ᠭᠠᠵᠠᠷ᠎ᠤᠨ ᠨᠡᠷᠡᠰ᠎ᠤᠨ ᠤᠳᠬ᠎ᠠ᠄
ᠦᠬᠠᠢ ᠬᠤᠳᠠ ᠵᠢᠨ ᠬᠢᠯᠢ ᠲᠤᠳᠤᠷᠠᠬᠢ ᠮᠠᠨᠪᠠ ᠷᠠᠰᠠᠡᠭ ᠰᠦᠮ᠎ᠡ ᠪᠠᠢ᠌ᠳᠠᠭ᠎ᠠᠴᠠ ᠢᠩᠭᠢᠵᠦ ᠨᠡᠷᠡᠯᠡᠵᠡᠢ᠃ 《ᠮᠠᠨᠪᠠ ᠷᠠᠰᠠᠡᠭ》 ᠪᠤᠯ ᠲᠥᠪᠡᠳ ᠬᠡᠯᠡ᠂ ᠡᠮᠨᠡᠯᠭᠡ ᠵᠢᠨ ᠰᠤᠷᠭ᠋ᠠᠭᠤᠯᠢ ᠭᠡᠰᠡᠨ ᠤᠳᠬ᠎ᠠ᠎ᠲᠠᠢ᠃
ᠭᠠᠵᠠᠷ ᠵᠦᠢ ᠵᠢᠨ ᠪᠠᠢ᠌ᠷᠢᠰᠢᠯ᠄
ᠷᠠᠰᠠᠡᠭ ᠰᠦᠮ᠎ᠡ ᠪᠠᠯᠭ᠋ᠠᠰᠤ᠎ᠨᠢ ᠦᠬᠠᠢ ᠬᠤᠳᠠ ᠵᠢᠨ ᠬᠠᠢ᠌ᠨᠠᠨ ᠲᠤᠭᠤᠷᠢᠭ᠎ᠤᠨ ᠪᠠᠷᠠᠭᠤᠨ ᠡᠮᠦᠨ᠎ᠡ ᠬᠡᠰᠡᠭ᠎ᠲᠤ ᠪᠠᠢ᠌ᠷᠢᠯᠠᠵᠤ᠂ ᠵᠡᠬᠦᠨ ᠲᠠᠯ᠎ᠠ᠎ᠪᠠᠷ ᠵᠶ᠋ᠡᠨ ᠬᠦᠨ ᠤᠰᠤ ᠪᠠᠯᠭ᠋ᠠᠰᠤ (公乌苏镇)᠎ᠲᠠᠢ ᠵᠠᠯᠭ᠋ᠠᠯᠳᠤᠵᠤ᠂ ᠡᠮᠦᠨ᠎ᠡ ᠪᠠ ᠪᠠᠷᠠᠭᠤᠨ ᠲᠠᠯ᠎ᠠ᠎ᠪᠠᠷ ᠵᠶ᠋ᠡᠨ ᠪᠠᠶᠠᠨᠲᠤᠬᠤᠢ ᠪᠠᠯᠭ᠋ᠠᠰᠤ᠎ᠲᠠᠢ ᠵᠠᠬ᠎ᠠ ᠨᠡᠢ᠌ᠯᠡᠵᠦ᠂ ᠤᠮᠠᠷᠠᠰᠢ᠎ᠪᠠᠨ ᠷᠠᠰᠠᠡᠭ ᠵᠦᠩ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠲᠠᠢ ᠵᠠᠬ᠎ᠠ ᠨᠡᠢ᠌ᠯᠡᠭᠰᠡᠨ ᠪᠠᠢ᠌ᠳᠠᠭ᠃
ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠄
ᠷᠠᠰᠠᠡᠭ ᠰᠦᠮ᠎ᠡ ᠪᠠᠯᠭ᠋ᠠᠰᠤ ᠪᠣᠯ ᠦᠬᠠᠢ ᠬᠣᠲᠠ ᠵᠢᠨ ᠬᠠᠢ᠌ᠨᠠᠨ ᠲᠣᠭᠣᠷᠢᠭ᠎ᠲᠤ ᠬᠠᠷᠢᠶᠠᠯᠠᠭᠳᠠᠵᠤ᠂ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ ᠤᠤᠯ᠎ᠤᠨ ᠮᠢᠨ ᠯᠧ ᠨᠡᠢ᠌ᠭᠡᠮ ᠲᠣᠭᠣᠷᠢᠭ᠎ᠲᠤ ᠪᠠᠢ᠌ᠷᠢᠯᠠᠨ᠎ᠠ᠃
ᠵᠠᠰᠠᠭ ᠵᠠᠬᠢᠷᠭ᠋ᠠᠨ᠎ᠤ ᠣᠷᠣᠨ᠎ᠤ ᠤᠯᠠᠷᠢᠯ ᠬᠤᠪᠢᠰᠤᠯ᠄
1955 ᠣᠨ᠎ᠳᠤ ᠷᠠᠰᠠᠡᠭ ᠰᠦᠮ᠎ᠡ ᠪᠠᠯᠭ᠋ᠠᠰᠤᠨ᠎ᠳᠤ ᠶᠡᠬᠡ ᠵᠤᠤ ᠠᠢ᠌ᠮᠠᠭ᠎ᠤᠨ ᠵᠦᠸᠸ ᠽᠢ ᠱᠠᠨ ᠠᠭᠤᠷᠬᠠᠢ ᠵᠢᠨ ᠣᠷᠣᠨ᠎ᠤ ᠬᠡᠷᠡᠭ ᠡᠷᠬᠢᠯᠡᠬᠦ ᠭᠠᠵᠠᠷ᠎ᠢ ᠪᠠᠢ᠌ᠭᠤᠯᠵᠠᠢ᠃ 1958 ᠣᠨ᠎ᠳᠤ ᠠᠭᠤᠷᠬᠠᠢ ᠵᠢᠨ ᠣᠷᠣᠨ᠎ᠤ ᠠᠷᠠᠳ᠎ᠤᠨ ᠵᠥᠪᠯᠡᠯ᠎ᠢ ᠪᠠᠢ᠌ᠭᠤᠯᠪᠠ᠃ 1961 ᠣᠨ᠎ᠳᠤ ᠷᠠᠰᠠᠡᠭ ᠰᠦᠮ᠎ᠡ ᠵᠢᠨ ᠬᠣᠲᠠ ᠵᠢᠨ ᠠᠷᠠᠳ᠎ᠤᠨ ᠨᠢᠭᠡᠳᠦᠯ᠎ᠢ ᠪᠠᠢ᠌ᠭᠤᠯᠵᠤ᠂ ᠳᠣᠣᠷ᠎ᠠ᠎ᠨᠢ ᠣᠯᠣᠮ ᠪᠠ ᠷᠠᠰᠠᠡᠭ ᠰᠦᠮ᠎ᠡ ᠭᠡᠬᠦ ᠬᠣᠶᠠᠷ ᠬᠠᠮᠢᠶᠠᠷᠤᠯᠲᠠ ᠵᠢᠨ ᠣᠷᠣᠨ᠎ᠢ ᠪᠠᠢ᠌ᠭᠤᠯᠵᠠᠢ᠃ 1976 ᠣᠨ᠎ᠳᠤ ᠦᠬᠠᠢ ᠬᠣᠲᠠ᠎ᠳᠤ ᠬᠠᠷᠢᠶᠠᠯᠠᠬᠳᠠᠪᠠ᠃ 1981 ᠣᠨ᠎ᠳᠤ ᠷᠠᠰᠠᠡᠭ ᠰᠦᠮ᠎ᠡ ᠵᠢᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠣᠯᠭ᠋ᠠᠨ ᠥᠭᠡᠷᠡᠴᠢᠯᠡᠪᠡ᠃ 2006 ᠣᠨ᠎ᠳᠤ ᠯᠣᠣ ᠱ᠌ᠢ ᠳ᠋ᠠᠨ ᠪᠠᠯᠭ᠋ᠠᠰᠤ ᠪᠠ ᠷᠠᠰᠠᠡᠭ ᠰᠦᠮ᠎ᠡ ᠵᠢᠨ ᠵᠡᠭᠡᠯᠢ ᠭᠤᠳᠤᠮᠵᠢ ᠬᠡᠷᠡᠭ ᠡᠷᠬᠢᠯᠡᠬᠦ ᠭᠠᠵᠠᠷ᠎ᠢ ᠨᠡᠢ᠌ᠯᠡᠭᠦᠯᠦᠭᠡᠳ ᠷᠠᠰᠠᠡᠭ ᠰᠦᠮ᠎ᠡ ᠪᠠᠯᠭ᠋ᠠᠰᠤ ᠵᠢ ᠪᠠᠢ᠌ᠭᠤᠯᠵᠠᠢ᠃
ᠵᠠᠰᠠᠭ ᠵᠠᠬᠢᠷᠭ᠋ᠠᠨ᠎ᠤ ᠣᠷᠣᠨ᠎ᠤ ᠲᠡᠦᠬᠡ ᠰᠣᠶᠣᠯ᠄
ᠷᠠᠰᠠᠡᠭ ᠰᠦᠮ᠎ᠡ ᠪᠠᠯᠭ᠋ᠠᠰᠤᠨ᠎ᠤ ᠲᠡᠦᠬᠡ ᠰᠣᠶᠣᠯ᠎ᠤᠨ ᠰᠠᠭᠤᠷᠢ ᠭᠦᠨ ᠵᠤᠵᠠᠭ᠋ᠠᠨ ᠪᠠᠢ᠌ᠵᠤ᠂ ᠬᠢᠯᠢ ᠵᠢᠨ ᠳᠣᠲᠣᠷ᠎ᠠ ᠮᠠᠨᠪᠠ ᠷᠠᠰᠠᠡᠭ ᠰᠦᠮ᠎ᠡ᠂ ᠴᠠᠷᠠᠮ᠎ᠤᠨ ᠬᠦᠨᠳᠡᠢ (雀尔沟岩画) ᠵᠢᠨ ᠬᠠᠳᠠᠨ ᠵᠢᠷᠤᠭ ᠪᠠ ᠴᠢᠨ ᠤᠯᠤᠰ᠎ᠤᠨ ᠤᠷᠲᠤ ᠴᠠᠭ᠋ᠠᠨ ᠬᠡᠷᠡᠮ ᠵᠡᠷᠭᠡ ᠲᠡᠦᠬᠡ ᠰᠣᠶᠣᠯ᠎ᠤᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠣᠷᠣᠨ᠎ᠲᠠᠢ ᠪᠠᠢ᠌ᠳᠠᠭ᠃ ᠮᠠᠨᠪᠠ ᠷᠠᠰᠠᠡᠭ ᠰᠦᠮ᠎ᠡ ᠪᠣᠯ ᠴᠢᠩ ᠤᠯᠤᠰ᠎ᠤᠨ ᠡᠶᠡᠪᠡᠷ ᠵᠠᠰᠠᠭᠴᠢ ᠵᠢᠨ ᠶᠢᠰᠦᠳᠦᠭᠡᠷ ᠣᠨ (1652 ᠣᠨ)᠎ᠳᠤ ᠪᠠᠢ᠌ᠭᠤᠯᠤᠭᠳᠠᠭᠰᠠᠨ ᠬᠠᠭᠤᠴᠢᠨ ᠵᠣᠣ ᠰᠦᠮ᠎ᠡ ᠵᠢᠨ ᠲᠠᠪᠤᠨ ᠷᠠᠰᠠᠡᠭ᠎ᠤᠨ ᠨᠢᠭᠡ ᠪᠣᠯᠬᠤ 《ᠮᠠᠨᠪᠠ ᠷᠠᠰᠠᠡᠭ》 ᠪᠠᠢ᠌ᠵᠤ᠂ 371 ᠵᠢᠯ᠎ᠤᠨ ᠲᠡᠦᠬᠡ᠎ᠲᠠᠢ᠃ ᠴᠢᠩ ᠤᠯᠤᠰ᠎ᠤᠨ ᠲᠡᠭᠷᠢ ᠲᠡᠳᠬᠦᠭᠴᠢ ᠵᠢᠨ ᠳᠥᠴᠢᠨ ᠭᠤᠷᠪᠠᠳᠤᠭ᠋ᠠᠷ ᠣᠨ (1778 ᠣᠨ)᠎ᠳᠤ ᠤᠳᠤᠭ᠎ᠤᠨ ᠳᠣᠯᠣᠳᠤᠭ᠋ᠠᠷ ᠵᠠᠰᠠᠭ ᠲᠤᠨᠤᠷᠤᠪᠰᠡᠷᠡᠡᠭ ᠮᠠᠨᠪᠠ ᠷᠠᠠᠰᠠᠡᠭ ᠰᠦᠮ᠎ᠡ ᠵᠢ ᠬᠠᠭᠤᠴᠢᠨ ᠵᠤᠤ ᠰᠦᠮ᠎ᠡ ᠡᠮ᠎ᠤᠨ ᠮᠠᠲ᠋ᠧᠷᠢᠶᠠᠯ ᠡᠯᠪᠡᠭ ᠭᠠᠷᠳᠠᠭ᠂ ᠤᠰᠤ ᠪᠡᠯᠴᠢᠭᠡᠷ ᠰᠠᠢ᠌ᠳᠠᠢ ᠡᠯᠪᠡᠭ ᠷᠠᠰᠠᠡᠭ ᠰᠦᠮ᠎ᠡ ᠲᠠᠤᠬᠠᠢ ᠵᠢᠨ ᠠᠭᠤᠯᠠᠨ (图海山᠂ ᠮᠠᠳᠠᠭ᠎ᠲᠠᠢ)᠎ᠳᠤ ᠨᠡᠬᠦᠯᠬᠡᠪᠡ᠃ 3 ᠲᠦᠮᠡ ᠭᠠᠷᠤᠢ ᠲᠡᠭᠰᠢ ᠳᠥᠷᠪᠡᠯᠵᠢᠨ ᠮᠧᠲᠷ ᠲᠠᠯᠠᠪᠠᠶ ᠪᠦᠬᠦᠢ ᠡᠨᠡ ᠬᠦ᠌ ᠰᠦᠮ᠎ᠡ᠎ᠨᠢ ᠲᠤᠬᠠᠢ ᠵᠢᠨ ᠦᠶ᠎ᠡ ᠵᠢᠨ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠬᠠᠮᠤᠭ ᠠᠯᠳᠠᠷᠲᠠᠢ ᠤᠳᠠᠴᠢ ᠵᠢᠨ ᠰᠦᠮ᠎ᠡ ᠵᠢᠨ ᠨᠢᠭᠡ ᠪᠣᠯᠣᠨ᠎ᠠ᠃ ᠣᠳᠣᠬᠠᠨ᠎ᠳᠤ ᠮᠣᠩᠭᠣᠯ ᠠᠨᠠᠭ᠋ᠠᠬᠤ ᠤᠬᠠᠭ᠋ᠠᠨ᠎ᠤ ᠲᠡᠦᠬᠡ ᠵᠢ ᠰᠤᠳᠤᠯᠬᠤ᠂ ᠰᠤᠷᠪᠤᠯᠵᠢ ᠪᠢᠴᠢᠭ ᠮᠠᠲ᠋ᠧᠷᠢᠶᠠᠯ᠎ᠢ ᠴᠤᠭᠯᠠᠭᠤᠯᠤᠨ ᠡᠮᠬᠢᠳᠬᠡᠬᠦ᠂ ᠵᠢᠭ᠋ᠠᠨ ᠰᠤᠷᠭ᠋ᠠᠯᠲᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯ ᠥᠷᠨᠢᠭᠦᠯᠬᠦ᠂ ᠰᠣᠶᠣᠯ ᠲᠡᠦᠬᠡ ᠵᠢ ᠤᠯᠠᠮᠵᠢᠯᠠᠬᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠵᠡᠷᠭᠡ ᠠᠵᠢᠯ ᠵᠶ᠋ᠠᠷ ᠭᠣᠣᠯ ᠪᠣᠯᠭ᠋ᠠᠵᠤ᠂ ᠦᠵᠡᠭᠦᠯᠦᠯᠭᠡ ᠵᠢᠨ ᠵᠦᠢ᠍ᠯᠡᠰ 1810 ᠭᠠᠷᠤᠢ ᠪᠣᠶ᠃
ᠦᠬᠠᠢ ᠵᠢᠨ ᠨᠢᠭᠡᠳᠦᠭᠡᠷ ᠨᠠᠮ᠎ᠤᠨ ᠡᠭᠦᠷ᠎ᠤᠨ ᠳᠤᠷᠠᠰᠬᠠᠯ᠎ᠤᠨ ᠣᠷᠳᠣᠨ ᠷᠠᠰᠠᠡᠭ ᠰᠦᠮ᠎ᠡ ᠪᠠᠯᠭ᠋ᠠᠰᠤᠨ᠎ᠳᠤ ᠪᠠᠢ᠌ᠷᠢᠯᠠᠳᠠᠭ᠃ 1953 ᠣᠨ᠎ᠤ 3 ᠳ᠋ᠤᠭ᠋ᠠᠷ ᠰᠠᠷ᠎ᠠ᠎ᠳᠤ ᠦᠬᠠᠢ ᠣᠷᠣᠨ᠎ᠳᠤ ᠠᠩᠬᠠᠳᠠᠭᠴᠢ ᠬᠣᠯᠪᠣᠭ᠋ᠠᠲᠤ ᠨᠠᠮ᠎ᠤᠨ ᠡᠭᠦᠷ ᠪᠠᠢ᠌ᠭᠤᠯᠤᠭᠳᠠᠭᠰᠠᠨ᠎ᠨᠢ ᠦᠬᠠᠢ ᠬᠤᠳᠠ ᠵᠢᠨ ᠨᠠᠮ᠎ᠤᠨ ᠲᠡᠦᠬᠡ ᠪᠣᠯᠣᠨ ᠦᠢ᠍ᠯᠡᠰ ᠪᠣᠰᠬᠠᠭᠰᠠᠨ ᠲᠡᠦᠬᠡᠨ᠎ᠳᠤ ᠴᠢᠬᠤᠯᠠ ᠪᠠᠢ᠌ᠷᠢ ᠰᠠᠭᠤᠷᠢ᠎ᠲᠠᠢ ᠪᠦᠬᠡᠳ ᠦᠬᠠᠢ ᠣᠷᠣᠨ᠎ᠤ ᠡᠷᠬᠢᠮ ᠨᠠᠨᠳᠢᠨ ᠬᠤᠪᠢᠰᠬᠠᠯ᠎ᠤᠨ ᠡᠬᠢ ᠪᠠᠶᠠᠯᠢᠭ ᠪᠣᠯᠤᠭᠰᠠᠨ ᠪᠠᠢ᠌ᠨ᠎ᠠ᠃ 2021 ᠣᠨ᠎ᠳᠤ ᠦᠬᠠᠢ ᠬᠤᠳᠠ ᠵᠢᠨ᠎ᠬᠢᠨ ᠬᠤᠯᠪᠤᠭ᠋ᠠᠳᠤ ᠨᠠᠮ᠎ᠤᠨ ᠡᠬᠦᠷ᠎ᠤᠨ ᠪᠠᠭᠤᠷᠢ ᠵᠢᠨ ᠬᠣᠶᠠᠷ ᠮᠥᠷ 40 ᠨᠦᠬᠡᠨ ᠭᠡᠷ᠎ᠢ ᠰᠡᠯᠪᠢᠬᠡᠳ᠂ ᠦᠬᠠᠢ ᠵᠢᠨ ᠨᠢᠭᠡᠳᠦᠭᠡᠷ ᠨᠠᠮ᠎ᠤᠨ ᠡᠭᠦᠷ᠎ᠤᠨ ᠳᠤᠷᠠᠰᠬᠠᠯ᠎ᠤᠨ ᠣᠷᠳᠣᠨ ᠪᠣᠯᠭ᠋ᠠᠨ ᠪᠠᠢ᠌ᠭᠤᠯᠵᠤ᠂ 1949 ᠣᠨ᠎ᠠᠴᠠ ᠨᠠᠭ᠋ᠠᠰᠢᠬᠢ ᠦᠬᠠᠢ ᠣᠷᠣᠨ᠎ᠤ ᠨᠠᠮ᠎ᠤᠨ ᠬᠥᠭᠵᠢᠯᠲᠡ ᠵᠢᠨ ᠲᠡᠦᠬᠡ ᠪᠠ ᠬᠡᠰᠡᠭ ᠬᠠᠭᠤᠴᠢᠨ ᠡᠳ᠋ ᠪᠣᠳᠠᠰ᠎ᠢ ᠳᠡᠯᠭᠡᠨ ᠦᠵᠡᠬᠦᠯᠵᠤ ᠪᠠᠢ᠌ᠨ᠎ᠠ᠃