ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠰᠢᠯᠢ ᠵᠢᠨ ᠭᠣᠤᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠮᠳᠡᠭᠴᠦᠳ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄ 2019-09-19

           

      ᠦᠢ᠍ᠷ᠎ᠠ ᠵᠢᠨ ᠵᠢᠯ᠎ᠳᠤ ᠰᠢᠯᠢ ᠵᠢᠨ ᠭᠣᠤᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠮᠳᠡᠭᠴᠦᠳ᠎ᠤᠨ 《ᠬᠣᠶᠠᠷ ᠨᠥᠬᠥᠪᠥᠷᠢ》 ᠵᠢᠨ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠭᠡᠷ ᠪᠦᠯᠢ ᠵᠢᠨ ᠪᠦᠷᠢᠯᠳᠦᠬᠦᠨ᠎ᠨᠢ ᠵᠡᠮᠳᠡᠭ ᠪᠣᠯᠤᠭᠰᠠᠨ ᠪᠠ ᠬᠦᠨᠳᠦ ᠡᠪᠡᠳᠴᠢᠨ᠎ᠳᠤ ᠨᠡᠷᠪᠡᠭᠳᠡᠭᠡᠳ ᠵᠣᠭᠣᠰ ᠮᠦᠩᠭᠦ ᠶᠡᠬᠡ ᠵᠠᠷᠤᠴᠠᠭᠤᠯᠤᠭᠰᠠᠨ ᠶᠠᠳᠠᠭᠤ ᠬᠦᠴᠢᠷᠳᠡᠯᠲᠡᠶ ᠭᠡᠷ ᠪᠦᠯᠢ᠎ᠳᠤ ᠭᠣᠤᠯᠳᠠᠯᠭ᠎ᠠ᠎ᠲᠠᠢ ᠪᠠᠲᠤᠯᠠᠭ᠎ᠠ ᠬᠠᠩᠭ᠋ᠠᠪᠠ᠃
      ᠰᠢᠯᠢ ᠵᠢᠨ ᠭᠣᠤᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠠᠴᠠ 《ᠪᠦᠬᠦ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠲᠥᠪ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠲᠣᠭᠣᠷᠢᠨ ᠪᠠᠢ᠌ᠴᠠᠭ᠋ᠠᠯᠲᠠ ᠵᠢᠨ ᠴᠡᠭᠴᠡᠯᠡᠨ ᠵᠠᠰᠠᠬᠤ ᠠᠵᠢᠯ᠎ᠢ ᠨᠠᠢ᠌ᠲᠠᠪᠤᠷᠢᠵᠢᠭᠤᠯᠤᠨ ᠬᠡᠷᠡᠭᠵᠢᠭᠦᠯᠬᠦ ᠲᠥᠰᠦᠯ》 ᠪᠣᠯᠤᠨ 《ᠪᠦᠬᠦ ᠠᠢ᠌ᠮᠠᠭ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠪᠦᠬᠦᠨ᠎ᠢ ᠪᠠᠲᠤᠯᠠᠬᠤ ᠶᠡᠬᠡ ᠪᠠᠢ᠌ᠴᠠᠭ᠋ᠠᠯᠲᠠ ᠵᠢᠨ ᠠᠵᠢᠯ᠎ᠤᠨ ᠬᠡᠷᠡᠭᠵᠢᠭᠦᠯᠬᠦ ᠲᠥᠰᠦᠯ》᠎ᠢ ᠲᠣᠭᠲᠠᠭ᠋ᠠᠨ᠂ ᠣᠶᠤᠨ᠎ᠤ ᠠ᠋ᠷᠡᠭᠦᠯ ᠬᠠᠮᠠᠭ᠋ᠠᠯᠠᠯ᠎ᠤᠨ ᠲᠥᠪ᠎ᠤᠨ 40 ᠭᠠᠷᠤᠶ ᠣᠶᠤᠨ ᠮᠡᠳᠡᠷᠡᠯ᠎ᠤᠨ ᠰᠠᠯᠠᠭ᠋ᠠᠨ᠎ᠤ ᠠ᠋ᠮᠴᠢ ᠵᠢ ᠬᠣᠰᠢᠭᠤ ᠰᠢᠶᠠᠨ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠳᠤ ᠣᠴᠢᠭᠤᠯᠵᠤ ᠮᠡᠳᠡᠷᠡᠯ᠎ᠤᠨ ᠡᠪᠡᠳᠴᠢᠲᠡᠨ᠎ᠤ ᠦᠨᠳᠦᠰᠦᠨ ᠪᠠᠢ᠌ᠳᠠᠯ᠎ᠢ ᠳᠠᠬᠢᠨ ᠬᠢᠨᠠᠨ ᠬᠠᠷᠭᠤᠭᠤᠯᠵᠤ ᠪᠠᠢ᠌ᠴᠠᠭ᠋ᠠᠭ᠋ᠠᠳ᠂ ᠬᠦᠨᠳᠦ ᠮᠡᠳᠡᠷᠡᠯ᠎ᠤᠨ ᠡᠪᠡᠳᠴᠢᠲᠡᠨ᠎ᠢ ᠰᠢᠨ᠎ᠡ᠎ᠪᠠᠷ ᠰᠢᠭᠰᠢᠨ ᠪᠠᠢ᠌ᠴᠠᠭ᠋ᠠᠵᠤ ᠣᠨᠣᠰᠢᠯᠠᠪᠠ᠃ ᠪᠦᠬᠦ ᠠᠢ᠌ᠮᠠᠭ᠎ᠤᠨ 400 ᠬᠦᠨᠳᠤ ᠮᠡᠳᠡᠷᠡᠯ᠎ᠤᠨ ᠡᠪᠡᠳᠴᠢᠲᠡᠨ᠎ᠲᠠᠢ ᠭᠡᠷ ᠪᠦᠯᠢ ᠵᠢ ᠬᠠᠪᠰᠤᠷᠤᠨ ᠳᠡᠳᠬᠦᠬᠦ᠎ᠪᠠᠷ ᠪᠣᠯᠵᠤ᠂ 200 ᠶᠠᠳᠠᠭᠤ ᠬᠦᠴᠢᠷᠳᠡᠯᠲᠡᠢ ᠭᠡᠷ ᠪᠦᠯᠢ ᠵᠢᠨ ᠮᠡᠳᠡᠷᠡᠯ᠎ᠤᠨ ᠡᠪᠡᠳᠴᠢᠲᠡᠨ᠎ᠳᠤ ᠰᠦᠢ᠍ᠳᠬᠡᠯ ᠬᠤᠷᠢᠶᠠᠬᠤ ᠦᠭᠡᠢ᠎ᠪᠠᠷ 28 ᠲᠦᠮᠡᠨ ᠲᠥᠭᠥᠷᠢᠭ᠎ᠤᠨ ᠡᠮ᠎ᠤᠨ ᠵᠦᠢ᠍ᠯ᠎ᠢ ᠲᠦᠭᠡᠭᠡᠨ ᠦᠭᠴᠤ᠂ ᠪᠦᠬᠦ ᠠᠢ᠌ᠮᠠᠭ᠎ᠤᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠪᠠ ᠣᠨᠴᠠ ᠬᠦᠴᠢᠷᠳᠡᠯᠲᠡᠢ ᠠ᠋ᠷᠦᠬᠡ ᠪᠦᠬᠦᠨ᠎ᠢ ᠪᠠᠲᠤᠯᠠᠬᠤ ᠬᠦᠷᠢᠶ᠎ᠡ ᠬᠡᠪᠴᠢᠶᠡᠨ᠎ᠳᠤ ᠣᠷᠤᠭ᠋ᠠᠳᠤᠢ 1113 ᠬᠥᠮᠦᠨ᠎ᠢ ᠠ᠋ᠷᠦᠬᠡ᠎ᠳᠤ᠎ᠨᠢ ᠬᠦᠷᠴᠦ ᠪᠠᠢ᠌ᠳᠠᠯ᠎ᠢ ᠦᠢ᠍ᠯᠠᠭ᠋ᠠᠨ ᠪᠠᠢ᠌ᠴᠠᠭ᠋ᠠᠵᠤ᠂ ᠨᠥᠬᠥᠴᠡᠯ᠎ᠳᠤ ᠨᠡᠢ᠌ᠴᠡᠭᠰᠡᠨ ᠶᠠᠳᠠᠭᠤ ᠬᠦᠴᠢᠷᠳᠡᠯᠲᠡᠢ ᠵᠡᠮᠳᠡᠭᠴᠦᠳ᠎ᠢ ᠪᠠᠲᠤᠯᠠᠭ᠎ᠠ ᠵᠢᠨ ᠬᠦᠷᠢᠶ᠎ᠡ ᠬᠡᠪᠴᠢᠶᠡᠨ᠎ᠳᠤ ᠣᠷᠣᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠨᠠᠷᠢᠨ ᠣᠨᠣᠴᠠᠲᠠᠢ ᠪᠠᠢ᠌ᠬᠤ ᠵᠢ ᠠᠬᠢᠭᠤᠯᠪᠠ᠃
     2019 ᠣᠨ᠎ᠤ 8 ᠳ᠋ᠤᠭ᠋ᠠᠷ ᠰᠠᠷ᠎ᠠ᠎ᠳᠤ ᠰᠢᠯᠢ ᠵᠢᠨ ᠭᠣᠤᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ 《ᠵᠡᠮᠳᠡᠭᠴᠦᠳ᠎ᠢ ᠲᠤᠰᠠᠯᠠᠭᠰᠠᠨ ᠲᠡᠷᠢᠭᠦᠨ᠎ᠤ ᠬᠠᠮᠲᠤ》᠎ᠪᠠᠷ ᠬᠥᠬᠢᠭᠦᠯᠦᠭᠳᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠣᠯ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ ᠣᠷᠣᠰᠢᠭᠤᠯᠭ᠎ᠠ ᠵᠢᠨ ᠬᠦᠷᠢᠶ᠎ᠡ ᠭᠡᠪᠴᠢᠶᠡᠨ᠎ᠤ ᠰᠦᠢ᠍ᠳᠬᠡᠯ ᠬᠤᠷᠢᠶᠠᠬᠤ ᠶᠠᠪᠤᠳᠠᠯ᠎ᠢ ᠲᠦᠷᠢᠮᠵᠢᠭᠦᠯᠬᠦ ᠲᠤᠰᠬᠠᠶ ᠴᠡᠭᠴᠡᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠪᠠ
ᠤᠯᠠᠭ᠋ᠠᠨᠬᠠᠳᠠ ᠬᠣᠲᠠ ᠵᠢᠨ᠎ᠬᠢᠨ ᠭᠡᠷ᠎ᠲᠡᠭᠡᠨ ᠬᠣᠴᠣᠷᠤᠭᠰᠠᠨ ᠬᠡᠤᠬᠡᠳ᠎ᠢ ᠬᠠᠯᠠᠮᠵᠢᠯᠠᠨ ᠬᠠᠶ᠋ᠢᠷᠠᠯᠠᠵᠤ ᠬᠠᠮᠠᠭ᠋ᠠᠯᠠᠬᠤ ᠬᠠᠮᠲᠤᠷᠠᠭᠰᠠᠨ ᠬᠤᠷᠠᠯ ᠬᠤᠷᠠᠯᠳᠤᠭᠤᠯᠪᠠ
ᠪᠠᠶᠠᠨᠨᠠᠭᠤᠷ ᠬᠣᠲᠠ ᠮᠠᠯᠵᠢᠬᠤ ᠲᠠᠷᠢᠶᠠᠯᠠᠬᠤ ᠣᠷᠣᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠲᠤᠰᠬᠠᠶ ᠴᠡᠭᠴᠡᠯᠡᠨ ᠵᠠᠰᠠᠬᠤ ᠠᠵᠢᠯ᠎ᠢ ᠦᠷᠨᠢᠭᠦᠯᠪᠡ
ᠪᠤᠭᠤᠲᠤ ᠬᠣᠲᠠ 2019 ᠣᠨ᠎ᠤ ᠪᠦᠬᠦ ᠤᠯᠤᠰ᠎ᠤᠨ ᠶᠠᠳᠠᠭᠤ ᠵᠢ ᠲᠡᠳᠬᠦᠬᠦ ᠠ᠋ᠳᠦᠷ᠎ᠤᠨ ᠠ᠋ᠬᠢᠯᠡᠯᠲᠡ ᠵᠢᠨ ᠶᠣᠰᠣᠯᠠᠯ ᠵᠢᠴᠢ ᠪᠦᠬᠦ ᠬᠣᠲᠠ ᠵᠢᠨ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠵᠢ ᠠᠬᠢᠭᠤᠯᠬᠤ ᠬᠤᠷᠠᠯ᠎ᠳᠤ ᠣᠷᠣᠯᠴᠠᠪᠠ
ᠰᠢᠯᠢ ᠵᠢᠨ ᠭᠣᠣᠯ ᠠᠶ᠋ᠢᠮᠠᠭ᠄ ᠰᠡᠳᠬᠢᠯ ᠨᠢᠭᠡᠳᠤᠨ ᠨᠠᠰᠤᠲᠠᠳ᠎ᠢ ᠠᠰᠠᠷᠠᠬᠤ ᠦᠢ᠍ᠯᠡᠰ᠎ᠤᠨ ᠰᠢᠨ᠎ᠡ ᠬᠥᠭᠵᠢᠯᠲᠡ ᠵᠢ ᠰᠦᠪᠡᠭᠴᠢᠯᠡᠨ᠎ᠡ
 
            