ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠪᠤᠭᠤᠲᠤ ᠬᠣᠲᠠ ᠪᠦᠬᠦ ᠬᠣᠲᠠ ᠵᠢᠨ ᠨᠡᠢ᠌ᠬᠡᠮ᠎ᠤᠨ ᠳᠤᠰᠠᠯᠠᠮᠵᠢ ᠵᠢᠨ ᠲᠦᠷᠢᠮᠵᠢᠭᠰᠡᠨ ᠬᠠᠮᠢᠶᠠᠷᠤᠯᠲᠠ ᠵᠢᠨ ᠪᠣᠯᠪᠠᠰᠤᠷᠠᠯ ᠵᠢᠴᠢ ᠦᠨᠳᠤᠰᠤᠨ ᠱᠠᠲᠤᠨ᠎ᠤ ᠵᠠᠰᠠᠭ᠎ᠤᠨ ᠠ᠋ᠷᠬᠡ ᠵᠢᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2019-09-19

           

     9 ᠳ᠋ᠦ᠍ᠭᠡᠷ ᠰᠠᠷ᠎ᠠ ᠵᠢᠨ 10 — 11᠎ᠤ ᠠ᠋ᠳᠦᠷ ᠪᠣᠯᠲᠠᠯ᠎ᠠ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠳᠤ ᠨᠡᠢ᠌ᠬᠡᠮ᠎ᠤᠨ ᠳᠤᠰᠠᠯᠠᠮᠵᠢ ᠵᠢᠨ ᠠᠵᠢᠯ᠎ᠤᠨ ᠳᠦᠷᠢᠮᠵᠢᠭᠰᠡᠨ ᠬᠠᠮᠢᠶᠠᠷᠤᠯᠲᠠ ᠵᠢᠨ ᠪᠣᠯᠪᠠᠰᠤᠷᠠᠯ ᠵᠢᠴᠢ ᠨᠡᠢ᠌ᠬᠡᠮ᠎ᠤᠨ ᠳᠤᠰᠠᠯᠠᠮᠵᠢ ᠵᠢᠨ ᠳᠤᠮᠳᠠ ᠬᠤᠭᠤᠴᠠᠭ᠋ᠠᠨ᠎ᠤ ᠠᠵᠢᠯ᠂ ᠦᠨᠳᠤᠰᠤᠨ ᠱᠠᠲᠤᠨ᠎ᠤ ᠵᠠᠰᠠᠭ᠎ᠤᠨ ᠠ᠋ᠷᠬᠡ ᠵᠢᠨ ᠪᠠᠢ᠌ᠭᠤᠯᠤᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠪᠠ᠃ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠴᠢ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃
      ᠬᠤᠷᠠᠯ ᠳᠡᠭᠡᠷ᠎ᠡ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ 2019 ᠣᠨ᠎ᠤ ᠳᠡᠭᠡᠷ᠎ᠡ ᠬᠠᠭ᠋ᠠᠰ ᠵᠢᠯ᠎ᠤᠨ ᠠᠵᠢᠯ᠎ᠤᠨ ᠪᠠᠢ᠌ᠳᠠᠯ ᠵᠶ᠋ᠠᠨ ᠬᠠᠷᠢᠭᠤ ᠮᠡᠳᠡᠭᠦᠯᠵᠦ᠂ ᠨᠡᠢ᠌ᠬᠡᠮ᠎ᠤᠨ ᠳᠤᠰᠠᠯᠠᠮᠵᠢ ᠵᠢᠨ ᠠᠵᠢᠯ᠎ᠤᠨ ᠰᠠᠯᠠᠭ᠋ᠠᠨ᠎ᠤ ᠳᠠᠷᠤᠭ᠎ᠠ ᠵᠢᠴᠢ ᠦᠨᠳᠦᠰᠦᠨ ᠱᠠᠲᠤᠨ᠎ᠤ ᠵᠠᠰᠠᠭ᠎ᠤᠨ ᠠ᠋ᠷᠬᠡ ᠵᠢᠨ ᠪᠠᠢ᠌ᠭᠤᠯᠤᠯᠲᠠ ᠵᠢᠨ ᠠᠵᠢᠯ᠎ᠤᠨ ᠰᠠᠯᠠᠭ᠋ᠠᠨ᠎ᠤ ᠳᠠᠷᠤᠭ᠎ᠠ ᠲᠣᠰ ᠲᠣᠰ 2019 ᠣᠨ᠎ᠤ ᠳᠣᠤᠷ᠎ᠠ ᠬᠠᠭ᠋ᠠᠰ ᠵᠢᠯ᠎ᠤᠨ ᠪᠦᠬᠦ ᠬᠣᠲᠠ ᠵᠢᠨ ᠨᠡᠢ᠌ᠬᠡᠮ᠎ᠤᠨ ᠳᠤᠰᠠᠯᠠᠮᠵᠢ ᠵᠢᠴ᠊ ᠦᠨᠳᠤᠰᠤᠨ ᠱᠠᠲᠤᠨ᠎ᠤ ᠵᠠᠰᠠᠭ᠎ᠤᠨ ᠠ᠋ᠷᠬᠡ ᠪᠣᠯᠤᠨ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠭᠣᠤᠯᠳᠠᠯᠭ᠎ᠠ᠎ᠲᠠᠢ ᠠᠵᠢᠯ᠎ᠳᠤ ᠪᠠᠢ᠌ᠷᠢᠯᠠᠭᠤᠯᠤᠯᠲᠠ ᠬᠢᠵᠡᠶ᠃
      ᠪᠣᠯᠪᠠᠰᠤᠷᠠᠯ᠎ᠤᠨ ᠬᠤᠭᠤᠴᠠᠭ᠋ᠠᠨ᠎ᠳᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢ ᠬᠢᠨᠠᠨ ᠵᠥᠪᠰᠢᠶᠡᠷᠡᠬᠦ ᠰᠢᠰᠲ᠋ᠧᠮ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠭᠠᠷ᠎ᠤᠨ ᠦᠰᠤᠭ᠌ ᠵᠢᠷᠤᠬᠤ ᠰᠢᠰᠲ᠋ᠧᠮ᠂ ᠠᠷᠠᠳ᠎ᠤᠨ ᠶᠠᠪᠤᠳᠠᠯ᠎ᠤᠨ ᠪᠡᠯᠡ ᠮᠥᠩᠭᠥ ᠵᠢᠨ ᠬᠢᠨᠠᠨ ᠬᠠᠮᠢᠶᠠᠷᠬᠤ ᠲᠠᠪᠴᠠᠩ ᠵᠡᠷᠭᠡ ᠠᠭᠤᠯᠭ᠎ᠠ᠎ᠪᠠᠷ ᠡᠯ᠎ᠡ ᠬᠣᠰᠢᠭᠤ ᠰᠢᠶᠠᠨ ᠲᠣᠭᠣᠷᠢᠭ᠎ᠤᠨ ᠠᠵᠢᠯᠲᠠᠨ᠎ᠢ ᠪᠣᠯᠪᠠᠰᠤᠷᠠᠭᠤᠯᠪᠡ᠃ ᠪᠣᠯᠪᠠᠰᠤᠷᠠᠯ᠎ᠳᠤ ᠣᠷᠣᠯᠴᠠᠭᠰᠠᠳ ᠪᠠᠰᠠ ᠮᠠᠯᠵᠢᠬᠤ ᠲᠠᠷᠢᠶᠠᠯᠠᠬᠤ ᠣᠷᠣᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ᠎ᠢ ᠨᠢᠭᠡ ᠲᠢᠩᠬᠢᠮ᠎ᠳᠤ ᠬᠠᠮᠲᠤᠷᠠᠨ ᠬᠢᠨᠠᠵᠤ᠂ ᠵᠥᠪᠰᠢᠶᠡᠷᠡᠵᠤ ᠪᠠᠢ᠌ᠭ᠎ᠠ ᠪᠠᠢ᠌ᠳᠠᠯ ᠵᠢᠴᠢ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠵᠢᠱ᠌ᠢᠶ᠎ᠡ ᠦᠵᠡᠭᠦᠯᠬᠦ ᠨᠠᠰᠤᠲᠠᠳ᠎ᠢ ᠠᠰᠠᠷᠠᠬᠤ ᠬᠦᠷᠢᠶᠡᠯᠡᠩ ᠵᠶ᠋ᠠᠷ ᠲᠣᠭᠣᠷᠢᠨ ᠦᠵᠡᠪᠡ᠃  


ᠢᠷᠡᠯᠲᠡ᠄
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠶᠠᠮᠤᠨ᠎ᠤ ᠳᠠᠩᠰᠠ ᠡᠪᠬᠡᠮᠡᠯ᠎ᠤᠨ ᠭᠠᠵᠠᠷ᠎ᠤᠨ ᠬᠠᠷᠢᠭᠤᠴᠠᠯᠭ᠋ᠠᠲᠠᠨ ᠮᠠᠨ᠎ᠤ ᠣᠷᠣᠨ᠎ᠳᠤ ᠢᠷᠡᠵᠤ ᠪᠠᠢ᠌ᠴᠠᠭ᠋ᠠᠨ ᠰᠤᠳᠤᠯᠤᠯᠲᠠ ᠬᠢᠪᠡ
ᠲᠦᠩᠯᠢᠶᠣᠤ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ᠎ᠬᠢᠨ 《ᠨᠠᠢᠮᠠᠨ ᠰᠠᠷ᠎ᠠ ᠵᠢᠨ ᠲᠡᠷᠭᠡᠯ ᠪᠠᠶᠠᠷ ᠵᠶ᠋ᠠᠷ ᠠᠷᠠᠳ᠎ᠤᠨ ᠶᠠᠪᠤᠳᠠᠯ᠎ᠳᠤ ᠬᠠᠢ᠌ᠷ᠎ᠠ ᠪᠢᠯᠬᠠᠨ᠎ᠠ》 ᠭᠡᠬᠦ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠦᠷᠨᠢᠭᠦᠯᠪᠡ
ᠰᠢᠯᠢ ᠵᠢᠨ ᠭᠣᠤᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠮᠳᠡᠭᠴᠦᠳ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯᠯᠠᠭ᠎ᠠ ᠦᠷᠨᠢᠭᠦᠯᠪᠡ
ᠰᠢᠯᠢ ᠵᠢᠨ ᠭᠣᠣᠯ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ ᠣᠷᠣᠰᠢᠭᠤᠯᠭ᠎ᠠ ᠵᠢᠨ ᠬᠦᠷᠢᠶ᠎ᠡ ᠭᠡᠪᠴᠢᠶᠡᠨ᠎ᠤ ᠰᠦᠢ᠍ᠳᠬᠡᠯ ᠬᠤᠷᠢᠶᠠᠬᠤ ᠶᠠᠪᠤᠳᠠᠯ᠎ᠢ ᠲᠦᠷᠢᠮᠵᠢᠭᠦᠯᠬᠦ ᠲᠤᠰᠬᠠᠶ ᠴᠡᠭᠴᠡᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠪᠠ
ᠤᠯᠠᠭ᠋ᠠᠨᠬᠠᠳᠠ ᠬᠣᠲᠠ ᠵᠢᠨ᠎ᠬᠢᠨ ᠭᠡᠷ᠎ᠲᠡᠭᠡᠨ ᠬᠣᠴᠣᠷᠤᠭᠰᠠᠨ ᠬᠡᠤᠬᠡᠳ᠎ᠢ ᠬᠠᠯᠠᠮᠵᠢᠯᠠᠨ ᠬᠠᠶ᠋ᠢᠷᠠᠯᠠᠵᠤ ᠬᠠᠮᠠᠭ᠋ᠠᠯᠠᠬᠤ ᠬᠠᠮᠲᠤᠷᠠᠭᠰᠠᠨ ᠬᠤᠷᠠᠯ ᠬᠤᠷᠠᠯᠳᠤᠭᠤᠯᠪᠠ
 
            