯᠡᠭᠦᠯᠪᠡ᠃ ᠡᠭᠦᠨ᠎ᠤ ᠬᠠᠮᠲᠤ᠂ ᠬᠡᠭᠡᠷ᠎ᠡ ᠵᠢᠨ ᠠᠵᠢᠯ᠎ᠤᠨ ᠳᠤᠮᠳᠠ ᠺᠢᠯᠣᠮᠧᠲᠷ᠎ᠤᠨ ᠰᠦᠯᠵᠢᠶᠡᠨ᠎ᠤ ᠲᠠᠰᠤᠯᠪᠤᠷᠢ ᠵᠢ ᠰᠣᠯᠢᠵᠤ ᠪᠤᠳᠤᠬᠤ᠎ᠳᠤ  ᠠᠯᠳᠠᠭ᠎ᠠ ᠭᠠᠷᠬᠤ᠂ ᠴᠠᠭ ᠬᠤᠭᠤᠴᠠᠭ᠋ᠠᠨ᠎ᠤ ᠦᠩᠭᠡᠷᠡᠯᠲᠡ ᠵᠢ ᠳᠠᠭ᠋ᠠᠯᠳᠤᠨ ᠳᠡᠮᠳᠡᠭ ᠪᠤᠳᠠᠰ ᠭᠡᠭᠡᠭᠳᠡᠬᠦ ᠵᠡᠷᠭᠡ ᠠᠰᠠᠭᠤᠳᠠᠯ᠎ᠠᠴᠠ ᠵᠠᠢ᠌ᠯᠠᠰᠭᠢᠵᠤ ᠴᠢᠳᠠᠭᠰᠠᠨ ᠪᠠᠢ᠌ᠨ᠎ᠠ᠃ ᠣᠢ᠌ᠷ᠎ᠠ ᠵᠢᠨ 4 ᠵᠢᠯ᠎ᠤᠨ ᠬᠡᠷᠡᠭᠯᠡᠯᠲᠡ᠎ᠪᠠᠷ ᠳᠡᠮᠵᠢᠨ᠂ ᠵᠠᠭ᠋ᠠᠭ ᠱᠤᠭᠤᠮ᠎ᠤᠨ ᠵᠥᠷᠢᠴᠡᠯ ᠵᠠᠭᠤᠷᠠᠯᠳᠤᠭ᠋ᠠᠨ᠎ᠢ ᠨᠡᠶ᠋ᠢᠲᠡ 12 ᠤᠳᠠᠭ᠎ᠠ ᠵᠣᠬᠢᠴᠠᠭᠤᠯᠤᠨ ᠰᠢᠢ᠍ᠳᠪᠦᠷᠢᠯᠡᠵᠦ᠂ ᠵᠠᠭ᠋ᠠᠭ ᠱᠣᠭᠤᠮ᠎ᠤᠨ ᠣᠷᠣᠨ᠎ᠤ ᠡᠶ᠎ᠡ ᠵᠣᠬᠢᠴᠠᠩᠭᠤᠢ ᠲᠣᠭᠲᠠᠭᠤᠨ ᠪᠠᠢ᠌ᠳᠠᠯ᠎ᠢ ᠪᠦᠲᠦᠮᠵᠢᠲᠡᠶ ᠬᠠᠮᠠᠭ᠋ᠠᠯᠠᠪᠠ᠃
      ᠮᠡᠳᠡᠭᠡᠯᠡᠭᠴᠢ ᠵᠢᠨ ᠬᠠᠶᠢᠭ᠄   ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠣᠷᠣᠨ ᠬᠣᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠤᠷᠠᠳ᠎ᠤᠨ ᠬᠣᠢ᠌ᠲᠤ ᠬᠣᠰᠢᠭᠤ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠲᠠᠪᠴᠠᠩ᠎ᠢ ᠪᠠᠢ᠌ᠭᠤᠯᠵᠤ᠂ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠴᠢᠳᠠᠪᠤᠷᠢ ᠪᠠ ᠬᠢᠷᠢ ᠲᠦᠪᠰᠢᠨ ᠵᠶ᠋ᠡᠨ ᠳᠡᠭᠡᠭᠰᠢᠯᠡᠭᠦᠯᠪᠡ
ᠨᠢᠭᠡ ᠣᠷᠣᠨ᠎ᠤ ᠬᠥᠭᠵᠢᠯᠲᠡ ᠵᠢ ᠪᠣᠳᠣᠯᠬᠢᠯᠠᠬᠤ᠎ᠨᠢ ᠪᠦᠬᠦ ᠲᠠᠯ᠎ᠠ᠎ᠳᠤ ᠠᠯᠤᠰ ᠬᠡᠳᠦ ᠵᠢᠨ ᠠᠰᠢᠭ ᠨᠦᠯᠦᠭᠡ᠎ᠲᠠᠢ
ᠬᠦᠷᠢᠶ᠎ᠡ ᠬᠤᠰᠢᠭᠤ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠭᠦᠨᠵᠡᠭᠡᠢ᠌ᠷᠡᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ ᠪᠠᠢ᠌ᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ ᠪᠤᠯᠤᠨ ᠬᠠᠷᠠᠮᠦᠢ᠍ᠷᠡᠨ ᠮᠣᠵᠢ ᠵᠢᠨ ᠵᠠᠰᠠᠭ ᠵᠠᠬᠢᠷᠭ᠋ᠠᠨ᠎ᠤ ᠵᠠᠭ᠋ᠠᠭ ᠱᠤᠭᠤᠮ᠎ᠤᠨ ᠲᠠᠪᠤᠳᠤᠭ᠋ᠠᠷ ᠡᠭᠡᠯᠵᠢ ᠵᠢᠨ ᠬᠠᠮᠲᠤᠷᠠᠭᠰᠠᠨ ᠪᠠᠢ᠌ᠴᠠᠭ᠋ᠠᠯᠲᠠ ᠵᠢᠨ ᠠᠵᠢᠯ ᠬᠢᠭᠡᠳ ᠠᠮᠤᠷ ᠠᠮᠤᠭᠤᠯᠠᠩ ᠵᠠᠭ᠋ᠠᠭ ᠱᠤᠭᠤᠮ᠎ᠤᠨ ᠣᠷᠤᠨ᠎ᠢ ᠡᠭᠦᠳᠦᠨ ᠪᠠᠶ᠋ᠢᠭᠤᠯᠬᠤ ᠬᠤᠷᠠᠯ ᠴᠢᠴᠢᠬᠠᠷ ᠬᠣᠲᠠ ᠵᠢᠨ ᠭᠠᠨᠨᠠᠨ ᠰᠢᠶᠠᠨ᠎ᠳᠤ ᠬᠤᠷᠠᠯᠳᠤᠪᠠ
ᠠᠷᠠᠳ᠎ᠤᠨ ᠶᠠᠪᠤᠳᠠᠯ᠎ᠤᠨ ᠶᠠᠮᠤᠨ᠎ᠤ ᠭᠠᠵᠠᠷ᠎ᠤᠨ ᠨᠡᠷᠡᠰ ᠰᠤᠳᠤᠯᠬᠤ ᠭᠠᠵᠠᠷ᠎ᠤᠨ᠎ᠬᠢᠨ ᠮᠠᠨ᠎ᠤ ᠣᠷᠣᠨ᠎ᠳᠤ ᠢᠷᠡᠵᠦ ᠴᠦᠬᠡᠨ ᠲᠤᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠬᠦ ᠵᠢ ᠲᠦᠷᠢᠮᠵᠢᠭᠦᠯᠬᠦ ᠲᠤᠬᠠᠢ ᠪᠠᠢ᠌ᠴᠠᠭ᠋ᠠᠨ ᠰᠤᠳᠤᠯᠤᠯᠲᠠ ᠬᠢᠪᠡ
 
            