— ᠬᠥᠯᠥᠨ ᠪᠣᠶ᠋ᠢᠷ ᠬᠣᠲᠠ ᠵᠢᠨ ᠵᠠᠰᠠᠭ ᠵᠠᠬᠢᠷᠭ᠋ᠠᠨ᠎ᠤ ᠣᠷᠤᠨ ᠬᠣᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ ᠮᠠᠰᠢ ᠰᠠᠶ᠋ᠢᠨ ᠠᠬᠢᠯᠲᠠ᠎ᠲᠠᠢ ᠪᠤᠯᠪᠠ
ᠬᠠᠨ ᠲᠤᠦ ᠮᠡᠳᠡᠭᠡᠯᠡᠪᠡ
ᠤᠷᠢᠬᠠᠨ ᠮᠡᠳᠡᠭᠡᠯᠡᠪᠡ
ᠵᠠᠰᠠᠭ ᠵᠠᠬᠢᠷᠭ᠋ᠠᠨ᠎ᠤ ᠣᠷᠤᠨ ᠬᠣᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠨᠢ ᠲᠥᠷᠥ ᠵᠢ ᠵᠠᠰᠠᠬᠤ ᠵᠢᠨ ᠴᠢᠬᠤᠯᠠ ᠠᠭᠤᠯᠭ᠎ᠠ ᠪᠣᠯᠬᠤ ᠪᠦᠬᠡᠳ ᠤᠯᠤᠰ᠎ᠤᠨ ᠵᠠᠰᠠᠯᠲᠠ ᠵᠢᠨ ᠰᠢᠰᠲ᠋ᠧᠮᠵᠢ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ᠎ᠤ ᠬᠤᠪᠢ᠎ᠳᠤ᠂ ᠤᠯᠤᠰ᠎ᠤᠨ ᠡᠷᠬᠡ ᠮᠡᠳᠡᠯ ᠡᠷᠬᠡ ᠠᠰᠢᠭ᠂ ᠠᠷᠠᠳ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠂ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠬᠣᠯᠪᠣᠭᠳᠠᠵᠤ᠂ ᠨᠡᠢ᠌ᠭᠡᠮ ᠵᠢᠷᠤᠮ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠳᠤ ᠴᠢᠬᠤᠯᠠ ᠦᠢ᠍ᠯᠡᠳᠦᠯ ᠪᠠᠳᠠᠷᠠᠭᠤᠯᠵᠤ ᠪᠠᠢ᠌ᠳᠠᠭ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠬᠥᠯᠥᠨ ᠪᠣᠶ᠋ᠢᠷ ᠬᠣᠲᠠ ᠵᠢᠨ ᠵᠠᠰᠠᠭ ᠵᠠᠬᠢᠷᠭ᠋ᠠᠨ᠎ᠤ ᠣᠷᠤᠨ ᠬᠣᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠨᠢ ᠳᠡᠭᠡᠳᠦ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠦᠴᠦᠲᠡᠢ ᠵᠢᠯᠣᠭᠣᠳᠤᠯᠭ᠎ᠠ ᠳᠣᠣᠷ᠎ᠠ ᠦᠷᠭᠦᠯᠵᠢᠯᠡᠨ ᠰᠢᠪᠲᠤᠯᠤᠯᠲᠠ᠎ᠲᠠᠢ ᠪᠣᠯᠪᠠ᠃ 《ᠳᠥᠷᠪᠡᠨ ᠶᠡᠬᠡ ᠴᠢᠳᠠᠮᠵᠢ》 ᠡᠳᠦᠷ ᠢᠷᠡᠬᠦᠶ᠎ᠡ ᠲᠣᠪᠣᠢ᠌ᠮ᠎ᠠ ᠪᠣᠯᠵᠤ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠬᠠᠮᠢᠶᠠᠷᠤᠯᠲᠠ ᠵᠢᠨ ᠠᠵᠢᠯ ᠳᠦᠷᠢᠮᠵᠢᠭᠦᠨ ᠪᠥᠭᠡᠳ ᠡᠮᠬᠢ ᠵᠢᠷᠤᠮ᠎ᠲᠠᠢ ᠪᠣᠯᠵᠤ᠂ ᠪᠥᠬᠥ ᠤᠯᠤᠰ᠎ᠤᠨ ᠬᠣᠶᠠᠳᠤᠭ᠋ᠠᠷ ᠤᠳᠠᠭ᠋ᠠᠨ᠎ᠤ ᠭᠠᠵᠠᠷ᠎ᠤᠨ ᠨᠡᠷᠡᠰ᠎ᠤᠨ ᠨᠡᠢ᠌ᠳᠡᠮ ᠪᠠᠢ᠌ᠴᠠᠭ᠋ᠠᠯᠲᠠ ᠵᠢᠴᠢ ᠦᠷ᠎ᠡ ᠪᠦᠲᠦᠭᠡᠯ᠎ᠤᠨ ᠬᠡᠷᠡᠭᠯᠡᠯᠲᠡ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠵᠤ᠂ ᠤᠶᠤᠨᠴᠢᠯᠠᠭᠰᠠᠨ ᠡᠭᠦᠳᠡᠨ ᠫᠠᠢ᠌ᠰᠠ᠂ ᠤᠶᠤᠨᠴᠢᠯᠠᠭᠰᠠᠨ ᠵᠠᠭ᠋ᠠᠭ᠎ᠤᠨ ᠱᠣᠩ᠂ ᠲᠣᠭ᠋ᠠᠴᠢᠯᠠᠭᠰᠠᠨ ᠵᠠᠭ᠋ᠠᠭ ᠱᠤᠭᠤᠮ᠎ᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠪᠡ᠃ ᠭᠠᠵᠠᠷ᠎ᠤᠨ ᠨᠡᠷᠡᠰ᠎ᠤᠨ ᠬᠠᠮᠢᠶᠠᠷᠤᠯᠲᠠ ᠳᠦᠷᠢᠮᠵᠢᠭᠦᠨ ᠪᠥᠭᠡᠳ ᠡᠮᠬᠢ ᠵᠢᠷᠤᠮ᠎ᠲᠠᠢ ᠪᠠᠢ᠌ᠵᠤ᠂ ᠵᠠᠭ᠋ᠠᠭ ᠱᠤᠭᠤᠮ᠎ᠤᠨ ᠬᠠᠮᠢᠶᠠᠷᠤᠯᠲᠠ ᠠᠮᠤᠷ ᠲᠣᠭᠲᠠᠭᠤᠨ ᠪᠣᠯᠪᠠ᠃
ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠢ ᠲᠣᠭᠲᠠᠭᠤᠨ᠎ᠤ ᠳᠤᠮᠳᠠ ᠤᠷᠤᠭᠰᠢᠯᠠᠭᠤᠯᠵᠤ ᠶᠡᠬᠡ ᠲᠠᠯ᠎ᠠ᠎ᠳᠤ ᠦᠢ᠍ᠯᠡᠴᠢᠯᠡᠬᠦ 《ᠰᠠᠭᠤᠷᠢ ᠱᠤᠭᠤᠮ》᠎ᠢ ᠲᠠᠯᠪᠢᠪᠠ
ᠠᠵᠤ ᠠᠬᠤᠢ ᠨᠡᠢ᠌ᠭᠡᠮ᠎ᠤᠨ ᠲᠦᠷᠭᠡᠨ ᠬᠥᠭᠵᠢᠯᠲᠡ ᠵᠢ ᠳᠠᠭ᠋ᠠᠯᠳᠤᠨ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠬᠠᠮᠢᠶᠠᠷᠤᠯᠲᠠ ᠵᠢᠨ ᠠᠵᠢᠯ᠎ᠳᠤ ᠲᠤᠯᠭ᠋ᠠᠷᠠᠵᠤ ᠪᠠᠢ᠌ᠭ᠎ᠠ ᠥᠭᠡᠷᠡᠴᠢᠯᠡᠯᠲᠡ ᠬᠥᠭᠵᠢᠯᠲᠡ ᠵᠢᠨ ᠲᠣᠭᠲᠠᠭᠤᠨ ᠪᠠᠢ᠌ᠯᠭ᠋ᠠᠬᠤ ᠡᠭᠦᠷᠭᠡ ᠤᠯᠠᠮ᠎ᠠᠴᠠ ᠤᠯᠠᠮ ᠬᠦᠨᠳᠦᠷᠡᠵᠦ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠬᠠᠮᠢᠶᠠᠷᠤᠯᠲᠠ ᠵᠢ ᠬᠠᠤᠯᠢ ᠶᠣᠰᠣᠭ᠋ᠠᠷ ᠴᠢᠩᠭ᠋ᠠᠳᠬᠠᠬᠤ ᠶᠠᠪᠤᠳᠠᠯ᠎ᠨᠢ ᠨᠠᠮ ᠪᠠ ᠤᠯᠤᠰ ᠣᠷᠣᠨ᠎ᠤ ᠠᠵᠢᠯ᠎ᠤᠨ ᠪᠦᠬᠦ ᠲᠠᠯ᠎ᠠ᠎ᠳᠤ ᠤᠯᠠᠮ᠎ᠠᠴᠠ ᠴᠢᠬᠤᠯᠠ ᠪᠣᠯᠵᠤ᠂ ᠦᠢ᠍ᠯᠡᠳᠦᠯ᠎ᠨᠢ ᠨᠡᠩ ᠲᠣᠪᠣᠢ᠌ᠮ᠎ᠠ ᠪᠣᠯᠪᠠ᠃ ᠡᠢ᠌ᠮᠦ ᠪᠠᠢ᠌ᠳᠠᠯ ᠳᠣᠣᠷ᠎ᠠ᠂ ᠬᠥᠯᠥᠨ ᠪᠣᠶ᠋ᠢᠷ ᠬᠣᠲᠠ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠰᠠᠭ ᠵᠠᠬᠢᠷᠭ᠋ᠠᠨ᠎ᠤ ᠣᠷᠤᠨ ᠬᠤᠪᠢᠶᠠᠷᠢᠯᠠᠯ᠎ᠤᠨ ᠪᠠᠢ᠌ᠷᠢᠯᠠᠭᠤᠯᠤᠯᠲᠠ ᠵᠢ ᠯᠠᠪᠳᠠᠭᠤᠨ ᠪᠥᠭᠡᠳ ᠡᠮᠬᠢ ᠳᠢᠭᠯᠢᠮ᠎ᠲᠠᠢ᠎ᠪᠠᠷ ᠰᠢᠯᠢᠳᠡᠭᠵᠢᠭᠦᠯᠬᠦ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠠᠵᠢᠯ ᠳᠤ᠎ᠬᠢ ᠨᠠᠮ᠎ᠤᠨ ᠲᠥᠪ ᠬᠣᠷᠢᠶᠠᠨ᠎ᠤ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠬᠠᠤᠯᠢ ᠲᠣᠭᠲᠠᠭ᠋ᠠᠯ ᠶᠣᠰᠣᠭ᠋ᠠᠷ ᠲᠣᠬᠢᠷᠠᠭᠤᠯᠤᠨ ᠰᠢᠯᠢᠳᠡᠭᠵᠢᠭᠦᠯᠵᠦ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ᠂ ᠰᠢᠰᠲ᠋ᠧᠮᠲᠦ ᠴᠢᠨᠠᠷᠲᠠᠢ᠂ ᠪᠠᠷᠠᠭ᠋ᠠᠯᠬᠢᠯᠠᠯ᠎ᠤᠨ ᠴᠢᠨᠠᠷᠲᠠᠢ ᠰᠤᠳᠤᠯᠭ᠋ᠠᠨ᠎ᠢ ᠴᠢᠩᠭ᠋ᠠᠳᠬᠠᠨ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠪᠠᠢ᠌ᠷᠢᠯᠠᠭᠤᠯᠤᠯᠲᠠ ᠵᠢᠨ ᠰᠢᠨᠵᠢᠯᠡᠬᠦ ᠤᠬᠠᠭ᠋ᠠᠨᠴᠢ ᠴᠢᠨᠠᠷ᠂ ᠳᠦᠷᠢᠮᠵᠢᠯ᠎ᠲᠤ ᠴᠢᠨᠠᠷ᠂ ᠪᠦᠲᠦᠮᠵᠢᠲᠦ ᠴᠢᠨᠠᠷ᠎ᠢ ᠳᠡᠭᠡᠭᠰᠢᠯᠡᠭᠦᠯᠵᠦ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠪᠠᠢ᠌ᠷᠢᠯᠠᠭᠤᠯᠤᠯᠲᠠ ᠪᠠ ᠲᠣᠬᠢᠷᠠᠭᠤᠯᠤᠯᠲᠠ ᠵᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠡᠷᠡᠭᠴᠡᠭᠡ᠎ᠲᠠᠢ ᠵᠣᠬᠢᠴᠠᠭᠤᠯᠬᠤ ᠵᠢ ᠦᠨᠡᠨ ᠬᠦ᠌ ᠪᠠᠲᠤᠯᠠᠪᠠ᠃
ᠣᠢ᠌ᠷ᠎ᠠ ᠵᠢᠨ ᠵᠢᠯ᠎ᠤᠳ᠎ᠲᠤ᠂ ᠬᠥᠯᠥᠨ ᠪᠣᠶ᠋ᠢᠷ ᠬᠣᠲᠠ ᠪᠦᠬᠦ ᠬᠣᠲᠠ ᠵᠢᠨ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠂ ᠵᠣᠬᠢᠴᠠᠩᠭᠤᠢ ᠬᠥᠭᠵᠢᠯᠲᠡ ᠵᠢ ᠠᠬᠢᠭᠤᠯᠬᠤ᠎ᠪᠠᠷ ᠬᠠᠷᠠᠯᠲᠠ ᠪᠣᠯᠭ᠋ᠠᠵᠤ᠂ ᠪᠦᠬᠦ ᠲᠠᠯ᠎ᠠ ᠵᠢ ᠨᠢᠭᠡᠳᠦᠯᠲᠡᠢ ᠲᠥᠯᠥᠪᠯᠡᠵᠦ᠂ ᠰᠤᠳᠤᠯᠤᠨ ᠨᠤᠲᠠᠯᠠᠬᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠪᠦᠬᠦ ᠬᠣᠲᠠ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠲᠣᠬᠢᠷᠠᠭᠤᠯᠤᠯᠲᠠ 13 ᠬᠤᠪᠢ ᠪᠠᠢ᠌ᠵᠤ᠂ ᠡᠭᠦᠨ᠎ᠳᠤ ᠵᠠᠯᠠᠶ᠋ᠢᠨᠠᠭᠤᠷ ᠲᠣᠭᠣᠷᠢᠭ᠂ ᠬᠠᠢ᠌ᠯᠠᠷ ᠲᠣᠭᠣᠷᠢᠭ᠎ᠤᠨ ᠳ᠋ᠦᠩ ᠱᠠᠨ ᠵᠡᠭᠡᠯᠢ ᠭᠤᠳᠤᠮᠵᠢ᠂ ᠵᠠᠯᠠᠶ᠋ᠢᠨᠠᠭᠤᠷ ᠲᠣᠭᠣᠷᠢᠭ᠎ᠤᠨ ᠯᠢᠩ ᠴᠢᠤᠸᠠᠨ ᠪᠠᠯᠭ᠋ᠠᠰᠤ᠂ ᠮᠠᠨᠵᠤᠤᠷ ᠬᠣᠲᠠ ᠵᠢᠨ ᠰᠢᠨ ᠺᠠᠢ ᠾᠧ ᠪᠠᠯᠭ᠋ᠠᠰᠤ ᠪᠣᠯᠣᠨ ᠤᠷᠵᠢᠨ ᠵᠡᠭᠡᠯᠢ ᠭᠤᠳᠤᠮᠵᠢ᠂ ᠶᠠᠭᠰᠢ ᠬᠣᠲᠠ ᠵᠢᠨ ᠮᠦ᠍ ᠶᠤᠸᠠᠨ ᠪᠠᠯᠭ᠋ᠠᠰᠤ᠂ ᠭᠡᠭᠡᠨ ᠭᠣᠣᠯ ᠬᠣᠲᠠ ᠵᠢᠨ ᠬᠤᠯᠢᠫᠦ᠋ ᠵᠡᠭᠡᠯᠢ ᠭᠤᠳᠤᠮᠵᠢ᠂ ᠠᠷᠤᠨ ᠬᠣᠰᠢᠭᠤᠨ᠎ᠤ ᠰᠢᠩ ᠠᠨ ᠪᠠᠯᠭ᠋ᠠᠰᠤ᠂ ᠮᠣᠷᠢᠨᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤᠨ᠎ᠤ ᠳ᠋ᠧᠩ ᠲᠧ ᠺᠧ ᠪᠠᠯᠭ᠋ᠠᠰᠤ ᠪᠣᠯᠣᠨ ᠡᠷᠭᠢ ᠰᠢᠶᠠᠩ ᠵᠡᠷᠭᠡ ᠵᠢ ᠪᠠᠢ᠌ᠭᠤᠯᠪᠠ᠃ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤ ᠬᠢᠭᠡᠳ ᠮᠣᠷᠢᠨᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤ ᠪᠠᠢ᠌ᠭᠤᠯᠤᠭᠳᠠᠭᠰᠠᠨ 60 ᠵᠢᠯ᠎ᠤᠨ ᠣᠶ᠂ ᠣᠷᠴᠣᠨ᠎ᠤ ᠥᠪᠡᠷᠲᠡᠭᠡᠨ ᠵᠠᠰᠠᠬᠤ ᠬᠣᠰᠢᠭᠤ ᠪᠠᠢ᠌ᠭᠤᠯᠤᠭᠳᠠᠭᠰᠠᠨ 70 ᠵᠢᠯ᠎ᠤᠨ ᠣᠶ ᠵᠢ ᠪᠡᠯᠭᠡᠯᠡᠬᠦ ᠶᠣᠰᠣᠯᠠᠯ᠎ᠢ ᠭᠤᠶᠤᠴᠢᠯᠠᠨ ᠮᠡᠳᠡᠭᠦᠯᠪᠡ᠃ ᠪᠦᠲᠦᠴᠡ ᠵᠢᠨ ᠪᠠᠢ᠌ᠷᠢᠰᠢᠯ᠎ᠢ ᠰᠢᠯᠢᠳᠡᠭᠵᠢᠭᠦᠯᠵᠦ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
ᠵᠠᠭ᠋ᠠᠭ ᠱᠤᠭᠤᠮ᠎ᠤᠨ ᠬᠠᠮᠢᠶᠠᠷᠤᠯᠲᠠ ᠳᠦᠷᠢᠮᠵᠢᠭᠦᠨ ᠡᠮᠬᠢ ᠵᠢᠷᠤᠮ᠎ᠲᠠᠢ᠎ᠪᠠᠷ ᠠᠵᠤ ᠠᠬᠤᠢ ᠵᠢᠨ ᠬᠥᠭᠵᠢᠯᠲᠡ ᠵᠢᠨ 《ᠠᠮᠤᠷ ᠲᠦᠪᠰᠢᠨ᠎ᠤ ᠱᠤᠭᠤᠮ》᠎ᠢ ᠪᠡᠬᠢᠵᠢᠭᠦᠯᠪᠡ
ᠤᠯᠠᠨ ᠲᠦᠮᠡᠨ᠎ᠤ ᠡᠳᠦᠷ ᠢᠷᠡᠬᠦᠶ᠎ᠡ ᠤᠯᠠᠰᠢᠷᠠᠵᠤ ᠪᠠᠢ᠌ᠭ᠎ᠠ ᠬᠡᠷᠡᠭᠴᠡᠭᠡ ᠱᠠᠭ᠋ᠠᠷᠳᠠᠯᠭ᠎ᠠ ᠪᠣᠯ ᠠᠷᠠᠳ᠎ᠤᠨ ᠶᠠᠪᠤᠳᠠᠯ᠎ᠤᠨ ᠠᠵᠢᠯ᠎ᠤᠨ ᠲᠠᠰᠤᠷᠠᠯᠳᠠ ᠦᠭᠡᠢ ᠲᠠᠪᠰᠢᠬᠤ ᠵᠢᠨ ᠬᠥᠳᠡᠯᠭᠡᠭᠦ ᠬᠦᠴᠦᠨ ᠮᠥᠨ᠃ 2020 ᠣᠨ᠎ᠠᠴᠠ ᠨᠠᠭ᠋ᠠᠰᠢ᠂ ᠬᠥᠯᠥᠨ ᠪᠣᠶ᠋ᠢᠷ ᠬᠣᠲᠠ ᠵᠢᠨ᠎ᠬᠢᠨ ᠵᠠᠭ᠋ᠠᠭ᠎ᠤᠨ ᠱᠣᠩ᠎ᠢ ᠣᠶᠤᠨᠵᠢᠭᠤᠯᠬᠤ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ᠎ᠪᠠᠷ ᠰᠦᠪᠡᠭᠴᠢᠯᠡᠨ ᠬᠡᠷᠡᠭᠵᠢᠭᠦᠯᠵᠦ᠂ ᠬᠥᠯᠥᠨ ᠪᠣᠶ᠋ᠢᠷ ᠬᠤᠲᠠ᠎ᠠᠴᠠ ᠬᠢᠩᠭ᠋ᠠᠨ ᠠᠢ᠌ᠮᠠᠭ ᠬᠦᠷᠬᠦ ᠱᠤᠭᠤᠮ ᠳᠡᠭᠡᠷᠡᠬᠢ ᠬᠥᠯᠥᠨ ᠪᠣᠶ᠋ᠢᠷ ᠬᠣᠲᠠ ᠵᠢᠨ ᠬᠠᠮᠢᠶᠠᠷᠴᠤ ᠬᠠᠮᠠᠭ᠋ᠠᠯᠠᠵᠤ ᠪᠠᠢ᠌ᠭ᠎ᠠ 5 ᠵᠠᠭ᠋ᠠᠭ᠎ᠤᠨ ᠱᠤᠩᠢ ᠨᠢᠭᠡᠨᠲᠡ ᠣᠶᠤᠨᠴᠢᠯᠠᠭᠰᠠᠨ ᠪᠠᠢ᠌ᠨ᠎ᠠ᠃ ᠭᠣᠣᠯ᠎ᠤᠨ ᠲᠠᠩ ᠦᠭᠡᠷᠡᠴᠢᠯᠡᠭᠳᠡᠬᠦ᠂ ᠵᠠᠭ᠋ᠠᠭ ᠱᠤᠭᠤᠮ ᠳᠠᠪᠠᠵᠤ ᠠᠲᠠᠷ ᠬᠠᠭ᠋ᠠᠯᠪᠤᠷᠢᠯᠠᠬᠤ᠂ ᠰᠢᠶᠠᠩ ᠪᠠᠯᠭ᠋ᠠᠰᠤᠨ᠎ᠤ ᠬᠤᠭᠤᠷᠤᠨᠳᠤᠬᠢ ᠵᠠᠭ᠋ᠠᠭ ᠱᠤᠭᠤᠮ ᠲᠣᠳᠣᠷᠬᠠᠢ ᠦᠭᠡᠢ ᠪᠠᠢ᠌ᠬᠤ ᠵᠡᠷᠭᠡ ᠰᠢᠯᠲᠠᠭ᠋ᠠᠨ᠎ᠠᠴᠠ ᠪᠣᠯᠵᠤ᠂ ᠣᠯᠠᠨ ᠲᠦᠮᠡᠨ᠎ᠠᠴᠠ ᠵᠠᠭ᠋ᠠᠭ ᠱᠤᠭᠤᠮ᠎ᠤᠨ ᠣᠷᠣᠨ ᠪᠠᠢ᠌ᠷᠢ ᠪᠤᠶᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠡᠷᠡᠭᠯᠡᠬᠦ ᠡᠷᠬᠡ ᠵᠢᠨ ᠬᠠᠷᠢᠶᠠᠯᠠᠯ᠎ᠳᠤ ᠴᠢᠩᠭ᠎ᠠ ᠲᠤᠰᠬᠠᠯ᠎ᠲᠠᠢ ᠭᠠᠷᠭ᠋ᠠᠵᠤ᠂ ᠵᠠᠭᠤᠷᠠᠯᠳᠤᠭ᠋ᠠᠨ᠎ᠤ ᠲᠠᠯᠳᠠ ᠭᠡᠮ ᠣᠷᠣᠰᠢᠵᠤ ᠪᠠᠢ᠌ᠪᠠ᠃ 2022 ᠣᠨ᠎ᠳᠤ᠂ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠡᠷᠡᠰ ᠰᠢᠭᠤᠷᠬᠠᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯ ᠶᠠᠪᠤᠳᠠᠯ ᠬᠢᠵᠦ᠂ ᠵᠠᠭ᠋ᠠᠭ ᠱᠤᠭᠤᠮ᠎ᠤᠨ ᠮᠠᠷᠭᠤᠯᠳᠤᠭ᠋ᠠᠨ᠎ᠲᠠᠢ ᠠᠭᠤᠯᠵᠠᠷ ᠭᠠᠵᠠᠷ᠎ᠲᠤ 5 ᠲᠤᠰᠠᠭ᠋ᠠᠷ ᠬᠣᠶᠠᠷ ᠲᠠᠯᠠᠲᠤ ᠵᠠᠭ᠋ᠠᠭ᠎ᠤᠨ ᠱᠤᠩᠢ ᠰᠢᠨ᠎ᠡ᠎ᠪᠠᠷ ᠪᠠᠢ᠌ᠭᠤᠯᠪᠠ᠃ ᠵᠠᠭ᠋ᠠᠭ᠎ᠤᠨ ᠱᠣᠩ ᠨᠢᠭᠡᠪᠦᠷᠢ᠎ᠳᠤ ᠬᠣᠶᠠᠷ ᠬᠡᠮᠵᠢᠯᠲᠦ ᠺᠣᠳ᠋ ᠲᠠᠭ᠋ᠠᠷᠠᠭᠤᠯᠵᠤ᠂ ᠺᠣᠳ᠋᠎ᠢ ᠰᠢᠷᠪᠢᠪᠡᠯ ᠳᠠᠷᠤᠢ ᠲᠣᠰ ᠵᠠᠭ᠋ᠠᠭ᠎ᠤᠨ ᠱᠣᠩ᠎ᠤᠨ ᠪᠣᠳᠠᠲᠠᠢ ᠣᠷᠣᠨ ᠪᠠᠢ᠌ᠷᠢ ᠵᠢᠨ ᠬᠠᠨᠳᠤᠰᠢ᠂ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ ᠮᠡᠳᠡᠭᠡ ᠵᠠᠩᠭᠢ ᠵᠢ ᠣᠯᠵᠤ ᠮᠡᠳᠡᠵᠦ᠂ ᠵᠠᠭ᠋ᠠᠭ᠎ᠤᠨ ᠱᠣᠩ᠎ᠤᠨ ᠬᠠᠤᠯᠢ᠎ᠪᠠᠷ ᠲᠣᠭᠲᠠᠭ᠋ᠠᠭᠰᠠᠨ ᠡᠷᠬᠡ ᠰᠦᠷ᠎ᠢ ᠬᠠᠮᠠᠭ᠋ᠠᠯᠠᠵᠤ᠂ ᠵᠠᠭᠤᠷᠠᠯᠳᠤᠭ᠋ᠠᠨ᠎ᠤ ᠳᠠᠯᠳᠠ ᠬᠡᠮ᠎ᠢ ᠠᠷᠢᠯᠭ᠋ᠠᠭᠰᠠᠨ ᠮᠥᠷᠲᠡᠭᠡᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠴᠤ᠌ ᠣᠯᠠᠨ ᠲᠦᠮᠡᠨ᠎ᠤ ᠳᠡᠷᠭᠡᠳᠡ ᠬᠦᠷᠭᠡᠵᠦ ᠴᠢᠳᠠᠭᠰᠠᠨ ᠪᠠᠢ᠌ᠨ᠎ᠠ᠃
ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ ᠵᠢᠨ ᠬᠠᠮᠢᠶᠠᠷᠤᠯᠲᠠ ᠵᠢᠨ ᠠᠵᠢᠯ ᠳᠤ᠎ᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ ᠨᠠᠮ᠎ᠤᠨ ᠪᠠᠢ᠌ᠭᠤᠯᠤᠯᠲᠠ ᠪᠣᠯᠣᠨ ᠲᠤᠬᠠᠢ᠌ᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠵᠢᠨ ᠲᠥᠯᠥᠭᠡ᠂ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠨᠠᠮ᠎ᠤᠨ ᠲᠤᠭ᠎ᠢ ᠠᠮᠤᠷ ᠠᠮᠤᠭᠤᠯᠠᠩ ᠵᠠᠭ᠋ᠠᠭ ᠱᠤᠭᠤᠮ᠎ᠤᠨ ᠤᠷᠤᠨ᠎ᠳᠤ ᠥᠨᠳᠥᠷ ᠨᠠᠮᠢᠷᠠᠭᠤᠯᠤᠶ᠎ᠠ》 ᠬᠡᠮᠡᠬᠦ ᠲᠦᠷᠦᠯ ᠲᠡᠮᠳᠡᠭ᠎ᠤᠨ ᠠᠵᠢᠯᠯᠠᠭ᠎ᠠ ᠵᠢ ᠪᠤᠢ ᠪᠣᠯᠭ᠋ᠠᠪᠠ᠃ 2022 ᠣᠨ᠎ᠳᠤ᠂ ᠳᠣᠯᠣᠳᠤᠭ᠋ᠠᠷ ᠡᠭᠡᠯᠵᠢ ᠵᠢᠨ ᠠᠢ᠌ᠮᠠᠭ ᠬᠣᠲᠠ ᠪᠣᠯᠣᠨ ᠬᠣᠰᠢᠭᠤ ᠬᠣᠲᠠ ᠲᠣᠭᠣᠷᠢᠭ᠎ᠤᠨ ᠵᠠᠭ᠋ᠠᠭ ᠱᠤᠭᠤᠮ᠎ᠤᠨ ᠬᠠᠮᠲᠤᠷᠠᠭᠰᠠᠨ ᠪᠠᠢ᠌ᠴᠠᠭ᠋ᠠᠯᠲᠠ ᠵᠢᠨ ᠠᠵᠢᠯ᠎ᠢ ᠪᠡᠶᠡᠯᠡᠭᠦᠯᠵᠦ᠂ ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠲᠠᠢ ᠬᠠᠮᠲᠤᠷᠠᠵᠦ 《ᠬᠦᠯᠦᠨ ᠪᠤᠢ᠌ᠷ ᠬᠤᠲᠠ ᠪᠠ ᠬᠢᠩᠭ᠋ᠠᠨ ᠠᠢ᠌ᠮᠠᠭ᠎ᠤᠨ ᠬᠤᠭᠤᠷᠤᠨᠳᠤᠬᠢ ᠵᠠᠭ᠋ᠠᠭ ᠱᠤᠭᠤᠮ᠎ᠢ ᠠᠮᠤᠷ ᠠᠮᠤᠭᠤᠯᠠᠩ ᠵᠠᠭ᠋ᠠᠭ ᠱᠤᠭᠤᠮ ᠪᠣᠯᠭ᠋ᠠᠨ ᠪᠦᠲᠦᠭᠡᠨ ᠪᠠᠶ᠋ᠢᠭᠤᠯᠬᠤ》 ᠵᠢᠨ ᠰᠦᠯᠵᠢᠶᠡᠨ ᠳᠡᠭᠡᠷ᠎ᠡ ᠭᠠᠷᠤᠨ ᠥᠰᠥᠭ ᠵᠢᠷᠤᠬᠤ ᠶᠣᠰᠣᠯᠠᠯ ᠶᠠᠪᠤᠭᠳᠠᠭᠤᠯᠵᠤ᠂ ᠵᠠᠭ᠋ᠠᠭ ᠱᠤᠭᠤᠮ᠎ᠤᠨ ᠣᠷᠣᠨ᠎ᠤ ᠡᠶ᠎ᠡ ᠵᠣᠬᠢᠴᠠᠯ᠎ᠲᠠᠢ ᠲᠣᠭᠲᠠᠭᠤᠨ ᠪᠠᠢ᠌ᠳᠠᠯ᠎ᠢ ᠪᠦᠲᠦᠮᠵᠢᠲᠡᠶ ᠬᠠᠮᠠᠭ᠋ᠠᠯᠠᠵᠤ᠂ ᠠᠮᠤᠷ ᠠᠮᠤᠭᠤᠯᠠᠩ ᠵᠠᠭ᠋ᠠᠭ ᠱᠤᠭᠤᠮ᠎ᠢ ᠬᠠᠮᠲᠤ᠎ᠪᠠᠷ ᠴᠣᠭᠴᠠᠯᠠᠬᠤ᠎ᠳᠤ ᠪᠠᠲᠤ ᠪᠡᠬᠢ ᠰᠠᠭᠤᠷᠢ ᠵᠢ ᠲᠠᠯᠪᠢᠭᠰᠠᠨ ᠪᠠᠢ᠌ᠨ᠎ᠠ᠃
ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠥᠨᠳᠥᠷ ᠪᠦᠲᠦᠮᠵᠢᠲᠡᠶ᠎ᠪᠠᠷ ᠣᠯᠠᠨ ᠡᠰᠢᠵᠢᠭᠦᠯᠵᠦ ᠠᠷᠠᠳ᠎ᠤᠨ ᠠᠮᠢᠳᠤᠷᠠᠯ᠎ᠤᠨ 《ᠵᠣᠯ ᠵᠢᠷᠭ᠋ᠠᠯ᠎ᠤᠨ ᠱᠤᠭᠤᠮ》᠎ᠢ ᠵᠢᠷᠤᠭᠯᠠᠪᠠ
ᠭᠠᠵᠠᠷ᠎ᠤᠨ ᠨᠡᠷ᠎ᠡ ᠪᠣᠯ ᠬᠥᠮᠥᠰ᠎ᠤᠨ ᠠᠵᠢᠯᠯᠠᠭ᠋ᠠᠨ᠎ᠤ ᠦᠨᠡᠨ ᠪᠣᠳᠠᠲᠠᠢ ᠭᠡᠷᠡᠴᠢ ᠪᠠᠢ᠌ᠵᠤ᠂ ᠰᠣᠶᠣᠯ᠎ᠤᠨ ᠡᠭᠦᠰᠦᠯ᠂ ᠦᠢ᠍ᠯᠡᠳᠪᠦᠷᠢᠯᠡᠯ᠎ᠤᠨ ᠬᠥᠭᠵᠢᠯᠲᠡ᠂ ᠵᠠᠰᠠᠭ ᠵᠠᠬᠢᠷᠭ᠋ᠠᠨ᠎ᠤ ᠬᠤᠪᠢᠰᠤᠯᠲᠠ ᠵᠢᠨ ᠨᠠᠢ᠌ᠳᠠᠪᠤᠷᠢᠲᠠᠢ ᠲᠡᠮᠳᠡᠭᠯᠡᠯ ᠪᠠᠢ᠌ᠵᠤ᠂ ᠬᠥᠮᠥᠨ ᠰᠣᠶᠣᠯ᠂ ᠠᠷᠠᠳ᠎ᠤᠨ ᠵᠠᠩ ᠦᠢᠯᠡ ᠵᠢᠨ ᠰᠤᠳᠤᠯᠤᠯᠲᠠ ᠵᠢᠨ ᠬᠣᠪᠣᠷ ᠨᠠᠨᠳᠢᠨ ᠮᠠᠲ᠋ᠧᠷᠢᠶᠠᠯ ᠪᠣᠯᠤᠨ᠎ᠠ᠃ ᠪᠥᠬᠥ ᠤᠯᠤᠰ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠥᠷᠨᠢᠭᠦᠯᠦᠭᠰᠡᠨ᠎ᠤ ᠳᠠᠷᠠᠭ᠎ᠠ᠂ ᠬᠦᠯᠦᠨ ᠪᠤᠢ᠌ᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠨᠢ ᠲᠤᠬᠠᠢ ᠵᠢᠨ ᠭᠠᠵᠠᠷ᠎ᠤᠨ ᠪᠤᠲᠠᠲᠠᠢ ᠪᠠᠢ᠌ᠳᠠᠯ ᠵᠶ᠋ᠠᠨ ᠦᠨᠳᠦᠰᠦᠯᠡᠵᠦ᠂ ᠤᠯᠠᠨ ᠲᠠᠯ᠎ᠠ ᠵᠢᠨ ᠠᠷᠭ᠎ᠠ ᠵᠠᠮ᠎ᠢ ᠰᠦᠪᠡᠭᠴᠢᠯᠡᠵᠦ᠂ ᠭᠠᠵᠠᠷ ᠣᠷᠣᠨ᠎ᠤ ᠲᠠᠯᠠᠪᠠᠶ ᠶᠡᠬᠡ᠂ ᠰᠢᠶᠠᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠲᠣᠭᠣᠷᠢᠭ ᠣᠯᠠᠨ᠂ ᠮᠡᠳᠡᠭᠡ ᠵᠠᠩᠭᠢ ᠴᠤᠭᠯᠠᠭᠤᠯᠬᠤ᠎ᠳᠤ ᠬᠦᠴᠢᠷ᠂ ᠠᠵᠢᠯᠲᠠᠨ ᠴᠥᠭᠡᠨ ᠵᠡᠷᠭᠡ ᠠᠰᠢᠭ ᠦᠭᠡᠢ ᠬᠦᠴᠦᠨ ᠵᠦᠢ᠍ᠯ᠎ᠢ ᠢᠯᠠᠨ ᠳᠠᠪᠠᠵᠤ᠂ ᠲᠣᠭ᠎ᠠ ᠪᠠᠷᠢᠮᠲᠠ ᠵᠢᠨ ᠴᠢᠨᠠᠷ᠎ᠢ ᠪᠠᠲᠤᠯᠠᠬᠤ ᠵᠢᠨ ᠬᠠᠮᠲᠤ ᠲᠤᠭᠲᠠᠭᠰᠠᠨ ᠬᠤᠭᠤᠴᠠᠭ᠋ᠠᠨ᠎ᠳᠤ᠎ᠪᠠᠨ ᠡᠭᠦᠷᠭᠡ᠎ᠪᠠᠨ ᠳᠠᠪᠠᠭᠤᠯᠤᠨ ᠪᠡᠶᠡᠯᠡᠭᠦᠯᠦᠭᠰᠡᠨ ᠪᠠᠢ᠌ᠨ᠎ᠠ᠃ ᠬᠣᠶᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠭᠠᠵᠠᠷ᠎ᠤᠨ ᠨᠡᠷᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠤᠨ ᠳᠤᠮᠳᠠ᠂ ᠲᠣᠪᠣᠢ᠌ᠮ᠎ᠠ ᠠᠮᠵᠢᠯᠲᠠ ᠣᠯᠣᠭᠰᠠᠨ᠎ᠠᠴᠠ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ 《ᠬᠣᠶᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠭᠠᠵᠠᠷ᠎ᠤᠨ ᠨᠡᠷᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠲᠡᠷᠢᠭᠦᠨ᠎ᠤ ᠬᠠᠮᠲᠤ》᠎ᠪᠠᠷ ᠦᠨᠡᠯᠡᠪᠡ᠃ 2022 ᠣᠨ᠎ᠳᠤ᠂ ᠠᠷᠠᠳ᠎ᠤᠨ ᠶᠠᠪᠤᠳᠠᠯ᠎ᠤᠨ ᠶᠠᠮᠤᠨ᠎ᠠᠴᠠ 《ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠭᠦᠨᠵᠡᠭᠡᠢ᠌ᠷᠡᠭᠦᠯᠵᠦ ᠰᠠᠢ᠌ᠨ ᠰᠠᠢ᠌ᠬᠠᠨ ᠭᠡᠷ ᠣᠷᠣᠨ ᠵᠶ᠋ᠠᠨ ᠭᠡᠢ᠌ᠭᠦᠯᠦᠶ᠎ᠡ》 ᠬᠡᠮᠡᠬᠦ ᠲᠤᠷᠰᠢᠯᠲᠠ ᠵᠢᠨ ᠴᠡᠭ᠎ᠤᠨ ᠠᠵᠢᠯᠯᠠᠭ᠎ᠠ ᠵᠢ ᠦᠷᠨᠢᠭᠦᠯᠪᠡ᠃ ᠪᠥᠬᠥ ᠤᠯᠤᠰ᠎ᠲᠤ ᠨᠡᠶ᠋ᠢᠲᠡ 70 ᠲᠤᠷᠰᠢᠯᠲᠠ ᠵᠢᠨ ᠴᠡᠭ ᠪᠠᠢ᠌ᠵᠤ᠂ ᠬᠥᠯᠥᠨ ᠪᠣᠶ᠋ᠢᠷ ᠬᠣᠲᠠ ᠵᠢᠨ ᠣᠷᠴᠣᠨ᠎ᠤ ᠥᠪᠡᠷᠲᠡᠭᠡᠨ ᠵᠠᠰᠠᠬᠤ ᠬᠣᠰᠢᠭᠤ ᠪᠣᠯ ᠲᠡᠭᠦᠨ᠎ᠤ ᠳᠣᠲᠣᠷᠠᠬᠢ ᠨᠢᠭᠡ᠎ᠨᠢ ᠪᠠᠢ᠌ᠵᠤ ᠬᠡᠰᠡᠭ ᠲᠠᠯ᠎ᠠ ᠵᠢ ᠤᠷᠢᠳ ᠵᠶ᠋ᠠᠷ ᠬᠡᠷᠡᠭᠵᠢᠭᠦᠯᠵᠦ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠣᠭᠰᠠᠨ ᠪᠠᠢ᠌ᠨ᠎ᠠ᠃ ᠲᠤᠰ ᠤᠳᠠᠭ᠋ᠠᠨ᠎ᠤ ᠲᠤᠷᠰᠢᠯᠲᠠ ᠵᠢᠨ ᠴᠡᠭ᠎ᠤᠨ ᠠᠵᠢᠯᠯᠠᠭ᠎ᠠ᠎ᠪᠠᠷ ᠳᠠᠮᠵᠢᠭᠤᠯᠤᠨ ᠤᠩᠭᠤᠨ ᠭᠠᠵᠠᠷ᠎ᠢ ᠨᠡᠷᠡᠢ᠌ᠳᠴᠦ ᠲᠡᠮᠳᠡᠭ ᠪᠣᠰᠬᠠᠵᠤ᠂ ᠭᠡᠷ ᠣᠷᠣᠨ᠎ᠤ ᠭᠠᠵᠠᠷ᠎ᠤᠨ ᠲᠡᠮᠳᠡᠭ᠎ᠢ ᠲᠤᠳᠤᠷᠬᠠᠢ ᠪᠣᠯᠭ᠋ᠠᠵᠤ᠂ ᠠᠪᠠ ᠵᠢᠨ ᠣᠷᠣᠨ᠎ᠤ ᠦᠵᠡᠮᠵᠢ ᠵᠢᠨ ᠴᠡᠭ᠂ ᠪᠠᠷᠠᠭ᠋ᠠᠨ᠎ᠤ ᠭᠦᠢ᠍ᠯᠭᠡᠭᠡᠨ᠎ᠤ ᠲᠣᠣᠷ ᠴᠡᠭ᠎ᠢ ᠰᠦᠯᠵᠢᠶᠡᠨ᠎ᠳᠤ ᠨᠡᠪᠲᠡᠷᠡᠭᠦᠯᠵᠦ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ᠎ᠪᠠᠷ ᠳᠠᠮᠵᠢᠭᠤᠯᠤᠨ᠂ ᠬᠡᠭᠡᠷ᠎ᠡ ᠵᠢᠨ ᠭᠠᠷᠤᠯᠲᠠ ᠵᠢ ᠬᠤᠲᠠ ᠪᠠᠯᠭ᠋ᠠᠰᠤᠨ᠎ᠳᠤ ᠤᠷᠤᠭᠤᠯᠬᠤ ᠵᠢ ᠠᠬᠢᠭᠤᠯᠵᠤ᠂ ᠲᠦᠷᠭᠡᠨ ᠬᠦᠷᠭᠡᠯᠲᠡ ᠵᠢᠨ ᠰᠢᠭᠤᠳ ᠲᠣᠰᠬᠣᠨ᠎ᠳᠤ ᠬᠦᠷᠭᠡᠬᠦ ᠵᠢ ᠳᠠᠢ᠍ᠢ᠍ᠴᠢᠯᠠᠵᠤ᠂ ᠭᠠᠵᠠᠷ ᠣᠷᠣᠨ᠎ᠤ ᠠᠵᠤ ᠠᠬᠤᠢ ᠵᠢᠨ ᠬᠥᠭᠵᠢᠯᠲᠡ ᠵᠢ ᠠᠬᠢᠭᠤᠯᠵᠤ ᠴᠢᠳᠠᠭᠰᠠᠨ ᠪᠠᠢ᠌ᠨ᠎ᠠ᠃ ᠡᠨᠡ ᠬᠦ᠌ ᠠᠵᠢᠯᠯᠠᠭ᠎ᠠ᠎ᠨᠢ ᠭᠠᠵᠠᠷ ᠣᠷᠣᠨ᠎ᠤ ᠲᠡᠦᠬᠡ ᠰᠣᠶᠣᠯ ᠪᠣᠯᠣᠨ ᠠᠩᠴᠢᠨ᠎ᠤ ᠰᠣᠶᠣᠯ᠎ᠢ ᠪᠠᠳᠠᠷᠠᠭᠤᠯᠵᠤ᠂ ᠪᠦᠬᠦ ᠬᠤᠳᠠ ᠵᠢᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠦᠢ᠍ᠯᠡᠴᠢᠯᠡᠭᠡ ᠵᠢ ᠭᠦᠨᠵᠡᠭᠡᠢ᠌ᠷᠡᠭᠦᠯᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠲᠤᠷᠰᠢᠯᠭ᠎ᠠ ᠬᠠᠩᠭ᠋ᠠᠪᠠ᠃
ᠦᠨᠳᠦᠰᠦ ᠭᠦᠨ ᠪᠣᠯ ᠡᠰᠢ ᠢᠳᠡᠷᠡᠭᠦᠨ᠂ ᠰᠠᠯᠠᠭ᠎ᠠ ᠨᠠᠮᠠᠭ᠎ᠠ ᠢᠭᠴᠤ ᠰᠠᠬᠤᠯᠢᠭ ᠤᠷᠭᠤᠳᠠᠭ ᠭᠡᠳᠡᠭᠴᠢᠯᠡᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠰᠢᠨ᠎ᠡ ᠬᠥᠭᠵᠢᠯᠲᠡ ᠵᠢᠨ ᠵᠢᠷᠤᠭ ᠲᠥᠰᠥᠪ ᠢ ᠵᠢᠷᠤᠭᠯᠠᠪᠠ᠃ ᠬᠦᠯᠦᠨ ᠪᠤᠢ᠌ᠷ ᠬᠤᠲᠠ᠎ᠨᠢ ᠰᠢᠨ᠎ᠡ ᠲᠡᠦᠬᠡ ᠵᠢᠨ ᠭᠠᠷᠤᠭ᠎ᠠ᠎ᠠᠴᠠ ᠪᠦᠬᠦ ᠬᠤᠳᠠ ᠵᠢᠨ ᠪᠣᠳᠠᠲᠤ ᠪᠠᠢ᠌ᠳᠠᠯ᠎ᠢ ᠭᠦᠢ᠍ᠴᠡᠳ ᠪᠣᠳᠣᠯᠬᠢᠯᠠᠵᠤ᠂ ᠬᠥᠭᠵᠢᠯᠲᠡ ᠵᠢᠨ ᠪᠦᠬᠦ ᠲᠠᠯ᠎ᠠ ᠵᠢ ᠨᠢᠭᠡᠳᠦᠯᠲᠡᠢ ᠲᠥᠯᠥᠪᠵᠢᠭᠦᠯᠵᠦ᠂ 《ᠲᠦᠷᠪᠡᠨ ᠶᠡᠬᠡ ᠴᠢᠳᠠᠮᠵᠢ》 ᠵᠢ ᠭᠦᠢ᠍ᠴᠡᠳ ᠪᠠᠳᠠᠷᠠᠭᠤᠯᠵᠤ᠂ ᠡᠯ᠎ᠡ ᠲᠦᠷᠦᠯ᠎ᠤᠨ ᠭᠠᠵᠠᠷ᠎ᠤᠨ ᠨᠡᠷᠡᠰ᠎ᠤᠨ ᠡᠬᠢ ᠪᠠᠶᠠᠯᠢᠭ᠎ᠢ ᠠᠭᠤᠳᠠᠯᠵᠤ᠂ ᠬᠥᠯᠥᠨ ᠪᠤᠢ᠍ᠢ᠍ᠷ᠎ᠤᠨ ᠭᠠᠵᠠᠷ᠎ᠤᠨ ᠨᠡᠷᠡᠰ᠎ᠤᠨ ᠰᠣᠶᠣᠯ᠎ᠢ ᠪᠣᠢ᠌ᠵᠢᠭᠤᠯᠤᠨ ᠬᠠᠮᠠᠭ᠋ᠠᠯᠠᠬᠤ ᠪᠠ ᠪᠠᠳᠠᠷᠠᠭᠤᠯᠵᠤ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠦᠢ᠍ᠯᠡᠴᠢᠯᠡᠭᠡᠨ᠎ᠤ ᠴᠢᠳᠠᠪᠤᠷᠢ ᠪᠣᠯᠣᠨ ᠦᠢ᠍ᠯᠡᠴᠢᠯᠡᠭᠡᠨ᠎ᠤ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠬᠥᠯᠥᠨ ᠪᠤᠢ᠍ᠢ᠍ᠷ ᠬᠤᠲᠠ ᠵᠢᠨ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠨ ᠨᠡᠮᠡᠷᠢᠯᠡᠵᠦ ᠪᠤᠢ᠃
ᠮᠡᠳᠡᠭᠡᠯᠡᠭᠴᠢ ᠵᠢᠨ ᠬᠠᠶᠢᠭ᠄ ᠬᠥᠯᠥᠨ ᠪᠣᠶ᠋ᠢᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠵᠠᠰᠠᠭ ᠵᠠᠬᠢᠷᠭ᠋ᠠᠨ᠎ᠤ ᠣᠷᠤᠨ ᠬᠣᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠰᠠᠯᠠᠭ᠎ᠠ
ᠣᠷᠴᠢᠭᠤᠯᠤᠭᠴᠢ ᠵᠢᠨ ᠬᠠᠶᠢᠭ᠄ ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠣᠷᠣᠨ ᠬᠣᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ