ᠤᠯᠠᠭ᠋ᠠᠨᠬᠠᠳᠠ ᠬᠤᠳᠠ ᠵᠢᠨ᠎ᠬᠢᠨ ᠭᠤᠷᠪᠠᠨ ᠵᠢᠯ᠎ᠤᠨ ᠰᠢᠷᠭ᠋ᠠᠭᠤ ᠴᠢᠷᠮᠠᠢ᠌ᠯᠭ᠎ᠠ᠎ᠪᠠᠷ 《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠤᠢ᠌ᠯᠠᠯᠭ᠎ᠠ》 ᠨᠤᠮ᠎ᠢ ᠪᠦᠳᠤᠬᠡᠬᠡᠳ᠂ ᠤᠡᠭᠰᠢᠬ᠍ᠴᠢ ᠤᠯᠠᠨ᠎ᠲᠠᠢ ᠵᠤᠯᠭ᠋ᠠᠭᠤᠯᠤᠯᠠ᠃ ᠲᠣᠰ ᠣᠢ᠌ᠯᠠᠯᠭ᠎ᠠ ᠪᠣᠯ 1987 ᠣᠨ᠎ᠳᠤ ᠬᠡᠪᠯᠡᠬᠦᠯᠦᠭᠰᠡᠨ 《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠣᠢ᠌ᠯᠠᠯᠭ᠎ᠠ》᠎ᠠᠴᠠ ᠭᠤᠴᠢᠨ ᠵᠢᠷᠭᠤᠭ᠋ᠠᠨ ᠵᠢᠯ᠎ᠤᠨ ᠳᠠᠷᠠᠭ᠋ᠠᠬᠢ ᠭᠠᠵᠠᠷ᠎ᠤᠨ ᠨᠡᠷᠡᠰ᠎ᠤᠨ ᠲᠤᠰᠬᠠᠢ ᠪᠦᠲᠦᠭᠡᠯ ᠪᠣᠯᠣᠨ᠎ᠠ᠃ 1987 ᠤᠨ᠎ᠳᠤ 《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠣᠢ᠌ᠯᠠᠯᠭ᠎ᠠ》 ᠵᠢ ᠠᠡᠭᠬ᠎ᠠ ᠬᠡᠪᠯᠡᠨ ᠲᠠᠷᠬᠠᠭ᠋ᠠᠬᠤ ᠦᠶ᠎ᠡ᠎ᠳᠤ ᠤᠯᠠᠭ᠋ᠠᠨᠬᠠᠳᠠ ᠬᠣᠲᠠ ᠪᠠᠢ᠌ᠭᠤᠯᠤᠭᠳᠠᠭᠰᠠᠨ ᠳᠥᠴᠢᠨ ᠵᠢᠯ᠎ᠤᠨ ᠣᠶ ᠲᠣᠬᠢᠶᠠᠯᠳᠤᠵᠤ ᠪᠠᠢ᠌ᠬᠰᠠᠨ ᠶᠤᠮ᠃ ᠳᠥᠴᠢᠨ ᠵᠢᠯ᠎ᠤᠨ ᠲᠤᠷᠰᠢ ᠤᠯᠠᠭ᠋ᠠᠨᠬᠠᠳᠠ ᠬᠣᠲᠠ ᠵᠢᠨ ᠠᠵᠤ ᠠᠬᠤᠢ ᠨᠡᠢ᠌ᠭᠡᠮ᠎ᠤᠨ ᠳᠦᠷᠰᠦ ᠪᠠᠢ᠌ᠳᠠᠯ᠎ᠳᠤ ᠯᠤᠲᠤ ᠶᠡᠬᠡ ᠬᠤᠪᠢᠷᠠᠯᠲᠠ ᠭᠠᠷᠴᠤ᠂ ᠭᠠᠵᠠᠷ᠎ᠤᠨ ᠨᠡᠷᠡᠰ ᠴᠦ᠍ ᠨᠡᠢ᠌ᠭᠡᠮ᠎ᠤᠨ ᠬᠥᠭᠵᠢᠯᠲᠡ ᠵᠢ ᠳᠠᠭ᠋ᠠᠯᠳᠤᠨ ᠬᠤᠪᠢᠷᠠᠵᠤ᠂ ᠬᠠᠭᠤᠴᠢᠨ ᠭᠠᠵᠠᠷ᠎ᠤᠨ ᠨᠡᠷᠡᠰ ᠲᠠᠰᠤᠷᠠᠯᠲᠠ ᠦᠭᠡᠢ ᠤᠯᠠᠷᠢᠨ ᠬᠤᠪᠢᠷᠠᠭ᠋ᠠᠳ ᠰᠢᠨ᠎ᠡ ᠭᠠᠵᠠᠷ᠎ᠤᠨ ᠨᠡᠷᠡᠰ ᠭᠠᠷᠴᠤ ᠢᠷᠡᠭᠰᠡᠨ ᠶᠤᠮ᠃ ᠡᠢ᠌ᠮᠤ᠎ᠠᠴᠠ ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠣᠳᠣᠬᠢ ᠪᠠᠢ᠌ᠳᠠᠯ᠂ ᠢᠷᠡᠯᠲᠡ ᠪᠠ ᠬᠥᠭᠵᠢᠯᠲᠡ ᠬᠤᠪᠢᠰᠤᠯᠲᠠ ᠵᠢᠨ ᠠᠬᠢᠴᠠ ᠵᠢ ᠪᠥᠬᠥ ᠲᠠᠯ᠎ᠠ᠎ᠪᠠᠷ᠂ ᠰᠢᠰᠲ᠋ᠧᠮ᠎ᠲᠠᠢ᠂ ᠣᠨᠣᠪᠴᠢᠲᠠᠶ ᠲᠤᠰᠬᠠᠵᠤ ᠳᠡᠶ᠋ᠢᠯᠬᠦ ᠪᠠᠷᠢᠮᠵᠢᠶᠠᠲᠤ ᠭᠠᠵᠠᠷ᠎ᠤᠨ ᠨᠡᠷᠡᠰ᠎ᠤᠨ ᠣᠢ᠌ᠯᠠᠯᠭ᠎ᠠ ᠵᠢ ᠨᠠᠢ᠌ᠷᠠᠭᠤᠯᠤᠬᠰᠠᠨ᠎ᠨᠢ ᠴᠠᠭ᠎ᠲᠤ᠎ᠪᠠᠨ ᠠᠷᠭ᠎ᠠ ᠦᠬᠡᠢ ᠲᠤᠬᠢᠷᠠᠬᠰᠠᠨ ᠠᠵᠢᠯᠯᠠᠭ᠎ᠠ ᠪᠤᠯᠬᠤ᠎ᠨᠢ ᠲᠠᠮᠵᠢᠭ ᠦᠬᠡᠢ᠃
《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠣᠢ᠌ᠯᠠᠯᠭ᠎ᠠ》 ᠪᠣᠯ ᠤᠯᠠᠭ᠋ᠠᠨᠬᠠᠳᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ᠎ᠬᠢᠨ ᠡᠷᠭᠢᠯᠡᠨ ᠨᠠᠢ᠌ᠷᠠᠭᠤᠯᠵᠤ᠂ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠣᠳᠠᠲᠠᠢ ᠬᠡᠷᠡᠭᠵᠢᠭᠦᠯᠦᠭᠰᠡᠨ᠂ ᠤᠯᠠᠭ᠋ᠠᠨᠬᠠᠳᠠ ᠬᠣᠲᠠ ᠵᠢᠨ ᠡᠯ᠎ᠡ ᠲᠥᠷᠥᠯ᠎ᠤᠨ ᠭᠠᠵᠠᠷ᠎ᠤᠨ ᠨᠡᠷᠡᠰ᠎ᠤᠨ ᠦᠨᠳᠦᠰᠦᠨ ᠮᠡᠳᠡᠭᠡ ᠵᠠᠩᠭᠢ᠂ ᠬᠤᠪᠢᠰᠤᠯᠲᠠ ᠵᠢᠨ ᠲᠡᠦᠬᠡ ᠪᠠ ᠡᠭᠦᠨ᠎ᠲᠠᠢ ᠬᠣᠯᠪᠣᠭᠳᠠᠬᠤ ᠪᠠᠢ᠌ᠭ᠋ᠠᠯᠢ᠂ ᠠᠵᠤ ᠠᠬᠤᠢ᠂ ᠰᠣᠶᠣᠯ ᠵᠡᠷᠭᠡ ᠣᠯᠠᠨ ᠲᠠᠯ᠎ᠠ ᠵᠢᠨ ᠣᠨᠴᠠᠯᠢᠭ᠎ᠢ ᠪᠥᠬᠥ ᠲᠠᠯ᠎ᠠ᠎ᠪᠠᠷ ᠰᠢᠰᠲ᠋ᠧᠮ᠎ᠲᠠᠢ ᠲᠡᠮᠳᠡᠭᠯᠡᠭᠰᠡᠨ ᠲᠤᠰᠬᠠᠢ ᠮᠡᠷᠭᠡᠵᠢᠯ᠎ᠤᠨ ᠣᠷᠣᠨ ᠨᠤᠲᠤᠭ᠎ᠤᠨ ᠣᠢ᠌ᠯᠠᠯᠭ᠎ᠠ ᠪᠣᠯᠣᠨ᠎ᠠ᠃ ᠳᠡᠭᠡᠳᠦ ᠳᠣᠣᠷᠠᠳᠤ ᠬᠣᠶᠠᠷ ᠳᠡᠪᠲᠡᠷ ᠵᠶ᠋ᠡᠷ ᠬᠡᠪᠯᠡᠭᠳᠡᠭᠰᠡᠨ ᠡᠨᠡ ᠬᠦ᠌ ᠨᠤᠮ᠎ᠨᠢ 154 ᠲᠦᠮᠡᠨ ᠦᠰᠦᠭ᠎ᠲᠠᠢ᠂ ᠡᠯ᠎ᠡ ᠵᠦᠢ᠍ᠯ᠎ᠤᠨ ᠭᠠᠵᠠᠷ᠎ᠤᠨ ᠨᠡᠷᠡᠰ᠎ᠢ 4750 ᠣᠷᠣᠭᠤᠯᠤᠭᠰᠠᠨ ᠪᠠᠢ᠌ᠨ᠎ᠠ᠃ ᠡᠨᠡ ᠬᠦ᠌ ᠤᠢ᠌ᠯᠠᠯᠭ᠎ᠠ ᠵᠢ ᠬᠣᠶᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠭᠠᠵᠠᠷ᠎ᠤᠨ ᠨᠡᠷᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠦᠷ᠎ᠡ ᠪᠦᠲᠦᠭᠡᠯ᠎ᠤᠨ ᠮᠠᠲ᠋ᠧᠷᠢᠶᠠᠯ ᠵᠶ᠋ᠠᠷ ᠰᠠᠭᠤᠷᠢ ᠪᠣᠯᠭ᠋ᠠᠵᠤ᠂ ᠡᠯᠪᠡᠭ ᠪᠠᠶᠠᠯᠢᠭ ᠨᠠᠷᠢᠨ ᠪᠣᠳᠠᠲᠠᠢ ᠲᠡᠦᠬᠡ ᠵᠢᠨ ᠮᠠᠲ᠋ᠧᠷᠢᠶᠠᠯ᠎ᠤᠨ ᠲᠣᠭ᠎ᠠ ᠪᠠᠷᠢᠮᠲᠠ᠎ᠪᠠᠷ ᠲᠦᠰᠢᠭ ᠪᠣᠯᠭ᠋ᠠᠨ᠂ ᠬᠢᠨᠠᠮᠠᠭ᠋ᠠᠢ ᠪᠠᠢ᠌ᠴᠠᠭ᠋ᠠᠨ ᠨᠤᠲᠠᠯᠠᠬᠤ᠎ᠪᠠᠷ ᠳᠡᠮᠵᠢᠨ᠂ ᠭᠠᠵᠠᠷ᠎ᠤᠨ ᠨᠡᠷᠡᠰ᠎ᠤᠨ ᠴᠠᠭ᠋ᠠᠨᠠᠬᠢ ᠲᠡᠦᠬᠡ ᠰᠣᠶᠣᠯ᠎ᠤᠨ ᠰᠤᠳᠠᠰᠤ ᠵᠢ ᠭᠦᠨᠵᠡᠭᠡᠢ ᠠᠭᠤᠳᠠᠯᠵᠤ᠂ ᠤᠯᠠᠭ᠋ᠠᠨᠬᠠᠳᠠ ᠬᠣᠲᠠ ᠵᠢᠨ ᠬᠥᠭᠵᠢᠯᠲᠡ ᠵᠢᠨ ᠲᠡᠦᠬᠡ ᠪᠠ ᠪᠣᠯᠪᠠᠰᠤᠨ᠎ᠤ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠬᠦᠴᠦᠯᠡᠨ ᠢᠯᠡᠷᠡᠭᠦᠯᠵᠦ᠂ ᠬᠥᠮᠥᠰ᠎ᠲᠤ ᠤᠯᠠᠭ᠋ᠠᠨᠬᠠᠳᠠ ᠵᠢᠨ ᠭᠦᠨ ᠵᠤᠵᠠᠭ᠋ᠠᠨ ᠰᠣᠶᠣᠯ᠎ᠤᠨ ᠠᠭᠤᠯᠬᠤᠨ᠎ᠢ ᠣᠢ᠌ᠯᠠᠭ᠋ᠠᠭᠤᠯᠪᠠ᠃ ᠣᠷᠣᠨ ᠨᠤᠲᠤᠭ᠎ᠤᠨ ᠣᠢ᠌ᠯᠠᠯᠭ᠎ᠠ ᠵᠢ ᠨᠠᠢ᠌ᠷᠠᠭᠤᠯᠬᠤ ᠶᠠᠪᠤᠴᠠ ᠵᠢ ᠡᠷᠭᠢᠴᠡᠭᠦᠯᠬᠦᠶ᠎ᠡ᠂ ᠵᠣᠬᠢᠶᠠᠨ ᠪᠠᠢ᠌ᠭᠤᠯᠵᠤ ᠡᠬᠢᠯᠡᠭᠦᠯᠬᠦ᠎ᠠᠴᠠ ᠠᠪᠤᠭ᠋ᠠᠳ ᠬᠡᠪᠯᠡᠨ ᠲᠠᠷᠬᠠᠭ᠋ᠠᠬᠤ ᠪᠣᠯᠲᠠᠯ᠎ᠠ ᠤᠯᠠᠭ᠋ᠠᠨᠬᠠᠳᠠ ᠬᠣᠲᠠ ᠵᠢᠨ᠎ᠬᠢᠨ ᠭᠠᠵᠠᠷ᠎ᠤᠨ ᠨᠡᠷᠡᠰ᠎ᠤᠨ ᠰᠣᠳᠣᠨ ᠣᠢ᠌ᠯᠠᠯᠭ᠎ᠠ ᠵᠢ ᠪᠦᠲᠦᠭᠡᠬᠦ᠎ᠪᠠᠷ ᠬᠠᠷᠠᠯᠲᠠ ᠪᠣᠯᠭ᠋ᠠᠵᠤ᠂ ᠨᠢᠭᠡᠳᠦᠯᠲᠡᠢ ᠲᠥᠯᠥᠪᠯᠡᠨ ᠵᠣᠬᠢᠶᠠᠨ ᠪᠠᠢ᠌ᠭᠤᠯᠵᠤ᠂ ᠵᠣᠬᠢᠴᠠᠭᠤᠯᠤᠨ ᠪᠠᠲᠤᠯᠠᠬᠤ ᠵᠢ ᠴᠢᠩᠭ᠋ᠠᠳᠬᠠᠨ᠂ ᠥᠨᠳᠥᠷ ᠪᠠᠷᠢᠮᠵᠢᠶ᠎ᠠ ᠴᠢᠩᠭ᠎ᠠ ᠱᠠᠭ᠋ᠠᠷᠳᠠᠯᠭ᠎ᠠ᠎ᠪᠠᠷ ᠭᠠᠵᠠᠷ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ ᠰᠡᠳᠬᠢᠮᠵᠢ᠎ᠪᠠᠨ ᠲᠠᠰᠤᠷᠠᠯᠲᠠ ᠦᠭᠡᠢ ᠥᠷᠭᠡᠳᠬᠡᠵᠦ᠂ ᠭᠠᠵᠠᠷ᠎ᠤᠨ ᠨᠡᠷᠡᠰ᠎ᠤᠨ ᠣᠢ᠌ᠯᠠᠯᠭ᠎ᠠ ᠵᠢ ᠨᠠᠢ᠌ᠷᠠᠭᠤᠯᠬᠤ ᠠᠵᠢᠯ᠎ᠳᠤ ᠠᠰᠢᠭᠲᠠᠢ ᠰᠦᠪᠡᠭᠴᠢᠯᠡᠯᠲᠡ ᠵᠢᠨ ᠦᠢ᠍ᠯᠡᠳᠦᠯᠭᠡ ᠬᠢᠪᠡ᠃
ᠨ᠊ ᠵᠭᠡᠳᠦᠯᠲᠡᠢ ᠲᠥᠯᠥᠪᠯᠡᠨ ᠠᠷᠭ᠎ᠠ ᠤᠬᠠᠭ᠋ᠠᠨ ᠰᠦᠪᠡᠭᠴᠢᠯᠡᠵᠦ᠂ ᠣᠯᠠᠨ ᠲᠠᠯ᠎ᠠ᠎ᠪᠠᠷ ᠬᠠᠮᠲᠤᠷᠠᠨ ᠬᠥᠳᠡᠯᠦᠯᠴᠡᠬᠦ ᠪᠣᠯ ᠭᠠᠵᠠᠷ᠎ᠤᠨ ᠨᠡᠷᠡᠰ᠎ᠤᠨ ᠲᠤᠰᠬᠠᠢ ᠪᠦᠳᠤᠬᠡᠯ᠎ᠢ ᠬᠡᠪᠯᠡᠭᠦᠯᠬᠦ ᠴᠢᠬᠤᠯᠠ ᠪᠠᠲᠤᠯᠠᠭ᠎ᠠ ᠮᠥᠨ
ᠨᠢᠭᠡ᠎ᠳᠤ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠬᠦᠴᠦᠲᠡᠢ᠃ 2020 ᠣᠨ᠎ᠳᠤ 《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠲ᠋ᠡᠮᠳᠡᠭᠯᠡᠯ》᠎ᠢ ᠨᠠᠢ᠌ᠷᠠᠭᠤᠯᠬᠤ ᠠᠵᠢᠯ᠎ᠢ ᠡᠬᠢᠯᠡᠭᠦᠯᠦᠭᠰᠡᠨ᠎ᠤ ᠳᠠᠷᠠᠭ᠎ᠠ ᠨᠠᠢ᠌ᠷᠠᠭᠤᠯᠬᠤ ᠠᠵᠢᠯ᠎ᠤᠨ ᠥᠨᠳᠥᠷ ᠦᠷ᠎ᠡ ᠪᠦᠲᠦᠮᠵᠢᠲᠡᠶ ᠶᠠᠪᠤᠬᠳᠠᠭᠤᠯᠬᠤ ᠵᠢᠨ ᠲᠥᠯᠥᠭᠡ ᠤᠯᠠᠭ᠋ᠠᠨᠬᠠᠳᠠ ᠬᠤᠳᠠ ᠵᠢᠨ ᠵᠠᠰᠠᠭ᠎ᠤᠨ ᠣᠷᠳᠣᠨ᠎ᠤ᠎ᠬᠢᠨ ᠬᠣᠲᠠ ᠵᠢᠨ ᠳᠠᠷᠤᠭ᠎ᠠ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ᠂ ᠬᠤᠪᠢᠳᠠᠨ ᠬᠠᠮᠢᠶᠠᠷᠴᠤ ᠪᠠᠢ᠌ᠭ᠎ᠠ ᠳᠡᠳ᠋ ᠬᠣᠲᠠ ᠵᠢᠨ ᠳᠠᠷᠤᠭ᠎ᠠ᠎ᠪᠠᠷ ᠪᠠᠢ᠌ᠩᠭᠤ ᠵᠢᠨ ᠳᠡᠳ᠋ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ 《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠤᠢ᠌ᠯᠠᠯᠭ᠎ᠠ》 ᠵᠢ ᠨᠠᠢ᠌ᠷᠠᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠡᠯ᠎ᠡ ᠬᠣᠰᠢᠭᠤ ᠰᠢᠶᠠᠨ ᠲᠣᠭᠣᠷᠢᠭ᠎ᠲᠤ ᠨᠠᠢ᠌ᠷᠠᠭᠤᠯᠬᠤ ᠠᠵᠢᠯ᠎ᠤᠨ ᠤᠳᠤᠷᠢᠳᠬᠤ ᠪᠠᠢ᠌ᠭᠤᠯᠤᠮᠵᠢ ᠵᠢ ᠵᠣᠬᠢᠴᠠᠩᠭᠤᠢ᠎ᠪᠠᠷ ᠪᠠᠢ᠌ᠭᠤᠯᠵᠤ᠂ ᠳᠡᠭᠡᠳᠦ ᠪᠠᠷᠢᠮᠵᠢᠶ᠎ᠠ᠎ᠪᠠᠷ ᠵᠣᠬᠢᠶᠠᠨ ᠪᠠᠢ᠌ᠭᠤᠯᠵᠤ᠂ ᠦᠨᠳᠤᠷ ᠪᠠᠷᠢᠮᠵᠢᠶ᠎ᠠ᠎ᠪᠠᠷ ᠠᠬᠢᠭᠤᠯᠤᠭ᠋ᠠᠳ ᠨᠠᠢ᠌ᠷᠠᠭᠤᠯᠬᠤ ᠠᠵᠢᠯ᠎ᠤᠨ ᠤᠷᠤᠭᠰᠢᠲᠠᠢ ᠶᠠᠪᠤᠭᠳᠠᠬᠤ ᠵᠢ ᠦᠨᠡᠨ ᠬᠦ᠌ ᠪᠠᠲᠤᠯᠠᠪᠠ᠃ ᠤᠯᠠᠭ᠋ᠠᠨᠬᠠᠳᠠ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ ᠭᠠᠵᠠᠷ᠎ᠤᠨ ᠨᠡᠷᠡᠰ᠎ᠤᠨ ᠣᠢ᠌ᠯᠠᠯᠭ᠎ᠠ ᠵᠢ ᠨᠠᠢ᠌ᠷᠠᠭᠤᠯᠬᠤ ᠠᠵᠢᠯ᠎ᠢ ᠴᠢᠬᠤᠯᠠᠴᠢᠯᠠᠨ᠂ ᠨᠠᠢ᠌ᠷᠠᠭᠤᠯᠬᠤ ᠠᠵᠢᠯ᠎ᠢ ᠪᠡᠶᠡᠳᠡᠨ ᠲᠦᠯᠦᠪᠯᠡᠵᠤ ᠪᠠᠢ᠌ᠷᠢᠰᠢᠭᠤᠯᠬᠤ ᠵᠢᠨ ᠬᠠᠮᠲᠤ ᠪᠣᠳᠠᠲᠠᠢ ᠨᠠᠢ᠌ᠷᠠᠭᠤᠯᠬᠤ ᠨᠠᠷᠢᠨ ᠵᠦᠢ᠍ᠯᠡᠰ᠎ᠤᠨ ᠲᠤᠬᠠᠢ ᠣᠯᠠᠨ ᠤᠳᠠᠭ᠎ᠠ ᠵᠢᠭ᠋ᠠᠪᠤᠷᠢ ᠰᠠᠨᠠᠯ ᠳᠤᠷᠠᠳᠴᠤ᠂ ᠭᠠᠵᠠᠷ᠎ᠤᠨ ᠨᠡᠷᠡᠰ᠎ᠤᠨ ᠣᠢ᠌ᠯᠠᠯᠭ᠎ᠠ ᠵᠢᠨ ᠵᠠᠷᠤᠳᠠᠯ᠎ᠤᠨ ᠪᠠᠲᠤᠯᠠᠭ᠎ᠠ᠂ ᠠᠵᠢᠯᠲᠠᠨ᠎ᠤ ᠲᠣᠬᠢᠷᠠᠭᠤᠯᠤᠯᠲᠠ᠂ ᠰᠠᠯᠠᠭ᠎ᠠ ᠮᠥᠴᠢᠷ᠎ᠤᠨ ᠵᠣᠬᠢᠴᠠᠭᠤᠯᠭ᠎ᠠ ᠵᠡᠷᠭᠡ ᠲᠠᠯ᠎ᠠ᠎ᠪᠠᠷ ᠬᠦᠴᠦᠲᠡᠢ ᠳᠡᠮᠵᠢᠯᠭᠡ ᠬᠠᠩᠭ᠋ᠠᠭᠰᠠᠨ ᠪᠠᠢ᠌ᠨ᠎ᠠ᠃ ᠬᠣᠶᠠᠷ᠎ᠲᠤ᠂ ᠬᠣᠯᠪᠣᠭᠳᠠᠯ ᠪᠦᠬᠦᠢ ᠡᠯ᠎ᠡ ᠲᠠᠯ᠎ᠠ ᠵᠢᠨ᠎ᠬᠢᠨ ᠡᠮᠬᠢ ᠵᠢᠷᠤᠮ᠎ᠲᠠᠢ ᠬᠣᠯᠪᠣᠯᠳᠤᠨ ᠬᠥᠳᠡᠯᠦᠯᠴᠡᠪᠡ᠃ ᠲᠣᠰ ᠣᠢ᠌ᠯᠠᠯᠭ᠎ᠠ ᠵᠢ ᠨᠠᠢ᠌ᠷᠠᠭᠤᠯᠬᠤ ᠠᠵᠢᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠣᠷᠣᠨ᠎ᠤ ᠬᠤᠪᠢᠶᠠᠷᠢᠯᠠᠯ᠎ᠤᠨ ᠭᠠᠵᠠᠷ᠎ᠤᠨ ᠨᠡᠷᠡᠰ᠎ᠤᠨ ᠭᠠᠵᠠᠷ᠎ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠢᠳᠡᠪᠬᠢᠲᠡᠢ ᠬᠠᠮᠵᠢᠯᠴᠠᠵᠤ᠂ ᠤᠯᠠᠭ᠋ᠠᠨᠬᠠᠳᠠ ᠬᠣᠲᠠ ᠵᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠤᠰᠤᠨ ᠠᠰᠢᠭᠯᠠᠯᠲᠠ ᠵᠢᠨ ᠲᠣᠪᠴᠢᠶ᠎ᠠ᠂ ᠲᠣᠭ᠎ᠠ ᠪᠦᠷᠢᠳᠬᠡᠯ᠎ᠤᠨ ᠲᠣᠪᠴᠢᠶ᠎ᠠ᠂ ᠣᠷᠣᠨ ᠨᠤᠲᠤᠭ᠎ᠤᠨ ᠣᠢ᠌ᠯᠠᠯᠭ᠎ᠠ ᠵᠢᠨ ᠠᠯᠪᠠᠨ ᠭᠡᠷ ᠵᠡᠷᠭᠡ ᠬᠠᠮᠢᠶ᠎ᠠ ᠪᠦᠬᠦᠢ ᠨᠢᠬᠡᠴᠢ ᠵᠢᠨ᠎ᠬᠢᠨ ᠶᠡᠬᠡ ᠬᠡᠮᠵᠢᠶᠡᠨ᠎ᠤ ᠵᠢᠷᠤᠭ᠂ ᠲᠣᠭ᠎ᠠ ᠪᠠᠷᠢᠮᠲᠠ ᠪᠠ ᠭᠡᠷᠡᠴᠢ ᠮᠠᠲ᠋ᠧᠷᠢᠶᠠᠯ ᠬᠠᠩᠭ᠋ᠠᠭᠰᠠᠨ ᠪᠠᠢ᠌ᠨ᠎ᠠ᠃ ᠤᠯᠠᠭ᠋ᠠᠨᠬᠠᠳᠠ ᠬᠣᠲᠠ ᠵᠢᠨ ᠦᠨᠳᠤᠰᠤᠳᠡᠨ᠎ᠤ ᠬᠡᠷᠡᠭ ᠡᠷᠬᠢᠯᠡᠬᠦ ᠵᠦᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠨᠢᠭᠤᠴᠠ ᠵᠢ ᠬᠠᠮᠠᠭ᠋ᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠳ ᠨᠠᠢ᠌ᠷᠠᠭᠤᠯᠬᠤ ᠠᠵᠢᠯ᠎ᠤᠨ ᠲᠠᠯ᠎ᠠ᠎ᠪᠠᠷ ᠮᠠᠰᠢ ᠣᠯᠠᠨ ᠪᠦᠲᠦᠭᠡᠯᠴᠢ ᠴᠢᠨᠠᠷᠲᠠᠢ ᠰᠠᠨᠠᠯ ᠳᠤᠷᠠᠳᠪᠠ᠃ ᠡᠯ᠎ᠡ ᠬᠣᠰᠢᠭᠤ ᠰᠢᠶᠠᠨ ᠲᠣᠭᠣᠷᠢᠭ᠎ᠤᠨ ᠭᠠᠵᠠᠷ᠎ᠤᠨ ᠨᠡᠷᠡᠰ᠎ᠤᠨ ᠠᠵᠢᠯ᠎ᠤᠨ ᠠᠵᠢᠯᠲᠠᠳ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠰᠠᠭᠤᠷᠢ ᠲᠣᠭ᠎ᠠ ᠪᠠᠷᠢᠮᠲᠠ ᠵᠢᠨ ᠮᠠᠲ᠋ᠧᠷᠢᠶᠠᠯ᠎ᠢ ᠴᠠᠭ ᠲᠤᠬᠠᠢᠳᠤᠨᠢ ᠣᠨᠣᠪᠴᠢᠲᠠᠶ ᠲᠡᠪᠰᠢᠬᠦᠯᠪᠡ᠃ ᠨᠠᠢ᠌ᠷᠠᠭᠤᠯᠬᠤ ᠠᠵᠢᠯᠲᠠᠨ ᠪᠠ ᠲᠤᠰᠬᠠᠢ ᠮᠡᠷᠭᠡᠵᠢᠯᠲᠡᠨ ᠡᠷᠳᠡᠮᠲᠡᠳ ᠶᠠᠳᠠᠷᠠᠯ ᠵᠦᠳᠡᠷᠡᠯ᠎ᠠᠴᠠ ᠬᠠᠯᠠᠰᠢᠷᠠᠯ ᠦᠭᠡᠢ ᠮᠠᠲ᠋ᠧᠷᠢᠶᠠᠯ᠎ᠢ ᠥᠷᠭᠡᠨ ᠵᠶ᠋ᠡᠷ ᠴᠤᠭᠯᠠᠭᠤᠯᠵᠤ᠂ ᠪᠠᠢ᠌ᠴᠠᠭ᠋ᠠᠨ ᠨᠤᠲᠠᠯᠠᠬᠤ ᠠᠵᠢᠯ᠎ᠢ ᠭᠦᠨᠵᠡᠭᠡᠢ ᠥᠷᠨᠢᠭᠦᠯᠵᠦ᠂ ᠮᠠᠲ᠋ᠧᠷᠢᠶᠠᠯ᠎ᠢ ᠨᠢᠭᠲᠠ᠎ᠠᠴᠠ ᠨᠢᠭᠲᠠ ᠡᠮᠬᠢᠯᠡᠪᠡ᠃ ᠵᠠᠰᠠᠭ᠎ᠤᠨ ᠣᠷᠳᠣᠨ᠎ᠤ ᠨᠢᠭᠡᠳᠦᠯᠲᠡᠢ ᠲᠦᠯᠦᠪᠵᠢᠬᠦᠯᠬᠡ᠎ᠪᠠᠷ ᠡᠯ᠎ᠡ ᠲᠠᠯ᠎ᠠ ᠵᠢᠨ᠎ᠬᠢᠨ ᠬᠣᠯᠪᠤᠭ᠋ᠠᠯᠠᠨ ᠬᠥᠳᠡᠯᠦᠯᠴᠡᠵᠦ᠂ ᠭᠠᠵᠠᠷ᠎ᠤᠨ ᠨᠡᠷᠡᠰ᠎ᠤᠨ ᠣᠢ᠌ᠯᠠᠯᠭ᠎ᠠ ᠵᠢᠨ ᠤᠷᠤᠭᠰᠢᠲᠠᠢ ᠬᠡᠪᠯᠡᠭᠳᠡᠬᠦ᠎ᠳᠤ ᠪᠠᠳᠤᠯᠠᠬᠰᠠᠨ ᠪᠠᠢ᠌ᠨ᠎ᠠ᠃
ᠰᠠᠭᠤᠷᠢ ᠵᠢ ᠯᠠᠪᠳᠠᠭᠤᠨ ᠲᠠᠯᠪᠢᠵᠤ᠂ ᠨᠢᠮᠪᠠᠢ ᠰᠢᠷᠭ᠋ᠠᠬᠤ ᠪᠤᠯ ᠭᠠᠵᠠᠷ᠎ᠤᠨ ᠨᠡᠷᠡᠰ᠎ᠤᠨ ᠰᠤᠳᠤᠨ ᠤᠢ᠌ᠯᠠᠯᠭᠠᠢ ᠪᠦᠳᠤᠬᠡᠬᠦ᠎ᠳᠤ ᠵᠠᠪᠠᠯ ᠶᠠᠪᠤᠬᠤ ᠵᠠᠮ ᠮᠥᠨ
ᠨᠢᠭᠡ᠎ᠳᠤ᠂ ᠭᠠᠵᠠᠷ᠎ᠤᠨ ᠨᠡᠷᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠦᠷ᠎ᠡ ᠪᠦᠲᠦᠭᠡᠯ᠎ᠢ ᠨᠠᠢ᠌ᠳᠠᠪᠤᠷᠢᠲᠠᠢ ᠪᠣᠯᠪᠠ᠃ 《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠤᠢ᠌ᠯᠠᠯᠭ᠎ᠠ》 ᠵᠢ ᠨᠠᠢ᠌ᠷᠠᠭᠤᠯᠤᠨ ᠬᠡᠪᠯᠡᠭᠦᠯᠦᠭᠰᠡᠨ ᠶᠠᠪᠤᠳᠠᠯ ᠪᠣᠯ ᠬᠣᠶᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠭᠠᠵᠠᠷ᠎ᠤᠨ ᠨᠡᠷᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠴᠢᠬᠤᠯᠠ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠨᠢᠭᠡ ᠪᠣᠯᠣᠨ᠎ᠠ᠃ ᠬᠣᠶᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠭᠠᠵᠠᠷ᠎ᠤᠨ ᠨᠡᠷᠡᠰ᠎ᠤᠨ ᠨᠡᠢ᠌ᠳᠡᠮ ᠪᠠᠢ᠌ᠴᠠᠭ᠋ᠠᠯᠲᠠ ᠵᠢ ᠥᠷᠨᠢᠭᠦᠯᠦᠭᠰᠡᠨ ᠡᠬᠢᠨ᠎ᠤ ᠬᠤᠭᠤᠴᠠᠭ᠋ᠠᠨ᠎ᠳᠤ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠭᠠᠵᠠᠷ᠎ᠤᠨ ᠨᠡᠷ᠎ᠡ ᠵᠢᠨ ᠨᠡᠢ᠌ᠳᠡᠮ ᠪᠠᠢ᠌ᠴᠠᠭ᠋ᠠᠯᠲᠠ ᠵᠢᠨ ᠠᠵᠢᠯ ᠪᠣᠯ ᠡᠮᠦᠨᠡᠬᠢ ᠬᠤᠭᠤᠴᠠᠭ᠋ᠠᠨ᠎ᠤ ᠰᠠᠭᠤᠷᠢ ᠴᠢᠨᠠᠷᠲᠠᠢ᠂ ᠪᠠᠲᠤᠯᠠᠭ᠎ᠠ ᠵᠢᠨ ᠴᠢᠨᠠᠷᠲᠠᠢ ᠠᠵᠢᠯ ᠪᠣᠯᠬᠤ ᠪᠦᠬᠡᠳ ᠨᠡᠢ᠌ᠳᠡᠮ ᠪᠠᠢ᠌ᠴᠠᠭ᠋ᠠᠯᠲᠠ ᠵᠢᠨ ᠦᠷ᠎ᠡ ᠪᠦᠲᠦᠭᠡᠯ᠎ᠤᠨ ᠶᠠᠰᠤ ᠴᠢᠨᠠᠷ᠎ᠨᠢ ᠲᠠᠷᠠᠭ᠋ᠠᠴᠢ ᠵᠢᠨ ᠠᠯᠢ ᠣᠯᠠᠨ ᠦᠷ᠎ᠡ ᠪᠦᠲᠦᠭᠡᠯ᠎ᠢ ᠬᠤᠪᠢᠷᠠᠭᠤᠯᠬᠤ ᠠᠵᠢᠯ᠎ᠤᠨ ᠪᠦᠳᠤᠬᠦ ᠡᠰᠡᠬᠦ ᠬᠤᠯᠪᠤᠬᠳᠠᠬᠤ ᠵᠢ ᠬᠦᠢ᠍ᠴᠡᠳ ᠤᠢ᠌ᠯᠠᠭ᠋ᠠᠬᠰᠠᠨ ᠵᠶ᠋ᠡᠷ ᠭᠠᠵᠠᠷ᠎ᠤᠨ ᠨᠡᠷᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠲᠠᠯ᠎ᠠ᠎ᠪᠠᠷ ᠪᠥᠬᠥ ᠬᠣᠲᠠ᠎ᠳᠤ ᠨᠢᠭᠡ ᠬᠥᠯᠭᠡ ᠰᠢᠲᠠᠷ᠎ᠠ ᠲᠠᠯᠪᠢᠬᠤ ᠵᠢ ᠪᠠᠷᠢᠮᠲᠠᠯᠠᠨ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠠᠵᠢᠯᠯᠠᠬᠤ ᠪᠠᠷᠢᠮᠵᠢᠶ᠎ᠠ᠂ ᠵᠢᠷᠤᠮᠵᠢᠯ ᠪᠠ ᠰᠢᠯᠭ᠋ᠠᠨ ᠠᠪᠬᠤ ᠱᠠᠭ᠋ᠠᠷᠳᠠᠯᠭ᠎ᠠ ᠵᠢ ᠨᠢᠭᠡᠳᠦᠯᠲᠡᠢ ᠪᠣᠯᠭ᠋ᠠᠵᠤ᠂ ᠡᠯ᠎ᠡ ᠱᠠᠲᠤ ᠦᠶ᠎ᠡ᠂ ᠡᠯ᠎ᠡ ᠵᠠᠩᠭᠢᠯᠠᠭ᠎ᠠ ᠵᠢᠨ ᠬᠠᠷᠠᠯᠲᠠ᠂ ᠠᠷᠭ᠎ᠠ ᠪᠠ ᠱᠠᠭ᠋ᠠᠷᠳᠠᠯᠭ᠎ᠠ ᠵᠢ ᠲᠣᠳᠣᠷᠬᠠᠢ ᠲᠣᠭᠲᠠᠭ᠋ᠠᠪᠠ᠃ ᠲᠤᠰᠬᠠᠢ ᠬᠥᠮᠥᠨ ᠲᠣᠭᠲᠠᠭ᠋ᠠᠨ ᠬᠠᠷᠢᠭᠤᠴᠠᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠨ᠂ ᠨᠡᠢ᠌ᠳᠡᠮ ᠪᠠᠢ᠌ᠴᠠᠭ᠋ᠠᠯᠲᠠ ᠵᠢᠨ ᠠᠵᠢᠯᠲᠠᠨ᠎ᠢ ᠴᠢᠩᠭ᠎ᠠ ᠰᠢᠯᠢᠨ ᠰᠣᠩᠭᠣᠵᠤ᠂ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ ᠤᠯᠠᠨᠳᠠ ᠵᠣᠬᠢᠶᠠᠨ ᠪᠠᠢ᠌ᠭᠤᠯᠤᠨ᠂ ᠣᠯᠠᠨ ᠠᠷᠭ᠎ᠠ ᠂ ᠥᠨᠳᠥᠷ ᠪᠠᠷᠢᠮᠵᠢᠶ᠎ᠠ᠂ ᠴᠢᠩᠭ᠎ᠠ ᠱᠠᠭ᠋ᠠᠷᠳᠠᠯᠭ᠎ᠠ᠎ᠪᠠᠷ ᠨᠡᠢ᠌ᠳᠡᠮ ᠪᠠᠢ᠌ᠴᠠᠭ᠋ᠠᠯᠲᠠ ᠵᠢᠨ ᠦᠷ᠎ᠡ ᠪᠦᠲᠦᠭᠡᠯ᠎ᠤᠨ ᠦᠨᠡᠨ ᠪᠣᠳᠠᠲᠠᠢ᠂ ᠣᠨᠣᠪᠴᠢᠲᠠᠶ᠂ ᠪᠥᠬᠥ ᠲᠠᠯ᠎ᠠ ᠵᠢᠨ ᠪᠠᠢ᠌ᠬᠤ ᠵᠢ ᠪᠠᠲᠤᠯᠠᠵᠤ᠂ 《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠤᠢ᠌ᠯᠠᠯᠭ᠎ᠠ》 ᠵᠢ ᠨᠠᠢ᠌ᠷᠠᠭᠤᠯᠤᠨ ᠬᠡᠪᠯᠡᠭᠦᠯᠬᠦ᠎ᠳᠤ ᠨᠠᠢ᠌ᠳᠠᠪᠤᠷᠢᠲᠠᠢ ᠰᠠᠭᠤᠷᠢ ᠮᠠᠲ᠋ᠧᠷᠢᠶᠠᠯ᠎ᠢ ᠬᠠᠩᠭ᠋ᠠᠭᠰᠠᠨ ᠪᠠᠢ᠌ᠨ᠎ᠠ᠃ ᠬᠣᠶᠠᠷ᠎ᠲᠤ᠂ ᠣᠷᠣᠨ ᠨᠤᠲᠤᠭ᠎ᠤᠨ ᠣᠢ᠌ᠯᠠᠯᠭ᠎ᠠ ᠵᠢ ᠨᠠᠢ᠌ᠷᠠᠭᠤᠯᠬᠤ ᠶᠠᠪᠤᠴᠠ᠎ᠨᠢ ᠨᠢᠭᠲᠠ᠎ᠠᠴᠠ ᠨᠢᠭᠲᠠ ᠪᠠᠢ᠌ᠬᠤ ᠶᠤᠰᠤᠳᠠᠢ ᠶᠤᠮ᠃ ᠣᠷᠣᠨ ᠨᠤᠲᠤᠭ᠎ᠤᠨ ᠣᠢ᠌ᠯᠠᠯᠭ᠎ᠠ ᠵᠢᠨ ᠶᠠᠰᠤ ᠴᠢᠨᠠᠷ᠎ᠢ ᠪᠠᠲᠤᠯᠠᠬᠤ ᠵᠢᠨ ᠲᠥᠯᠥᠭᠡ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《〈ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠣᠢ᠌ᠯᠠᠯᠭ᠎ᠠ〉 ᠵᠢ ᠨᠠᠢ᠌ᠷᠠᠭᠤᠯᠬᠤ ᠵᠢᠯᠤᠭᠤᠳᠤᠮᠵᠢ ᠵᠢᠨ ᠭᠠᠷ ᠠᠪᠤᠯᠭ᠎ᠠ》 ᠵᠢ ᠲᠣᠭᠲᠠᠭ᠋ᠠᠵᠤ᠂ ᠡᠯ᠎ᠡ ᠬᠠᠮᠢᠶ᠎ᠠ ᠪᠦᠬᠦᠢ ᠨᠢᠬᠡᠴᠢ ᠪᠠ ᠨᠠᠢ᠌ᠷᠠᠭᠤᠯᠬᠤ ᠠᠵᠢᠯᠲᠠᠳ᠎ᠲᠤ ᠪᠠᠭᠤᠯᠭ᠋ᠠᠪᠠ᠃ ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠣᠢ᠌ᠯᠠᠯᠭ᠎ᠠ ᠵᠢ ᠨᠠᠢ᠌ᠷᠠᠭᠤᠯᠬᠤ ᠲᠤᠬᠠᠢ ᠪᠣᠯᠪᠠᠰᠤᠷᠠᠯ᠎ᠢ ᠡᠷᠬᠢᠯᠡᠵᠤ᠂ ᠪᠥᠬᠥ ᠨᠠᠢ᠌ᠷᠠᠭᠤᠯᠤᠬ᠍ᠴᠢᠳᠲᠤ ᠨᠠᠢ᠌ᠷᠠᠭᠤᠯᠬᠤ ᠵᠢᠷᠤᠮᠵᠢᠯ᠎ᠤᠨ ᠪᠣᠯᠪᠠᠰᠤᠷᠠᠯ ᠬᠢᠬᠦ ᠵᠢᠨ ᠬᠠᠮᠲᠤ ᠨᠠᠢ᠌ᠷᠠᠭᠤᠯᠬᠤ ᠠᠵᠢᠯ᠎ᠤᠨ ᠡᠯ᠎ᠡ ᠭᠣᠭᠴᠣᠭ᠎ᠠ ᠵᠢ ᠵᠣᠬᠢᠶᠠᠨ ᠪᠠᠢ᠌ᠭᠤᠯᠤᠨ ᠵᠣᠯᠭ᠋ᠠᠭᠤᠯᠬᠤ ᠲᠠᠯ᠎ᠠ᠎ᠪᠠᠷ ᠨᠢᠮᠪᠠᠢ ᠪᠠᠢ᠌ᠷᠢᠯᠠᠭᠤᠯᠤᠬᠰᠠᠨ ᠪᠠᠢ᠌ᠨ᠎ᠠ᠃ ᠣᠷᠣᠭᠤᠯᠤᠭᠰᠠᠨ ᠭᠠᠵᠠᠷ᠎ᠤᠨ ᠨᠡᠷᠡᠰ᠎ᠤᠨ ᠢᠷᠡᠯᠲᠡ᠂ ᠠᠭᠤᠯᠭ᠎ᠠ᠂ ᠤᠯᠠᠷᠢᠯ ᠬᠤᠪᠢᠰᠤᠯ᠂ ᠣᠳᠣᠬᠢ ᠪᠠᠢ᠌ᠳᠠᠯ ᠵᠡᠷᠭᠡ᠎ᠨᠢ ᠲᠡᠦᠬᠡ ᠵᠢᠨ ᠪᠣᠳᠠᠲᠤ ᠪᠠᠢ᠌ᠳᠠᠯ᠎ᠳᠤ ᠨᠡᠢ᠌ᠴᠡᠬᠦ ᠵᠢ ᠪᠠᠳᠤᠯᠠᠬᠤ ᠵᠢᠨ ᠲᠦᠯᠤᠬᠡ ᠤᠯᠠᠭ᠋ᠠᠨᠬᠠᠳᠠ ᠬᠣᠲᠠ ᠵᠢᠨ᠎ᠬᠢᠨ ᠭᠠᠵᠠᠷ᠎ᠤᠨ ᠨᠡᠷᠡᠰ᠎ᠤᠨ ᠲᠤᠰᠬᠠᠢ ᠮᠡᠷᠭᠡᠵᠢᠯᠲᠡᠨ ᠡᠷᠳᠡᠮᠲᠡᠳ᠎ᠠᠴᠠ ᠠᠰᠠᠭᠤᠨ ᠯᠠᠪᠯᠠᠵᠤ᠂ ᠬᠡᠰᠡᠭ ᠰᠡᠵᠢᠭ᠎ᠲᠠᠢ ᠦᠭᠡ ᠥᠭᠦᠯᠡᠪᠦᠷᠢ ᠵᠢ ᠦᠡᠭᠭᠡᠷᠡᠭᠰᠡᠨ᠎ᠤ ᠲᠡᠮᠳᠡᠭᠯᠡᠯᠯᠦᠭᠡ ᠨᠠᠷᠢᠨ ᠨᠢᠬᠳᠠ ᠬᠠᠷᠭᠤᠭᠤᠯᠤᠨ᠂ ᠭᠠᠵᠠᠷ᠎ᠤᠨ ᠨᠡᠷᠡᠰ᠎ᠤᠨ ᠮᠠᠲ᠋ᠧᠷᠢᠶᠠᠯ᠎ᠢ ᠴᠤᠭᠯᠠᠭᠤᠯᠬᠤ ᠠᠷᠭ᠎ᠠ ᠵᠠᠮ᠎ᠢ ᠥᠷᠭᠡᠳᠬᠡᠪᠡ᠃ ᠲᠤᠰᠬᠠᠢ ᠮᠡᠷᠭᠡᠵᠢᠯᠲᠡᠨ ᠵᠶ᠋ᠡᠷ ᠭᠤᠷᠪᠠᠨᠳᠠ ᠰᠢᠯᠭ᠋ᠠᠵᠤ ᠨᠤᠳᠠᠯᠠᠭᠤᠯᠤᠭ᠋ᠠᠳ ᠡᠬᠡ ᠪᠢᠴᠢᠭ᠎ᠢ ᠤᠯᠠᠨᠳᠠ ᠵᠠᠰᠠᠨ ᠵᠠᠯᠠᠷᠠᠭᠤᠯᠵᠤ᠂᠂ ᠪᠦᠲᠦᠴᠡ᠎ᠨᠢ ᠵᠦᠢ ᠵᠣᠬᠢᠰᠲᠠᠢ᠂ ᠦᠭᠡ ᠬᠡᠯᠡ᠎ᠨᠢ ᠨᠠᠷᠢᠯᠢᠭ᠂ ᠲᠠᠢ᠌ᠯᠪᠤᠷᠢᠯᠠᠯᠲᠠ᠎ᠨᠢ ᠣᠨᠣᠪᠴᠢᠲᠠᠶ ᠪᠠᠢ᠌ᠬᠤ ᠱᠠᠭ᠋ᠠᠷᠳᠠᠯᠭ᠎ᠠ᠎ᠳᠤ ᠦᠨᠳᠦᠰᠦᠨ᠎ᠳᠤ᠎ᠪᠠᠨ ᠨᠡᠢ᠌ᠴᠡᠬᠡᠳ ᠨᠢᠮᠪᠠᠢ ᠵᠠᠰᠠᠬᠤ ᠣᠪᠣᠷ ᠵᠶ᠋ᠠᠷ ᠭᠠᠵᠠᠷ᠎ᠤᠨ ᠨᠡᠷᠡᠰ᠎ᠤᠨ ᠰᠣᠳᠣᠨ ᠪᠦᠲᠦᠭᠡᠯ᠎ᠢ ᠲᠤᠭᠤᠷᠪᠢᠬᠤ ᠶᠤᠰᠤᠳᠠᠢ ᠬᠡᠳᠡᠭ ᠶᠤᠰᠤ ᠤᠴᠢᠷ᠎ᠢ ᠪᠤᠳᠠᠳᠤ ᠠᠵᠢᠯᠯᠠᠭ᠎ᠠ᠎ᠪᠠᠷ ᠲᠠᠢ᠌ᠯᠪᠤᠷᠢᠯᠠᠭᠰᠠᠨ ᠪᠠᠢ᠌ᠨ᠎ᠠ᠃
ᠵᠠᠡᠭᠬᠢᠯᠠᠭ᠎ᠠ ᠵᠢ ᠠᠳᠬᠤᠵᠤ᠂ ᠣᠨᠴᠠᠯᠢᠭ᠎ᠢ ᠳᠣᠪᠣᠶ᠋ᠢᠯᠭ᠋ᠠᠬᠤ ᠪᠣᠯ ᠭᠠᠵᠠᠷ᠎ᠤᠨ ᠨᠡᠷᠡᠰ᠎ᠤᠨ ᠣᠢ᠌ᠯᠠᠯᠭ᠎ᠠ ᠨᠠᠢ᠌ᠷᠠᠭᠤᠯᠬᠤ ᠭᠣᠣᠯ ᠵᠢᠷᠤᠮᠯᠠᠯ ᠪᠤᠯᠤᠨ᠎ᠠ
ᠨᠢᠭᠡ᠎ᠳᠤ᠂ ᠵᠠᠡᠭᠭᠢᠯᠠᠭ᠎ᠠ ᠵᠢ ᠠᠳᠬᠤᠵᠤ ᠤᠨᠴᠠᠯᠢᠭ᠎ᠢ ᠲᠤᠪᠤᠢ᠌ᠯᠭ᠋ᠠᠬᠤ ᠶᠡᠷᠦᠩᠬᠡᠢ ᠬᠥᠲᠥᠯᠪᠦᠷᠢ ᠵᠢ ᠪᠠᠷᠢᠮᠲᠠᠯᠠᠪᠠ᠃ ᠭᠠᠵᠠᠷ᠎ᠤᠨ ᠨᠡᠷᠡᠰ᠎ᠤᠨ ᠣᠢ᠌ᠯᠠᠯᠭ᠎ᠠ ᠵᠢ ᠨᠠᠢ᠌ᠷᠠᠭᠤᠯᠬᠤ᠎ᠳᠤ ᠡᠩ᠎ᠤᠨ ᠣᠷᠣᠨ ᠨᠤᠲᠤᠭ᠎ᠤᠨ ᠣᠢ᠌ᠯᠠᠯᠭ᠎ᠠ ᠵᠢ ᠨᠠᠢ᠌ᠷᠠᠭᠤᠯᠬᠤ ᠳᠦᠷᠢᠮᠵᠢᠯ᠎ᠢ ᠵᠢᠷᠤᠮᠯᠠᠬᠤ᠎ᠪᠠᠷ ᠪᠠᠷᠠᠬᠤ ᠦᠭᠡᠢ ᠪᠠᠰᠠ ᠥᠪᠡᠷᠮᠢᠴᠡ ᠬᠡᠯᠪᠡᠷᠢ ᠵᠢᠨ ᠱᠠᠭ᠋ᠠᠷᠳᠠᠯᠭ᠎ᠠ᠎ᠲᠠᠢ ᠪᠠᠢ᠌ᠳᠠᠭ᠃ 《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠣᠢ᠌ᠯᠠᠯᠭ᠎ᠠ》 ᠵᠢ ᠨᠠᠢ᠌ᠷᠠᠭᠤᠯᠬᠤ ᠠᠵᠢᠯ᠎ᠨᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠠᠷᠢᠮᠵᠢᠶᠠᠲᠤ ᠭᠠᠵᠠᠷ᠎ᠤᠨ ᠨᠡᠷᠡᠰ᠎ᠤᠨ ᠣᠢ᠌ᠯᠠᠯᠭ᠎ᠠ ᠨᠠᠢ᠌ᠷᠠᠭᠤᠯᠬᠤ ᠬᠥᠲᠥᠯᠪᠦᠷᠢ》᠎ᠪᠠᠷ ᠵᠢᠯᠣᠭᠣᠳᠤᠯᠭ᠎ᠠ ᠪᠣᠯᠭ᠋ᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠢ᠌ᠮᠠᠭ ᠬᠣᠲᠠ ᠪᠠ ᠬᠣᠰᠢᠭᠤ ᠰᠢᠶᠠᠨ᠎ᠤ ᠭᠠᠵᠠᠷ᠎ᠤᠨ ᠨᠡᠷᠡᠰ᠎ᠤᠨ ᠣᠢ᠌ᠯᠠᠯᠭ᠎ᠠ ᠨᠠᠢ᠌ᠷᠠᠭᠤᠯᠬᠤ ᠬᠥᠲᠥᠯᠪᠦᠷᠢ》 ᠵᠢᠨ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠬᠥᠲᠥᠯᠪᠦᠷᠢ ᠵᠢᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠪᠦᠲᠦᠴᠡ ᠵᠢ ᠨᠠᠢ᠌ᠷᠠᠭᠤᠯᠤᠨ ᠵᠢᠭᠰᠠᠭ᠋ᠠᠬᠤ ᠪᠠ ᠬᠡᠪᠯᠡᠯ᠎ᠤᠨ ᠬᠡᠯᠪᠡᠷᠢ᠎ᠪᠠᠷ ᠲᠦᠯᠦᠪᠯᠡᠭᠰᠡᠨ ᠪᠠᠢ᠌ᠨ᠎ᠠ᠃ ᠭᠠᠵᠠᠷ᠎ᠤᠨ ᠨᠡᠷᠡᠰ᠎ᠢ ᠵᠤᠷᠪᠤᠰ᠎ᠲᠤ ᠤᠷᠤᠭᠤᠯᠬᠤ ᠪᠠ ᠲᠠᠢ᠌ᠯᠪᠤᠷᠢ᠎ᠤᠨ ᠠᠭᠤᠯᠭ᠎ᠠ ᠵᠢ ᠴᠥᠮ ᠬᠥᠲᠥᠯᠪᠦᠷᠢ᠎ᠪᠠᠷ ᠵᠢᠷᠤᠮᠯᠠᠯ ᠪᠣᠯᠭ᠋ᠠᠵᠤ᠂ ᠱᠠᠲᠤ ᠱᠠᠲᠤ᠎ᠪᠠᠷ ᠨᠢᠮᠪᠠᠢ ᠰᠢᠯᠢᠵᠤ ᠲᠤᠬᠳᠠᠭ᠋ᠠᠪᠠ᠃ ᠬᠣᠶᠠᠷ᠎ᠲᠤ᠂ ᠤᠯᠠᠭ᠋ᠠᠨᠬᠠᠳᠠ ᠣᠷᠣᠨ᠎ᠤ ᠭᠠᠵᠠᠷ ᠣᠷᠣᠨ᠎ᠤ ᠣᠨᠴᠠᠯᠢᠭ ᠪᠠ ᠦᠨᠳᠦᠰᠦᠲᠡᠨ᠎ᠤ ᠰᠣᠶᠣᠯ᠎ᠢ ᠲᠤᠰᠬᠠᠬᠤ ᠵᠢ ᠴᠢᠬᠤᠯᠠᠴᠢᠯᠠᠪᠠ᠃ ᠭᠠᠵᠠᠷ᠎ᠤᠨ ᠨᠡᠷᠡᠰ᠎ᠢ ᠵᠤᠷᠪᠤᠰᠯᠠᠬᠤᠳᠤᠪᠠᠨ ᠬᠥᠲᠥᠯᠪᠦᠷᠢ ᠵᠢᠨ ᠱᠠᠭ᠋ᠠᠷᠳᠠᠯᠭ᠎ᠠ ᠵᠢᠨ ᠬᠠᠷᠢᠴᠠᠯ ᠵᠶ᠋ᠠᠷ ᠣᠷᠣᠭᠤᠯᠬᠤ ᠵᠢᠨ ᠬᠠᠮᠲᠤ ᠪᠠᠰᠠ ᠣᠷᠣᠨ ᠨᠤᠲᠤᠭ᠎ᠤᠨ ᠣᠨᠴᠠᠯᠢᠭ᠎ᠢ ᠬᠠᠮᠲᠤᠳᠤᠨᠢ ᠬᠠᠷᠠᠭ᠋ᠠᠯᠵᠠᠵᠤ᠂ ᠤᠯᠠᠭ᠋ᠠᠨᠬᠠᠳᠠ ᠣᠷᠣᠨ᠎ᠤ ᠭᠠᠵᠠᠷ᠎ᠤᠨ ᠨᠡᠷᠡᠰ᠎ᠤᠨ ᠰᠣᠶᠣᠯ᠎ᠤᠨ ᠣᠨᠴᠠᠯᠢᠭ᠎ᠢ ᠲᠤᠰᠬᠠᠵᠤ ᠳᠡᠶ᠋ᠢᠯᠬᠦ ᠭᠠᠵᠠᠷ᠎ᠤᠨ ᠨᠡᠷ᠎ᠡ ᠵᠢ ᠭᠣᠣᠯᠳᠠᠯᠭ᠎ᠠ᠎ᠲᠠᠢ ᠰᠣᠩᠭᠣᠨ᠂ ᠠᠳᠠᠯᠢ ᠭᠠᠵᠠᠷ ᠣᠷᠣᠨ᠎ᠤ ᠠᠳᠠᠯᠢ ᠪᠤᠶᠤ ᠠᠳᠠᠯᠢᠪᠲᠤᠷ ᠭᠠᠵᠠᠷ᠎ᠤᠨ ᠨᠡᠷᠡᠰ ᠤᠯᠠᠨᠳᠠ ᠲᠠᠪᠬᠤᠴᠠᠬᠤ᠎ᠠᠴᠠ ᠵᠠᠢ᠌ᠯᠠᠰᠬᠢᠨ᠂ ᠭᠠᠵᠠᠷ᠎ᠤᠨ ᠨᠡᠷᠡᠰ᠎ᠤᠨ ᠤᠢ᠌ᠯᠠᠯᠭ᠎ᠠ ᠵᠢᠨ ᠦᠭᠡ ᠥᠭᠦᠯᠡᠪᠦᠷᠢ ᠵᠢᠨ ᠬᠠᠮᠤᠷᠬᠤ ᠬᠡᠪᠴᠢᠶ᠎ᠡ ᠵᠢ ᠥᠷᠭᠡᠳᠬᠡᠵᠦ᠂ ᠭᠠᠵᠠᠷ᠎ᠤᠨ ᠨᠡᠷᠡᠰ᠎ᠤᠨ ᠤᠢ᠌ᠯᠠᠯᠭ᠎ᠠ ᠵᠢᠨ ᠰᠣᠶᠣᠯ᠎ᠤᠨ ᠠᠭᠤᠯᠤᠭᠳᠠᠬᠤᠨ᠎ᠢ ᠪᠠᠶᠠᠯᠢᠭᠵᠢᠭᠤᠯᠪᠠ᠃ ᠰᠣᠩᠭᠣᠨ ᠨᠠᠢ᠌ᠷᠠᠭᠤᠯᠬᠤ ᠶᠠᠪᠤᠴᠠ᠎ᠳᠤ ᠤᠯᠠᠭ᠋ᠠᠨᠬᠠᠳᠠ ᠬᠣᠲᠠ ᠵᠢᠨ ᠭᠠᠵᠠᠷ ᠣᠷᠣᠨ᠎ᠤ ᠣᠨᠴᠠᠯᠢᠭ ᠪᠠ ᠦᠨᠳᠦᠰᠦᠲᠡᠨ᠎ᠤ ᠰᠣᠶᠣᠯ᠎ᠤᠨ ᠣᠨᠴᠠᠯᠢᠭ᠎ᠲᠠᠢ ᠤᠶᠠᠯᠳᠤᠭᠤᠯᠤᠨ᠂ 1400 ᠭᠠᠷᠤᠢ ᠮᠣᠩᠭᠣᠯ ᠭᠠᠵᠠᠷ᠎ᠤᠨ ᠨᠡᠷᠡᠰ ᠵᠡᠷᠭᠡ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷ᠎ᠡ ᠵᠢ ᠣᠷᠣᠭᠤᠯᠤᠭᠰᠠᠨ ᠪᠥᠭᠡᠳ ᠦᠭᠡ ᠥᠭᠦᠯᠡᠪᠦᠷᠢ᠎ᠳᠤ ᠴᠥᠮ ᠮᠣᠩᠭᠣᠯ ᠬᠡᠯᠡᠨ᠎ᠤ ᠲᠠᠢ᠌ᠯᠪᠤᠷᠢ ᠬᠠᠳᠠᠬᠰᠠᠨ ᠪᠠᠢ᠌ᠨ᠎ᠠ᠃ ᠭᠤᠷᠪᠠ᠎ᠳᠤ᠂ ᠭᠠᠵᠠᠷ᠎ᠤᠨ ᠨᠡᠷᠡᠰ᠎ᠤᠨ ᠣᠢ᠌ᠯᠠᠯᠭ᠎ᠠ ᠵᠢ ᠤᠯᠠᠮᠵᠢᠯᠠᠨ ᠲᠠᠷᠬᠠᠭ᠋ᠠᠬᠤ ᠠᠷᠭ᠎ᠠ ᠵᠠᠮ᠎ᠢ ᠰᠦᠯᠵᠢᠶᠡᠨ ᠲᠡᠬᠡᠷ᠎ᠡ ᠲᠦᠭᠡᠮᠡᠯᠵᠢᠭᠦᠯᠵᠦ ᠪᠠᠢ᠌ᠭ᠎ᠠ ᠦᠨᠤᠳᠤᠷ ᠣᠯᠠᠨ ᠲᠦᠮᠡᠨ᠎ᠤ ᠭᠠᠵᠠᠷ᠎ᠤᠨ ᠨᠡᠷᠡᠰ᠎ᠤᠨ ᠣᠢ᠌ᠯᠠᠯᠭ᠎ᠠ ᠵᠢ ᠤᠩᠰᠢᠬᠤ᠎ᠳᠤ ᠲᠥᠬᠥᠮ ᠦᠵᠡᠭᠦᠯᠵᠦ᠂ ᠭᠠᠵᠠᠷ᠎ᠤᠨ ᠨᠡᠷᠡᠰ᠎ᠤᠨ ᠣᠢ᠌ᠯᠠᠯᠭ᠎ᠠ ᠵᠢ ᠳᠡᠯᠭᠡᠷᠡᠭᠦᠯᠬᠦ ᠬᠡᠪᠴᠢᠶ᠎ᠡ ᠵᠢ ᠥᠷᠭᠡᠳᠬᠡᠬᠦ ᠵᠢᠨ ᠲᠥᠯᠥᠭᠡ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠴᠠᠭ᠋ᠠᠰᠤᠨ ᠨᠣᠮ ᠬᠡᠪᠯᠡᠬᠦ ᠵᠢᠨ ᠬᠠᠮᠲᠤ ᠡᠯᠧᠺᠲᠷᠣᠨ ᠬᠡᠪᠯᠡᠯ᠎ᠤᠨ 《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠣᠢ᠌ᠯᠠᠯᠭ᠎ᠠ》 ᠵᠢ ᠵᠡᠷᠭᠡ᠎ᠪᠠᠷ ᠰᠦᠯᠵᠢᠶᠡᠨ᠎ᠳᠤ ᠣᠷᠣᠭᠤᠯᠵᠤ᠂ ᠤᠩᠰᠢᠭᠴᠢᠳ᠎ᠤᠨ ᠤᠩᠰᠢᠵᠤ ᠣᠢ᠌ᠯᠠᠭ᠋ᠠᠬᠤ ᠲᠦᠬᠦᠮ ᠦᠵᠡᠬᠦᠯᠦᠭᠰᠡᠨ ᠮᠥᠷᠲᠡᠭᠡᠨ ᠭᠠᠵᠠᠷ᠎ᠤᠨ ᠨᠡᠷᠡᠰ᠎ᠤᠨ ᠣᠢ᠌ᠯᠠᠯᠭ᠎ᠠ ᠵᠢ ᠠᠷᠠᠳ᠎ᠤᠨ ᠭᠠᠷ᠎ᠲᠤ ᠰᠢᠭᠤᠳ ᠬᠦᠷᠭᠡᠵᠤ ᠴᠢᠳᠠᠬᠰᠠᠨ ᠪᠠᠢ᠌ᠨ᠎ᠠ᠃
ᠶᠡᠬᠡ ᠳᠡᠭᠡᠳᠦ ᠰᠤᠷᠭ᠋ᠠᠭᠤᠯᠢ᠎ᠨᠤᠭᠤᠳ᠎ᠲᠠᠢ ᠬᠤᠯᠪᠤᠭ᠎ᠠ ᠪᠠᠷᠢᠵᠤ᠂ ᠣᠶᠤᠨ ᠤᠬᠠᠭ᠋ᠠᠨ᠎ᠢ᠎ᠨᠢ ᠠᠰᠢᠭᠯᠠᠬᠤ ᠪᠣᠯ ᠭᠠᠵᠠᠷ᠎ᠤᠨ ᠨᠡᠷᠡᠰ᠎ᠤᠨ ᠰᠤᠳᠤᠨ ᠣᠢ᠌ᠯᠠᠯᠭ᠎ᠠ ᠪᠦᠳᠦᠬᠡᠬᠦ ᠵᠢᠨ ᠨᠠᠢ᠌ᠳᠠᠪᠤᠷᠢᠳᠠᠢ ᠲᠦᠰᠢᠭ ᠶᠤᠮ
ᠨᠢᠭᠡ᠎ᠳᠤ᠂ ᠳᠡᠭᠡᠳᠦ ᠰᠤᠷᠭ᠋ᠠᠭᠤᠯᠢ᠎ᠯᠤᠭ᠎ᠠ ᠵᠢᠨ ᠬᠠᠮᠲᠤᠷᠠᠯᠴᠠᠭ᠎ᠠ ᠵᠢ ᠢᠳᠡᠪᠬᠢᠲᠡᠢ ᠦᠷᠨᠢᠬᠦᠯᠪᠡ᠃ ᠨᠠᠢ᠌ᠷᠠᠭᠤᠯᠬᠤ ᠠᠵᠢᠯ᠎ᠢ ᠪᠣᠳᠠᠲᠠᠢ ᠬᠡᠷᠡᠭᠵᠢᠭᠦᠯᠬᠦ ᠲᠠᠯ᠎ᠠ᠎ᠪᠠᠷ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ᠎ᠤᠨ ᠵᠶ᠋ᠡᠨ ᠪᠣᠳᠠᠲᠠᠢ ᠵᠢ ᠦᠨᠳᠦᠰᠦᠯᠡᠨ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠲᠤᠰᠬᠠᠢ ᠮᠡᠷᠭᠡᠵᠢᠯᠲᠡᠨ ᠡᠷᠳᠡᠮᠲᠡᠨ᠎ᠤ ᠪᠦᠯᠬᠦᠮ᠎ᠲᠠᠢ ᠬᠠᠮᠲᠤᠷᠠᠯᠴᠠᠵᠤ᠂ ᠭᠠᠵᠠᠷ᠎ᠤᠨ ᠨᠡᠷᠡᠰ᠎ᠤᠨ ᠣᠢ᠌ᠯᠠᠯᠭ᠎ᠠ ᠵᠢ ᠨᠠᠢ᠌ᠷᠠᠭᠤᠯᠤᠨ ᠬᠡᠪᠯᠡᠵᠦ ᠲᠠᠷᠬᠠᠭ᠋ᠠᠬᠤ ᠡᠯ᠎ᠡ ᠵᠦᠢ᠍ᠯ᠎ᠤᠨ ᠠᠵᠢᠯ᠎ᠢ ᠪᠣᠳᠠᠲᠠᠢ ᠬᠠᠷᠢᠴᠠᠭᠤᠯᠪᠠ᠃ ᠲᠣᠰ ᠪᠦᠯᠬᠦᠮ᠎ᠨᠢ ᠨᠣᠮ ᠪᠢᠴᠢᠭ ᠬᠡᠪᠯᠡᠨ ᠲᠠᠷᠬᠠᠭ᠋ᠠᠬᠤ ᠡᠯᠪᠡᠭ ᠪᠠᠶᠠᠯᠢᠭ ᠲᠤᠷᠰᠢᠯᠭ᠎ᠠ᠎ᠲᠠᠢ᠂ ᠢᠯᠠᠩᠭᠤᠶ᠎ᠠ ᠮᠣᠩᠭᠣᠯ ᠬᠡᠯᠡᠨ᠎ᠤ ᠰᠤᠳᠤᠯᠭ᠋ᠠᠨ᠎ᠤ ᠲᠠᠯ᠎ᠠ᠎ᠪᠠᠷ ᠨᠡᠯᠢᠶᠡᠳ ᠥᠨᠳᠥᠷ ᠲᠤᠰᠬᠠᠢ ᠮᠡᠷᠭᠡᠵᠢᠯ᠎ᠤᠨ ᠲᠦᠪᠰᠢᠨ᠎ᠲᠠᠢ ᠪᠠᠢ᠌ᠳᠠᠭ᠃ ᠨᠡᠷ᠎ᠡ ᠲᠣᠮᠢᠶ᠎ᠠ ᠵᠢᠨ ᠵᠤᠷᠪᠤᠰ᠎ᠲᠤ᠎ᠬᠢ ᠮᠣᠩᠭᠣᠯ ᠬᠡᠯᠡᠨ᠎ᠤ ᠣᠷᠴᠢᠭᠤᠯᠭ᠎ᠠ ᠪᠠ ᠮᠣᠩᠭᠣᠯ ᠬᠡᠯᠡᠨ᠎ᠤ ᠭᠠᠵᠠᠷ᠎ᠤᠨ ᠨᠡᠷᠡᠰ᠎ᠤᠨ ᠲᠠᠰᠢᠶᠠᠷᠠᠯᠢ ᠵᠠᠯᠠᠷᠠᠭᠤᠯᠬᠤ ᠠᠵᠢᠯ᠎ᠢ ᠪᠣᠯᠪᠠᠰᠤᠷᠠᠩᠭᠤᠢ ᠥᠷᠨᠢᠭᠦᠯᠵᠦ᠂ ᠨᠠᠢ᠌ᠷᠠᠭᠤᠯᠬᠤ ᠪᠦᠯᠬᠦᠮ᠎ᠤᠨ ᠮᠣᠩᠭᠣᠯ ᠬᠡᠯᠡᠨ᠎ᠤ ᠲᠤᠰᠬᠠᠢ ᠮᠡᠷᠭᠡᠵᠢᠯᠲᠡᠨ ᠳᠤᠲᠠᠭᠳᠠᠵᠤ ᠪᠠᠢ᠌ᠭ᠎ᠠ ᠳᠤᠲᠠᠭᠤᠳᠠᠯ᠎ᠢ ᠨᠥᠬᠥᠪᠦᠷᠢᠯᠡᠪᠡ᠃ ᠬᠣᠶᠠᠷ᠎ᠲᠤ᠂ ᠲᠤᠰᠬᠠᠢ ᠮᠡᠷᠭᠡᠵᠢᠯᠲᠡᠨ᠎ᠤ ᠪᠦᠯᠬᠦᠮ ᠪᠠᠢ᠌ᠭᠤᠯᠵᠤ ᠬᠠᠷᠭᠤᠭᠤᠯᠵᠤ ᠭᠡᠷᠡᠴᠢᠯᠡᠬᠦ ᠠᠵᠢᠯ᠎ᠢ ᠴᠢᠡᠭᠭ᠋ᠠᠳᠬᠠᠪᠠ᠃ ᠭᠠᠵᠠᠷ᠎ᠤᠨ ᠨᠡᠷᠡᠰ᠎ᠤᠨ ᠵᠤᠷᠪᠤᠰ᠎ᠢ ᠴᠤᠭᠯᠠᠭᠤᠯᠤᠨ ᠡᠮᠬᠢᠳᠬᠡᠬᠦ ᠶᠠᠪᠤᠴᠠ᠎ᠳᠤ ᠵᠠᠷᠢᠮ ᠭᠠᠵᠠᠷ᠎ᠤᠨ ᠨᠡᠷᠡᠰ᠎ᠤᠨ ᠤᠳᠬ᠎ᠠ᠂ ᠢᠷᠡᠯᠲᠡ᠎ᠳᠤ ᠣᠯᠠᠨ ᠵᠦᠢ᠍ᠯ᠎ᠤᠨ ᠲᠠᠢ᠌ᠯᠪᠤᠷᠢᠯᠠᠯᠲᠠ ᠣᠷᠣᠰᠢᠵᠤ᠂ ᠵᠠᠷᠢᠮ ᠭᠠᠵᠠᠷ᠎ᠤᠨ ᠨᠡᠷᠡᠰ᠎ᠤᠨ ᠲᠠᠢ᠌ᠯᠪᠤᠷᠢᠯᠠᠯᠲᠠ᠎ᠨᠢ ᠲᠣᠳᠣᠷᠬᠠᠢ ᠪᠤᠰᠤ ᠪᠤᠶᠤ ᠮᠠᠳᠠᠭ᠎ᠲᠠᠢ ᠵᠦᠢ᠍ᠯ ᠤᠷᠤᠰᠢᠬᠤ ᠲᠤᠯᠨ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠲᠣᠰ ᠭᠠᠵᠠᠷ᠎ᠤᠨ ᠵᠶ᠋ᠠᠨ ᠭᠠᠵᠠᠷ᠎ᠤᠨ ᠨᠡᠷᠡᠰ᠎ᠤᠨ ᠠᠵᠢᠯ᠎ᠤᠨ 5 ᠲᠤᠰᠬᠠᠢ ᠮᠡᠷᠭᠡᠵᠢᠯᠲᠡᠨ ᠡᠷᠳᠡᠮᠲᠡᠨ᠎ᠢ ᠲᠤᠰᠬᠠᠢ᠌ᠯᠠᠨ ᠤᠷᠢᠵᠤ᠂ ᠭᠠᠵᠠᠷ᠎ᠤᠨ ᠨᠡᠷᠡᠰ᠎ᠢ ᠰᠢᠯᠭ᠋ᠠᠨ ᠭᠡᠷᠡᠴᠢᠯᠡᠬᠦ ᠲᠤᠰᠬᠠᠢ ᠮᠡᠷᠭᠡᠵᠢᠯᠲᠡᠨ᠎ᠤ ᠪᠦᠯᠬᠦᠮ᠎ᠢ ᠪᠠᠢ᠌ᠭᠤᠯᠵᠤ᠂ ᠮᠠᠳᠠᠭ᠎ᠲᠠᠢ ᠭᠠᠵᠠᠷ᠎ᠤᠨ ᠨᠡᠷᠡᠰ᠎ᠢ ᠬᠢᠨᠠᠨ ᠬᠠᠷᠭᠤᠭᠤᠯᠵᠤ ᠭᠡᠷᠡᠴᠢᠯᠡᠬᠦ ᠠᠵᠢᠯ᠎ᠢ ᠲᠤᠰᠬᠠᠢ᠌ᠯᠠᠨ ᠬᠠᠷᠢᠭᠤᠴᠠᠭᠤᠯᠪᠠ᠃ ᠲᠤᠰᠬᠠᠢ ᠮᠡᠷᠭᠡᠵᠢᠯᠲᠡᠳ ᠰᠤᠳᠤᠷ ᠪᠢᠴᠢᠭ᠎ᠤᠨ ᠲᠠᠩᠰᠠ ᠡᠪᠬᠡᠮᠡᠯ᠎ᠢ ᠪᠠᠢ᠌ᠴᠠᠭ᠋ᠠᠨ ᠦᠵᠡᠬᠦ ᠪᠠ ᠲᠤᠬᠠᠢ ᠵᠢᠨ ᠭᠠᠵᠠᠷ᠎ᠲᠤᠨᠢ ᠰᠤᠷᠪᠤᠯᠵᠢᠯᠠᠬᠰᠠᠨ ᠰᠠᠭᠤᠷᠢᠨ ᠲᠡᠬᠡᠷ᠎ᠡ ᠮᠠᠳᠠᠭ᠎ᠲᠠᠢ ᠦᠭᠡ ᠥᠭᠦᠯᠡᠪᠦᠷᠢ ᠵᠢ ᠨᠤᠲᠠᠯᠠᠬᠤ ᠬᠤᠷᠠᠯ᠎ᠢ ᠠᠷᠪᠠ ᠭᠠᠷᠤᠢ ᠤᠳᠠᠭ᠎ᠠ ᠬᠤᠷᠠᠯᠳᠤᠭᠤᠯᠵᠤ᠂ 79 ᠨᠡᠷ᠎ᠡ ᠲᠣᠮᠢᠶ᠎ᠠ ᠵᠢ ᠬᠢᠨᠠᠨ ᠬᠠᠷᠭᠤᠭᠤᠯᠵᠤ ᠵᠠᠯᠠᠷᠠᠭᠤᠯᠤᠭᠰᠠᠨ ᠪᠠ ᠲᠡᠭᠦᠯᠳᠡᠷᠵᠢᠭᠦᠯᠦᠭᠰᠡᠨ ᠪᠠᠢ᠌ᠨ᠎ᠠ᠃ ᠡᠢ᠌ᠨ ᠬᠦ᠌ ᠬᠢᠨᠠᠮᠠᠭ᠋ᠠᠢ ᠪᠦᠬᠡᠳ ᠪᠣᠳᠠᠲᠠᠢ ᠵᠢ ᠡᠷᠬᠢᠮᠯᠡᠬᠦ ᠡᠷᠳᠡᠮ ᠰᠢᠨᠵᠢᠯᠡᠭᠡᠨ᠎ᠤ ᠣᠪᠣᠷ ᠵᠶ᠋ᠠᠷ ᠭᠠᠵᠠᠷ᠎ᠤᠨ ᠨᠡᠷᠡᠰ᠎ᠤᠨ ᠲᠠᠢ᠌ᠯᠪᠤᠷᠢᠯᠠᠯᠲᠠ ᠵᠢᠨ ᠰᠢᠨᠵᠢᠯᠡᠬᠦ ᠤᠬᠠᠭ᠋ᠠᠨᠴᠢ᠂ ᠤᠨᠤᠪᠴᠢᠳᠠᠢ ᠪᠠᠢ᠌ᠬᠤ ᠵᠢ ᠪᠠᠳᠤᠯᠠᠵᠤ ᠴᠢᠳᠠᠯ᠎ᠠ᠃
ᠭᠠᠵᠠᠷ᠎ᠤᠨ ᠨᠡᠷᠡᠰ᠎ᠤᠨ ᠣᠢ᠌ᠯᠠᠯᠭ᠎ᠠ ᠵᠢ ᠨᠠᠢ᠌ᠷᠠᠭᠤᠯᠬᠤ ᠪᠣᠯ ᠲᠤᠰᠬᠠᠢ ᠮᠡᠷᠭᠡᠵᠢᠯ᠎ᠤᠨ ᠴᠢᠨᠠᠷ ᠵᠶ᠋ᠠᠷ ᠴᠢᠩᠭ᠎ᠠ᠂ ᠬᠡᠪᠴᠢᠶ᠎ᠡ᠎ᠪᠠᠷ ᠦᠯᠡᠮᠵᠢ ᠶᠡᠬᠡ ᠰᠢᠰᠲ᠋ᠧᠮᠲᠦ ᠢᠨᠵᠧᠨᠧᠷᠢᠩ ᠮᠥᠨ᠂ ᠡᠯ᠎ᠡ ᠲᠠᠯ᠎ᠠ ᠵᠢᠨ᠎ᠬᠢᠨ᠎ᠤ ᠬᠠᠮᠲᠤ ᠵᠢᠨ ᠴᠢᠷᠮᠠᠢ᠌ᠯᠭ᠎ᠠ ᠵᠣᠬᠢᠴᠠᠭᠤᠯᠭ᠎ᠠ ᠬᠠᠮᠵᠢᠯᠴᠠᠭ᠎ᠠ᠎ᠪᠠᠷ 《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠣᠢ᠌ᠯᠠᠯᠭ᠎ᠠ》 ᠵᠢ ᠤᠷᠤᠭᠰᠢᠲᠠᠢ ᠬᠡᠪᠯᠡᠭᠦᠯᠦᠭᠰᠡᠨ ᠪᠥᠭᠡᠳ ᠪᠠᠷᠢᠮᠵᠢᠶᠠᠵᠢᠭᠤᠯᠤᠨ ᠰᠢᠢ᠍ᠳᠪᠦᠷᠢᠯᠡᠭᠰᠡᠨ ᠭᠠᠵᠠᠷ᠎ᠤᠨ ᠨᠡᠷᠡᠰ᠎ᠢ ᠬᠡᠪᠯᠡᠨ ᠨᠡᠢ᠌ᠳᠡᠯᠡᠭᠰᠡᠨ ᠶᠤᠮ᠃ ᠲᠣᠰ ᠠᠷᠭ᠎ᠠ᠎ᠨᠢ ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠵᠢᠷᠤᠮᠵᠢᠭᠰᠠᠨ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠭᠠᠵᠠᠷ᠎ᠤᠨ ᠨᠡᠷᠡᠰ᠎ᠤᠨ ᠰᠣᠶᠣᠯ᠎ᠢ ᠠᠭᠤᠳᠠᠯᠤᠨ ᠡᠮᠬᠢᠯᠡᠬᠦ᠂ ᠬᠠᠮᠠᠭ᠋ᠠᠯᠠᠨ ᠤᠯᠠᠮᠵᠢᠯᠠᠬᠤ ᠵᠢ ᠠᠬᠢᠭᠤᠯᠬᠤ ᠪᠣᠯᠣᠨ᠎ᠠ᠃ ᠡᠭᠦᠨ᠎ᠤ ᠬᠠᠮᠲᠤ ᠭᠠᠵᠠᠷ᠎ᠤᠨ ᠨᠡᠷᠡᠰ᠎ᠲᠤ ᠰᠢᠨ᠎ᠡ ᠴᠠᠭ ᠦᠶ᠎ᠡ ᠵᠢᠨ ᠠᠭᠤᠯᠬᠤᠨ ᠣᠯᠭᠣᠵᠤ᠂ ᠤᠯᠠᠭ᠋ᠠᠨᠬᠠᠳᠠ ᠬᠣᠲᠠ ᠵᠢᠨ ᠬᠥᠳᠡᠭᠡ ᠲᠣᠰᠬᠣᠨ᠎ᠤ ᠨᠠᠷᠠᠲᠤ ᠠᠵᠢᠯᠯᠠᠭ᠎ᠠ ᠵᠢ ᠠᠬᠢᠭᠤᠯᠬᠤ ᠳᠤᠮᠳᠠ ᠵᠢᠷᠤᠮᠵᠢᠯ᠎ᠤᠨ ᠴᠢᠨᠠᠷᠲᠠᠢ ᠤᠳᠤᠷᠢᠳᠤᠮᠵᠢ ᠵᠢᠨ ᠦᠢ᠍ᠯᠡᠳᠦᠯ᠎ᠢ ᠪᠠᠳᠠᠷᠠᠭᠤᠯᠵᠤ᠂ ᠭᠠᠵᠠᠷ᠎ᠤᠨ ᠨᠡᠷᠡᠰ᠎ᠤᠨ ᠲᠤᠬᠠᠢ ᠦᠢ᠍ᠯᠡᠴᠢᠯᠡᠭᠡ ᠵᠢ ᠦᠷᠭᠦᠯᠵᠢᠯᠡᠨ ᠭᠦᠨᠵᠡᠭᠡᠢ᠌ᠷᠡᠭᠦᠯᠬᠦ᠎ᠪᠠᠷ ᠳᠠᠮᠵᠢᠭᠤᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠬᠦᠴᠤᠨ ᠴᠢᠳᠠᠯ ᠵᠶ᠋ᠡᠨ ᠨᠠᠩ ᠰᠠᠢ᠌ᠨ ᠨᠡᠮᠡᠷᠢᠯᠡᠬᠦ᠎ᠨᠢ ᠯᠠᠪᠳᠠᠢ ᠶᠤᠮ᠃