ᠣᠷᠣᠨ᠎ᠤ ᠬᠤᠪᠢᠶᠠᠷᠢᠯᠠᠯ ᠭᠠᠵᠠᠷ᠎ᠤᠨ ᠨᠡᠷᠡᠰ᠎ᠤᠨ ᠠᠵᠢᠯ᠎ᠨᠢ ᠤᠯᠤᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠴᠢᠬᠤᠯᠠ ᠠᠭᠤᠯᠭ᠎ᠠ ᠪᠠ ᠠᠷᠠᠳ᠎ᠤᠨ ᠶᠠᠪᠤᠳᠠᠯ᠎ᠤᠨ ᠠᠵᠢᠯ᠎ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ᠎ᠤ ᠬᠤᠪᠢ᠎ᠳᠤ᠂ ᠨᠡᠢ᠌ᠭᠡᠮ᠎ᠤᠨ ᠪᠠᠢ᠌ᠭᠤᠯᠤᠯᠲᠠ᠎ᠳᠤ ᠬᠣᠯᠪᠣᠭᠳᠠᠵᠤ᠂ ᠠᠷᠠᠳ᠎ᠤᠨ ᠠᠮᠢᠳᠤᠷᠠᠯ᠎ᠳᠤ ᠬᠣᠯᠪᠣᠭᠳᠠᠵᠤ᠂ ᠤᠯᠤᠰ ᠣᠷᠣᠨ᠎ᠤ ᠥᠨᠢ ᠤᠳᠠᠭ᠋ᠠᠨ ᠠᠮᠤᠷ ᠲᠦᠪᠰᠢᠨ᠎ᠳᠤ ᠬᠣᠯᠪᠣᠭᠳᠠᠵᠤ ᠪᠠᠢ᠌ᠳᠠᠭ᠃ ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠲᠣᠰ ᠪᠡᠶ᠎ᠡ ᠵᠢᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠨᠠᠮ ᠪᠠ ᠤᠯᠤᠰ᠎ᠤᠨ ᠭᠣᠣᠯ ᠠᠵᠢᠯ᠎ᠤᠨ ᠲᠣᠭᠣᠷᠢᠨ᠎ᠳᠤ ᠣᠷᠣᠨ᠎ᠤ ᠬᠤᠪᠢᠶᠠᠷᠢᠯᠠᠯ ᠭᠠᠵᠠᠷ᠎ᠤᠨ ᠨᠡᠷᠡᠰ᠎ᠤᠨ ᠡᠯ᠎ᠡ ᠵᠦᠢ᠍ᠯ᠎ᠤᠨ ᠡᠭᠦᠷᠭᠡ ᠵᠢ ᠨᠠᠢ᠌ᠳᠠᠪᠤᠷᠢᠵᠢᠭᠤᠯᠬᠤ ᠠᠵᠢᠯ᠎ᠢ ᠰᠠᠢ᠌ᠲᠤᠷ ᠠᠳᠬᠤᠵᠤ᠂ ᠰᠢᠨ᠎ᠡ ᠴᠠᠭ ᠦᠶ᠎ᠡ ᠵᠢᠨ ᠣᠷᠣᠨ᠎ᠤ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠲᠠᠰᠤᠷᠠᠯᠲᠠ ᠦᠭᠡᠢ ᠠᠬᠢᠭᠤᠯᠪᠠ᠃
ᠨᠢᠭᠡ᠂ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠤᠨ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠵᠦ᠂ ᠬᠢᠯᠢ ᠵᠢᠨ ᠵᠠᠭ᠋ᠠᠭ ᠲᠡᠬᠡᠷᠡᠬᠢ ᠡᠶ᠎ᠡ ᠵᠣᠬᠢᠴᠠᠯ ᠪᠠ ᠲᠣᠭᠲᠠᠭᠤᠨ᠎ᠢ ᠠᠬᠢᠭᠤᠯᠪᠠ
ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠨᠢ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠬᠢᠯᠢ ᠬᠢᠵᠠᠭ᠋ᠠᠷ ᠣᠷᠣᠨ᠎ᠤ ᠲᠣᠭᠲᠠᠭᠤᠨ᠎ᠢ ᠬᠠᠮᠠᠭ᠋ᠠᠯᠠᠨ᠂ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠤᠨ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠵᠦ᠂ ᠠᠮᠤᠷ ᠠᠮᠤᠭᠤᠯᠠᠩ ᠬᠢᠯᠢ ᠵᠢᠨ ᠵᠠᠭ᠋ᠠᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠵᠢᠨ ᠲᠦᠯᠤᠬᠡ ᠲᠠᠷᠠᠭ᠋ᠠᠬᠢ ᠠᠷᠭ᠎ᠠ ᠵᠢ ᠢᠳᠡᠪᠬᠢᠳᠡᠢ ᠬᠡᠷᠡᠭᠵᠢᠬᠦᠯᠪᠡ᠃ ᠨᠢᠭᠡ᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠤᠨ ᠬᠠᠮᠢᠶᠠᠷᠤᠯᠲᠠ ᠵᠢᠨ ᠳᠦᠷᠢᠮ》᠂ ᠠᠷᠠᠳ᠎ᠤᠨ ᠶᠠᠪᠤᠳᠠᠯ᠎ᠤᠨ ᠶᠠᠮᠤᠨ᠎ᠤ 《ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠤᠨ ᠬᠠᠮᠢᠶᠠᠷᠤᠯᠲᠠ ᠵᠢᠨ ᠠᠷᠭ᠎ᠠ》 ᠪᠣᠯᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠤᠨ ᠬᠠᠮᠢᠶᠠᠷᠤᠯᠲᠠ ᠵᠢᠨ ᠠᠷᠭ᠎ᠠ》 ᠵᠡᠷᠭᠡ ᠬᠠᠮᠢᠶ᠎ᠠ ᠪᠦᠬᠦᠢ ᠲᠣᠭᠲᠠᠭ᠋ᠠᠯ ᠵᠶ᠋ᠡᠷ ᠬᠢᠯᠢ ᠵᠢᠨ ᠵᠠᠭ᠋ᠠᠭ᠎ᠤᠨ ᠬᠠᠮᠲᠤᠷᠠᠨ ᠪᠠᠢ᠌ᠴᠠᠭ᠋ᠠᠬᠤ ᠠᠵᠢᠯ ᠵᠶ᠋ᠠᠷ ᠪᠠᠷᠢᠴᠨ ᠪᠣᠯᠭ᠋ᠠᠵᠤ᠂ ᠬᠣᠲᠠ (ᠠᠢ᠌ᠮᠠᠭ) ᠵᠢᠨ ᠱᠠᠲᠤ ᠪᠠ ᠬᠣᠰᠢᠭᠤ ᠰᠢᠶᠠᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠤᠨ ᠬᠠᠮᠲᠤᠷᠠᠨ ᠪᠠᠢ᠌ᠴᠠᠭ᠋ᠠᠬᠤ ᠠᠵᠢᠯ᠎ᠢ ᠬᠢᠨᠠᠮᠠᠭ᠋ᠠᠢ ᠵᠣᠬᠢᠶᠠᠨ ᠪᠠᠢ᠌ᠭᠤᠯᠤᠨ᠂ ᠠᠮᠤᠷ ᠠᠮᠤᠭᠤᠯᠠᠩ ᠬᠢᠯᠢ ᠵᠢᠨ ᠪᠦᠲᠦᠭᠡᠨ ᠪᠠᠢ᠌ᠭᠤᠯᠤᠯᠲᠠ ᠵᠢᠨ ᠵᠥᠪᠳᠡᠯᠴᠡᠭᠡᠷ᠎ᠲᠤ ᠭᠠᠷᠤᠨ ᠥᠰᠥᠭ ᠵᠢᠷᠤᠯ᠎ᠠ᠃ ᠬᠣᠶᠠᠷ᠎ᠲᠤ᠂ ᠮᠠᠨ᠎ᠤ ᠬᠣᠲᠠ ᠵᠢᠨ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠵᠠᠭ᠋ᠠᠭ ᠤᠨ ᠬᠠᠮᠢᠶᠠᠷᠤᠯᠲᠠ ᠵᠢᠨ ᠠᠵᠢᠯ᠎ᠢ ᠢᠳᠡᠪᠬᠢᠲᠡᠢ ᠠᠬᠢᠭᠤᠯᠵᠤ᠂ 3 ᠬᠣᠲᠠ (ᠠᠢ᠌ᠮᠠᠭ) ᠵᠢᠨ ᠲᠠᠰ᠎ᠤᠨ ᠵᠠᠭ᠋ᠠᠭ ᠂ 17 ᠬᠣᠰᠢᠭᠤ ᠰᠢᠶᠠᠨ᠎ᠤ ᠱᠠᠲᠤᠨ᠎ᠤ 158 ᠵᠠᠭ᠋ᠠᠭ᠎ᠢ ᠪᠦᠬᠦᠨ᠎ᠢ ᠣᠶᠤᠨᠲᠤ ᠱᠤᠡᠭ ᠵᠶ᠋ᠠᠷ ᠰᠣᠯᠢᠵᠤ᠂ ᠬᠦᠬᠡᠬᠤᠳᠠ ᠵᠢᠨ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠂ ᠵᠠᠭ᠋ᠠᠭ᠎ᠤᠨ ᠮᠡᠳᠡᠭᠡ ᠵᠠᠩᠭᠢᠵᠢᠯᠲᠠ᠂ ᠣᠶᠤᠨᠴᠢᠯᠠᠭᠰᠠᠨ ᠬᠠᠮᠢᠶᠠᠷᠤᠯᠲᠠ ᠵᠢ ᠪᠡᠶᠡᠯᠡᠭᠦᠯᠵᠦ᠂ ᠵᠠᠭ᠋ᠠᠭ᠎ᠢ ᠬᠠᠷᠠᠵᠤ ᠬᠠᠮᠠᠭ᠋ᠠᠯᠠᠬᠤ ᠬᠥᠮᠥᠨ ᠦᠭᠡᠢ᠂ ᠭᠡᠭᠡᠬᠦ᠂ ᠡᠪᠳᠡᠷᠡᠵᠦ ᠰᠦᠢ᠍ᠳᠬᠦ ᠵᠡᠷᠭᠡ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠪᠡ᠃ ᠡᠢ᠌ᠨ ᠬᠦ᠌ ᠪᠦᠬᠦ ᠤᠷᠤᠨ᠎ᠤ ᠬᠡᠪᠴᠢᠶᠡᠨ᠎ᠳᠤ᠎ᠬᠢ ᠬᠢᠯᠢ ᠵᠢᠨ ᠱᠤᠡᠭᠤᠨ ᠣᠶᠤᠨᠴᠢᠯᠠᠭᠰᠠᠨ ᠬᠠᠮᠢᠶᠠᠷᠤᠯᠲᠠ ᠵᠢ ᠪᠡᠶᠡᠯᠡᠭᠦᠯᠦᠭᠰᠡᠨ ᠠᠩᠬᠠᠳᠠᠭᠴᠢ ᠠᠢ᠌ᠮᠠᠭ ᠬᠤᠳᠠ ᠪᠣᠯᠵᠤ᠂ ᠲᠠᠭᠤᠷᠢᠶᠠᠯ ᠦᠵᠡᠬᠦᠯᠪᠡ᠃
ᠬᠣᠶᠠᠷ᠂ ᠭᠠᠵᠠᠷ᠎ᠤᠨ ᠨᠡᠷᠡᠰ᠎ᠤᠨ ᠬᠠᠮᠢᠶᠠᠷᠤᠯᠳᠠ ᠵᠢᠨ ᠠᠵᠢᠯ᠎ᠢ ᠴᠢᠩᠭ᠋ᠠᠳᠬᠠᠨ ᠵᠢᠷᠤᠮᠵᠢᠭᠤᠯᠵᠤ᠂ ᠭᠠᠵᠠᠷ ᠤᠨ ᠨᠡᠷᠡᠰ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠦᠪᠰᠢᠨ᠎ᠢ ᠲᠡᠭᠡᠭᠰᠢᠯᠡᠬᠦᠯᠪᠡ
ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢ ᠵᠢᠷᠤᠮᠵᠢᠭᠤᠯᠬᠤ ᠪᠣᠯ ᠤᠯᠤᠰ ᠪᠠ ᠨᠡᠢ᠌ᠭᠡᠮ᠎ᠤᠨ ᠵᠠᠰᠠᠯᠲᠠ ᠵᠢᠨ ᠣᠳᠣᠬᠢᠴᠢᠯᠠᠯᠲᠠ ᠵᠢ ᠠᠬᠢᠭᠤᠯᠬᠤ ᠵᠢᠨ ᠦᠨᠳᠦᠰᠦᠨ ᠱᠠᠭ᠋ᠠᠷᠳᠠᠯᠭ᠎ᠠ ᠪᠠᠢ᠌ᠵᠤ᠂ ᠨᠡᠢ᠌ᠭᠡᠮ᠎ᠤᠨ ᠵᠠᠰᠠᠯᠲᠠ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠣᠢ᠌ᠷ᠎ᠠ ᠵᠢᠨ ᠵᠢᠯ᠎ᠳᠤ᠂ ᠮᠠᠨ᠎ᠤ ᠬᠣᠲᠠ ᠭᠠᠵᠠᠷ᠎ᠤᠨ ᠨᠡᠷ᠎ᠡ ᠵᠢᠨ ᠠᠵᠢᠯ᠎ᠤᠨ ᠵᠢᠷᠤᠮᠵᠢᠭᠰᠠᠨ ᠬᠠᠮᠢᠶᠠᠷᠤᠯᠲᠠ ᠵᠢ ᠲᠠᠰᠤᠷᠠᠯᠲᠠ ᠦᠭᠡᠢ ᠠᠬᠢᠭᠤᠯᠵᠤ᠂ ᠭᠠᠵᠠᠷ᠎ᠤᠨ ᠨᠡᠷ᠎ᠡ ᠵᠢᠨ ᠲᠡᠮᠳᠡᠭ᠎ᠤᠨ ᠪᠠᠢ᠌ᠷᠢᠯᠠᠭᠤᠯᠤᠯᠲᠠ ᠵᠢ ᠴᠢᠩᠭ᠋ᠠᠳᠬᠠᠨ᠂ ᠭᠠᠵᠠᠷ᠎ᠤᠨ ᠨᠡᠷ᠎ᠡ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠨᠢᠭᠡ᠎ᠳᠤ 2022 ᠣᠨ᠎ᠠᠴᠠ ᠡᠬᠢᠯᠡᠨ᠂ ᠤᠯᠤᠰ᠎ᠤᠨ ᠭᠠᠵᠠᠷ᠎ᠤᠨ ᠨᠡᠷ᠎ᠡ ᠵᠢᠨ ᠮᠡᠳᠡᠭᠡ ᠵᠠᠩᠭᠢ ᠵᠢᠨ ᠬᠥᠮᠥᠷᠭᠡ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠪᠠᠢ᠌ᠭᠤᠯᠤᠯᠲᠠ ᠵᠢᠨ ᠠᠵᠢᠯᠯᠠᠭ᠎ᠠ ᠵᠢ ᠥᠷᠨᠢᠭᠦᠯᠵᠦ᠂ ᠬᠣᠶᠠᠷ ᠱᠠᠲᠤ ᠬᠤᠪᠢᠶᠠᠨ ᠪᠥᠬᠥ ᠬᠣᠲᠠ ᠵᠢᠨ 2 ᠲᠦᠮᠡ ᠰᠢᠬᠠᠮ ᠵᠤᠷᠪᠤᠰ ᠭᠠᠵᠠᠷ᠎ᠤᠨ ᠨᠡᠷ᠎ᠡ ᠵᠢᠨ ᠲᠣᠭ᠎ᠠ ᠪᠠᠷᠢᠮᠲᠠ ᠵᠢ ᠴᠠᠭ ᠬᠤᠭᠤᠴᠠᠭ᠎ᠠ ᠵᠢ ᠲᠥᠪᠯᠡᠷᠡᠭᠦᠯᠵᠦ᠂ ᠬᠦᠴᠦᠨ ᠵᠶ᠋ᠡᠨ ᠲᠥᠪᠯᠡᠷᠡᠭᠦᠯᠦᠨ ᠬᠢᠨᠠᠨ ᠬᠠᠷᠭᠤᠭᠤᠯᠵᠤ ᠰᠢᠨᠡᠳᠬᠡᠪᠡ᠃ ᠬᠥᠳᠡᠭᠡ ᠲᠣᠰᠬᠣᠨ᠎ᠤ ᠭᠠᠵᠠᠷ᠎ᠤᠨ ᠨᠡᠷ᠎ᠡ ᠵᠢᠨ ᠢᠷᠡᠯᠲᠡ᠂ ᠠᠭᠤᠯᠭ᠎ᠠ᠂ ᠲᠡᠦᠬᠡ ᠵᠢᠨ ᠤᠯᠠᠷᠢᠯ ᠬᠤᠪᠢᠰᠤᠯ ᠵᠡᠷᠭᠡ᠎ᠳᠤ ᠭᠣᠣᠯᠳᠠᠯᠭ᠎ᠠ᠎ᠲᠠᠢ᠎ᠪᠠᠷ ᠬᠠᠨᠳᠤᠭᠤᠯᠵᠤ᠂ ᠠᠯᠳᠠᠭᠳᠠᠯ᠎ᠢ ᠪᠠᠢ᠌ᠴᠠᠭ᠋ᠠᠨ ᠨᠥᠬᠥᠪᠦᠷᠢᠯᠡᠬᠦ᠂ ᠬᠠᠷᠭᠤᠭᠤᠯᠤᠨ ᠵᠠᠰᠠᠬᠤ ᠪᠠ ᠨᠥᠬᠥᠪᠦᠷᠢᠯᠡᠨ ᠲᠡᠭᠦᠯᠳᠡᠷᠵᠢᠭᠦᠯᠵᠦ᠂ ᠭᠠᠵᠠᠷ᠎ᠤᠨ ᠨᠡᠷ᠎ᠡ ᠵᠢᠨ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠪᠠᠢ᠌ᠩᠭᠤᠵᠢᠭᠤᠯᠤᠨ ᠰᠢᠨᠡᠳᠬᠡᠵᠦ ᠬᠠᠮᠠᠭ᠋ᠠᠯᠠᠬᠤ ᠪᠠ ᠶᠠᠰᠤ ᠴᠢᠨᠠᠷ᠎ᠢ ᠳᠡᠭᠡᠭᠰᠢᠯᠡᠭᠦᠯᠬᠦ ᠵᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠣᠨ᠎ᠤ ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠣᠶᠠᠷ᠎ᠲᠤ᠂ 《ᠬᠥᠬᠡᠬᠣᠲᠠ ᠲᠣᠭᠣᠷᠢᠭ᠎ᠤᠨ ᠭᠠᠵᠠᠷ᠎ᠤᠨ ᠨᠡᠷ᠎ᠡ ᠵᠢᠨ ᠲᠥᠯᠦᠪᠵᠢᠭᠦᠯᠭᠡ》 (2021 — 2035) ᠵᠢ ᠨᠠᠢ᠌ᠷᠠᠭᠤᠯᠤᠨ ᠬᠡᠪᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠬᠣᠲᠠ ᠵᠢᠨ ᠲᠣᠭᠣᠷᠢᠭ᠎ᠤᠨ ᠭᠠᠵᠠᠷ᠎ᠤᠨ ᠨᠡᠷ᠎ᠡ ᠵᠢᠨ ᠲᠥᠯᠦᠪᠵᠢᠭᠦᠯᠭᠡ ᠪᠣᠯᠵᠤ᠂ ᠣᠷᠣᠨ᠎ᠤ ᠲᠥᠪ ᠬᠣᠲᠠ ᠵᠢᠨ ᠭᠠᠵᠠᠷ᠎ᠤᠨ ᠨᠡᠷ᠎ᠡ ᠵᠢᠨ ᠵᠢᠱ᠌ᠢᠶ᠎ᠡ ᠦᠵᠡᠭᠦᠯᠦᠨ ᠳᠠᠢ᠌ᠴᠢᠯᠠᠬᠤ ᠦᠢ᠍ᠯᠡᠳᠦᠯ᠎ᠢ ᠭᠦᠢ᠍ᠴᠡᠳ ᠢᠯᠡᠷᠡᠭᠦᠯᠪᠡ᠃ ᠭᠤᠷᠪᠠ᠎ᠳᠤ᠂ 《ᠬᠥᠬᠡᠬᠣᠲᠠ ᠵᠢᠨ ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠳᠦᠷᠢᠮ》᠎ᠤᠨ ᠲᠣᠭᠲᠠᠭ᠋ᠠᠯ ᠶᠣᠰᠣᠭ᠋ᠠᠷ᠂ ᠵᠠᠮ ᠵᠶ᠋ᠠᠷ ᠨᠡᠷᠡᠢ᠌ᠳᠴᠦ ᠨᠡᠷ᠎ᠡ ᠵᠢ᠎ᠨᠢ ᠬᠠᠯᠠᠬᠤ ᠠᠵᠢᠯ᠎ᠢ ᠴᠠᠭ ᠲᠤᠬᠠᠢᠳᠤᠨᠢ ᠥᠷᠨᠢᠭᠦᠯᠦᠨ᠎ᠡ᠃ ᠡᠨᠡ ᠵᠢᠯ ᠨᠢᠭᠡᠨᠲᠡ ᠬᠣᠲᠠ ᠵᠢᠨ ᠲᠣᠭᠣᠷᠢᠭ᠎ᠤᠨ 50 ᠵᠤᠷᠪᠤᠰ ᠵᠡᠭᠡᠯᠢ ᠭᠤᠳᠤᠮᠵᠢ ᠵᠢ ᠨᠡᠷᠡᠢ᠌ᠳᠴᠦ ᠬᠠᠯᠠᠬᠤ ᠠᠵᠢᠯ᠎ᠢ ᠳᠠᠭᠤᠰᠬᠠᠪᠠ᠃ ᠣᠳᠣᠬᠠᠨ᠎ᠳᠤ ᠶᠠᠭ 26 ᠵᠤᠷᠪᠤᠰ ᠰᠢᠨ᠎ᠡ᠎ᠪᠠᠷ ᠪᠠᠢ᠌ᠭᠤᠯᠤᠭᠰᠠᠨ ᠵᠠᠮ᠎ᠢ ᠨᠡᠷᠡᠢ᠌ᠳᠬᠦ ᠠᠵᠢᠯ ᠬᠢᠵᠦ᠂ 13 ᠵᠤᠷᠪᠤᠰ 《ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠳᠦᠷᠢᠮ》᠎ᠤᠨ ᠲᠣᠭᠲᠠᠭ᠋ᠠᠯ᠎ᠳᠤ ᠨᠡᠢ᠌ᠴᠡᠬᠦ ᠦᠭᠡᠢ ᠵᠠᠮ᠎ᠤᠨ ᠨᠡᠷ᠎ᠡ ᠵᠢ ᠬᠠᠯᠠᠬᠤ ᠠᠵᠢᠯ ᠬᠢᠵᠦ ᠪᠣᠶ᠃ ᠳᠥᠷᠪᠡ᠎ᠳᠤ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ᠂ ᠭᠠᠵᠠᠷ᠎ᠤᠨ ᠨᠡᠷ᠎ᠡ ᠵᠢᠨ ᠬᠡᠷᠡᠭᠯᠡᠭᠡᠨ᠎ᠤ ᠥᠰᠥᠭ᠂ ᠠᠪᠢᠶᠠᠴᠢᠯᠠᠨ ᠪᠢᠴᠢᠬᠦ ᠵᠢ ᠵᠢᠷᠤᠮᠵᠢᠭᠤᠯᠤᠨ ᠬᠠᠮᠢᠶᠠᠷᠬᠤ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠤᠰᠠᠳᠠ᠂ ᠠᠷᠠᠳ᠎ᠤᠨ ᠶᠠᠪᠤᠳᠠᠯ᠎ᠤᠨ ᠶᠠᠮᠤᠨ᠎ᠤ 《ᠵᠢᠷᠤᠮᠵᠢᠯ ᠦᠭᠡᠢ ᠭᠠᠵᠠᠷ᠎ᠤᠨ ᠨᠡᠷ᠎ᠡ ᠵᠢᠨ ᠪᠠᠢ᠌ᠳᠠᠯ᠎ᠢ ᠣᠢ᠌ᠯᠠᠭ᠋ᠠᠨ ᠵᠢᠭᠰᠠᠭ᠋ᠠᠨ ᠪᠠᠢ᠌ᠴᠠᠭ᠋ᠠᠵᠤ ᠳᠡᠩᠰᠡᠯᠡᠨ ᠲᠡᠮᠳᠡᠭᠯᠡᠭᠰᠡᠨ ᠮᠠᠲ᠋ᠧᠷᠢᠶᠠᠯ᠎ᠢ ᠢᠯᠭ᠋ᠠᠷᠠᠭᠤᠯᠤᠨ ᠴᠡᠭᠴᠡᠯᠡᠬᠦ ᠵᠢ ᠬᠢᠨᠠᠨ ᠬᠠᠷᠭᠤᠭᠤᠯᠤᠭᠰᠠᠨ ᠰᠠᠨᠠᠯ》᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ 《ᠵᠢᠷᠤᠮᠵᠢᠯ ᠦᠭᠡᠢ ᠭᠠᠵᠠᠷ᠎ᠤᠨ ᠨᠡᠷ᠎ᠡ ᠵᠢ ᠢᠯᠭ᠋ᠠᠷᠠᠭᠤᠯᠤᠨ ᠴᠡᠭᠴᠡᠯᠡᠬᠦ ᠵᠢ ᠦᠷᠭᠦᠯᠵᠢᠯᠡᠨ ᠰᠠᠢ᠌ᠲᠤᠷ ᠬᠢᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠵᠢᠷᠤᠮᠵᠢᠯ ᠦᠭᠡᠢ ᠭᠠᠵᠠᠷ᠎ᠤᠨ ᠨᠡᠷ᠎ᠡ ᠵᠢ ᠢᠯᠭ᠋ᠠᠷᠠᠭᠤᠯᠤᠨ ᠴᠡᠭᠴᠡᠯᠡᠬᠦ ᠠᠵᠢᠯᠯᠠᠭ᠎ᠠ ᠵᠢ ᠥᠷᠨᠢᠭᠦᠯᠦᠨ᠎ᠡ᠃ ᠣᠲᠣ ᠪᠣᠯᠲᠠᠯ᠎ᠠ᠂ ᠭᠠᠳᠠᠭ᠋ᠠᠳᠤ᠎ᠳᠤ ᠬᠣᠯᠪᠣᠭᠳᠠᠬᠤ 4 ᠵᠤᠷᠪᠤᠰ ᠭᠠᠵᠠᠷ᠎ᠤᠨ ᠨᠡᠷ᠎ᠡ ᠵᠢ ᠢᠯᠭ᠋ᠠᠷᠠᠭᠤᠯᠤᠨ ᠴᠡᠭᠴᠡᠯᠡᠵᠦ᠂ ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ᠂ ᠰᠢᠨᠵᠢᠯᠡᠬᠦ ᠤᠬᠠᠭ᠋ᠠᠨᠴᠢᠯᠠᠯᠲᠠ ᠵᠢᠨ ᠬᠢᠷᠢ ᠲᠦᠪᠰᠢᠨ᠎ᠢ ᠪᠦᠲᠦᠮᠵᠢᠲᠡᠶ ᠳᠡᠭᠡᠭᠰᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠣᠷᠣᠨ᠎ᠤ ᠲᠥᠪ᠎ᠤᠨ ᠬᠦᠴᠦᠨ ᠴᠢᠳᠠᠯ ᠵᠶ᠋ᠠᠨ ᠡᠷᠭᠦᠪᠡ᠃