8 ᠳ᠋ᠤᠭ᠋ᠠᠷ ᠰᠠᠷ᠎ᠠ ᠵᠢᠨ 6᠎ᠤ ᠠ᠋ᠳᠦᠷ ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠳᠠᠷᠤᠭ᠎ᠠ ᠵᠡᠷᠭᠡ ᠬᠠᠮᠢᠶ᠎ᠠ ᠪᠦᠬᠦᠢ ᠠᠵᠢᠯᠲᠠᠨ᠎ᠢ ᠵᠣᠬᠢᠶᠠᠨ ᠪᠠᠢ᠌ᠭᠤᠯᠵᠤ᠂ ᠴᠠᠬᠠᠷ ᠪᠠᠷᠠᠭᠤᠨ ᠭᠠᠷᠤᠨ ᠬᠣᠢ᠌ᠲᠤ ᠬᠣᠰᠢᠭᠤᠨ᠎ᠤ ᠳ᠋ᠠ ᠯᠢᠦ ᠬᠤᠤ ᠪᠠᠯᠭ᠋ᠠᠰᠤᠨ᠎ᠤ ᠳ᠋ᠠ ᠰᠢ ᠭ᠋ᠸᠦ ᠭᠠᠴᠠᠭ᠋ᠠᠨ᠎ᠤ ᠠᠷᠠᠳ᠎ᠤᠨ ᠵᠥᠪᠯᠡᠯ᠂ ᠹᠧᠩ ᠢᠣᠢ ᠭᠠᠴᠠᠭ᠋ᠠᠨ᠎ᠤ ᠠᠷᠠᠳ᠎ᠤᠨ ᠵᠥᠪᠯᠡᠯ᠂ ᠪᠠᠶᠠᠨᠴᠠᠭ᠋ᠠᠨ ᠪᠠᠯᠭ᠋ᠠᠰᠤᠨ᠎ᠤ ᠪᠦᠲᠦᠭᠡᠨ ᠪᠠᠢ᠌ᠭᠤᠯᠤᠯᠲᠠ ᠭᠠᠴᠠᠭ᠋ᠠᠨ᠎ᠤ ᠠᠷᠠᠳ᠎ᠤᠨ ᠵᠥᠪᠯᠡᠯ᠂ ᠰᠢ ᠴᠢᠤᠸᠠᠨ ᠭᠠᠴᠠᠭ᠋ᠠᠨ᠎ᠤ ᠠᠷᠠᠳ᠎ᠤᠨ ᠵᠥᠪᠯᠡᠯ ᠪᠠ ᠴᠠᠬᠠᠷ ᠪᠠᠷᠠᠭᠤᠨ ᠭᠠᠷᠤᠨ ᠠ᠋ᠮᠤᠨᠡᠲᠤ ᠬᠤᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠂ ᠳᠤᠭᠤᠢ ᠠᠭᠤᠯᠠ ᠪᠠᠯᠭ᠋ᠠᠰᠤᠨ᠎ᠤ ᠳᠤᠭᠤᠢ ᠠᠭᠤᠯᠠ ᠨᠡᠢ᠌ᠭᠡᠮ ᠲᠣᠭᠣᠷᠢᠭ᠂ ᠬᠣᠩ ᠸᠧᠶ ᠨᠡᠢ᠌ᠭᠡᠮ ᠲᠣᠭᠣᠷᠢᠭ᠂ ᠫᠢᠩ ᠳ᠋ᠢ ᠴᠢᠤᠸᠠᠨ ᠪᠠᠯᠭ᠋ᠠᠰᠤᠨ᠎ᠤ ᠬᠤᠸᠠ ᠼᠦᠨ ᠲᠣᠰᠬᠣᠨ᠂ ᠫᠢᠩ ᠳ᠋ᠢ ᠴᠢᠤᠸᠠᠨ ᠪᠠᠯᠭ᠋ᠠᠰᠤᠨ᠎ᠤ ᠵᠠᠰᠠᠭ᠎ᠤᠨ ᠣᠷᠳᠣᠨ᠎ᠳᠤ ᠬᠦᠷᠴᠦ ᠲᠣᠭᠣᠷᠢᠨ ᠦᠵᠡᠵᠦ ᠰᠤᠷᠤᠯᠴᠠᠭᠰᠠᠨ ᠪᠠᠢ᠌ᠨ᠎ᠠ᠃ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠳᠠᠷᠤᠭ᠎ᠠ ᠴᠧᠩ ᠲᠢᠶᠠᠨ ᠹᠦ᠋᠂ ᠬᠣᠲᠠ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠲᠥᠪ᠎ᠤᠨ ᠬᠠᠷᠢᠭᠤᠴᠠᠯᠭ᠋ᠠᠲᠠᠨ ᠰᠢᠤᠢ ᠵᠢᠨ ᠼᠠᠢ ᠠᠵᠢᠯᠯᠠᠭ᠎ᠠ᠎ᠳᠤ ᠣᠷᠣᠯᠴᠠᠪᠠ᠃
ᠲᠣᠭᠣᠷᠢᠨ ᠰᠤᠷᠤᠯᠴᠠᠬᠤ ᠳᠤᠭᠤᠢ᠌ᠯᠠᠩ᠎ᠤᠨ᠎ᠬᠢᠨ ᠠ᠋ᠨᠡ ᠨᠢᠭᠡ ᠵᠠᠮ ᠲᠣᠭᠣᠷᠢᠨ ᠦᠵᠡᠵᠤ ᠰᠤᠷᠤᠯᠴᠠᠨ᠂ ᠰᠠᠨᠠᠯ ᠪᠣᠳᠣᠯ ᠵᠶ᠋ᠠᠨ ᠰᠣᠯᠢᠯᠴᠠᠨ ᠦᠵᠡᠯᠲᠡ ᠲᠠᠨᠢᠯᠲᠠ᠎ᠪᠠᠨ ᠨᠢᠭᠡᠳᠬᠡᠵᠤ᠂ ᠬᠠᠷᠠᠭ᠎ᠠ᠎ᠪᠠᠨ ᠲᠡᠯᠡᠵᠤ᠂ ᠠᠬ᠎ᠠ ᠳᠡᠭᠦᠤ ᠬᠤᠰᠢᠭᠤ ᠰᠢᠶᠡᠨ᠎ᠤ ᠰᠠᠢ᠌ᠨ ᠳᠤᠷᠰᠢᠯᠭ᠎ᠠ ᠪᠠ ᠠᠷᠭ᠎ᠠ ᠪᠠᠷᠢᠯ᠎ᠢ ᠰᠤᠷᠴᠤ᠂ ᠦᠪᠡᠷ᠎ᠤᠨ ᠵᠥᠷᠢᠶ᠎ᠡ᠎ᠪᠠᠨ ᠣᠯᠵᠤ ᠮᠡᠳᠡᠨ᠂ ᠠᠵᠢᠯ᠎ᠤᠨ ᠰᠡᠳᠬᠢᠮᠵᠢ᠎ᠪᠠᠨ ᠰᠢᠨᠡᠴᠢᠯᠡᠵᠦ᠂ ᠪᠦᠬᠦ ᠬᠣᠲᠠ ᠵᠢᠨ ᠨᠡᠢ᠌ᠬᠡᠮ᠎ᠤᠨ ᠳᠤᠰᠠᠯᠠᠮᠵᠢ ᠵᠢᠨ ᠠᠵᠢᠯ ᠵᠶ᠋ᠠᠨ ᠳᠠᠬᠢᠨ ᠰᠢᠨ᠎ᠡ ᠨᠢᠭᠡᠨ ᠳᠡᠭᠲᠡᠷ᠎ᠲᠤ ᠭᠠᠷᠭ᠋ᠠᠬᠤ᠎ᠪᠠᠷ ᠴᠢᠷᠮᠠᠢ᠌ᠨ ᠠᠵᠢᠯᠯᠠᠨ᠎ᠠ ᠭᠡᠵᠦ ᠵᠣᠷᠢᠭ ᠵᠶ᠋ᠠᠨ ᠢᠯᠡᠳᠬᠡᠵᠡᠭᠡᠪᠡ᠃
