ᠦᠢ᠍ᠷ᠎ᠠ᠎ᠳᠤ ᠰᠢᠯᠢ ᠵᠢᠨ ᠭᠣᠣᠯ ᠠᠶ᠋ᠢᠮᠠᠭ᠂ ᠠᠢ᠌ᠮᠠᠭ ᠬᠣᠰᠢᠭᠤ ᠬᠣᠶᠠᠷ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ 《ᠰᠢᠯᠢ ᠵᠢᠨ ᠭᠣᠣᠯ ᠠᠢ᠌ᠮᠠᠭ᠎ᠤᠨ ᠣᠷᠣᠰᠢᠭᠤᠯᠭ᠎ᠠ ᠵᠢᠨ ᠬᠡᠪᠴᠢᠶ᠎ᠡ ᠬᠦᠷᠢᠶᠡᠨ᠎ᠳᠠᠬᠢ ᠴᠢᠩᠭ᠎ᠠ ᠬᠢᠨᠠᠨ ᠬᠠᠮᠢᠶᠠᠷᠬᠤ ᠪᠠ ᠰᠦᠢ᠍ᠳᠬᠡᠯ ᠬᠤᠷᠢᠶᠠᠬᠤ ᠠᠵᠢᠯ᠎ᠢ ᠲᠦᠷᠢᠮᠵᠢᠭᠦᠯᠬᠦ ᠳᠤᠬᠠᠢ ᠳᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》 ᠶᠣᠰᠣᠭ᠋ᠠᠷ᠂ ᠪᠥᠬᠥ ᠠᠢ᠌ᠮᠠᠭ᠎ᠤᠨ ᠬᠡᠪᠴᠢᠶᠡᠨ᠎ᠳᠤ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠵᠢ ᠲᠤᠰᠬᠠᠶ᠋ᠢᠯᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃
ᠲᠣᠰ ᠴᠡᠭᠴᠡᠯᠡᠨ ᠵᠠᠰᠠᠬᠤ ᠠᠵᠢᠯᠯᠠᠭ᠎ᠠ᠎ᠳᠤ ᠭᠣᠣᠯᠳᠠᠭᠤ ᠣᠷᠣᠰᠢᠭᠤᠯᠭ᠎ᠠ ᠵᠢᠨ ᠬᠦᠷᠢᠶᠡᠨ᠎ᠳᠠᠬᠢ ᠰᠦᠢ᠍ᠳᠬᠡᠯ ᠬᠤᠷᠢᠶᠠᠬᠤ ᠵᠢ ᠲᠦᠷᠢᠮᠵᠢᠭᠦᠯᠬᠦ ᠠᠵᠢᠯ᠎ᠤᠨ ᠲᠣᠭᠣᠷᠢᠨ᠎ᠳᠤ ᠪᠠᠶ᠋ᠢᠴᠠᠭ᠋ᠠᠯᠲᠠ ᠬᠢᠵᠤ᠂ ᠡᠯ᠎ᠡ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠨᠢᠭᠡᠴᠢ ᠵᠢ ᠦᠢ᠍ᠯᠡᠴᠢᠯᠡᠭᠡ᠎ᠪᠠᠨ ᠦᠨᠳᠦᠰᠦᠨ᠎ᠳᠡᠭᠡᠨ ᠤᠷᠲᠤᠳᠬᠠᠬᠤ ᠪᠠ ᠣᠨᠴᠠ ᠦᠢ᠍ᠯᠡᠴᠢᠯᠡᠭᠡ᠎ᠳᠤ ᠵᠠᠰᠠᠭ᠎ᠤᠨ ᠣᠷᠳᠣᠨ᠎ᠤ ᠵᠢᠯᠣᠭᠣᠳᠬᠤ ᠦᠨ᠎ᠡ ᠵᠢ ᠬᠡᠷᠡᠭᠵᠢᠭᠦᠯᠬᠦ᠂ ᠰᠦᠢ᠍ᠳᠬᠡᠯ ᠬᠤᠷᠢᠶᠠᠬᠤ ᠲᠥᠷᠥᠯ ᠵᠦᠢ᠍ᠯ ᠪᠠ ᠦᠨ᠎ᠡ ᠬᠠᠩᠰᠢ ᠵᠢ ᠢᠯᠡ ᠨᠡᠶ᠋ᠢᠲᠡᠯᠡᠬᠦ ᠬᠡᠷᠡᠭᠲᠡᠶ ᠭᠡᠵᠦ ᠱᠠᠭ᠋ᠠᠷᠳᠠᠭᠰᠠᠨ ᠪᠥᠭᠡᠳ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠥᠪᠡᠰᠦᠪᠡᠨ ᠰᠣᠩᠭᠣᠬᠤ ᠬᠠᠭᠤᠳᠠᠰᠤᠨ ᠳᠡᠭᠡᠷ᠎ᠡ ᠨᠢᠭᠡᠳ ᠨᠢᠭᠡ᠎ᠪᠠᠷ ᠵᠢᠭᠰᠠᠭ᠋ᠠᠨ ᠲᠣᠳᠣᠷᠬᠠᠢ᠌ᠯᠠᠬᠤ ᠬᠡᠷᠡᠭᠲᠠᠢ ᠭᠡᠵᠡᠢ᠃ ᠣᠷᠣᠰᠢᠭᠤᠯᠭ᠎ᠠ ᠵᠢᠨ ᠵᠠᠬ᠎ᠠ ᠳᠡᠯᠭᠡᠭᠦᠷ᠎ᠲᠤ ᠨᠢᠭᠡᠨᠲᠡ ᠢᠯᠡᠷᠡᠭᠦᠯᠦᠭᠰᠡᠨ ᠦᠨ᠎ᠡ ᠬᠠᠩᠰᠢ᠎ᠪᠠᠨ ᠢᠯᠡ ᠨᠡᠢ᠌ᠲᠡᠯᠡᠭᠰᠡᠨ ᠦᠭᠡᠢ ᠵᠡᠷᠭᠡ ᠠᠰᠠᠭᠤᠳᠠᠯ᠎ᠢ ᠬᠤᠭᠤᠴᠠᠭ᠎ᠠ ᠲᠣᠭᠲᠠᠭ᠋ᠠᠨ ᠴᠡᠭᠴᠡᠯᠡᠨ ᠵᠠᠰᠠᠵᠤ᠂ 《ᠠ᠋ᠷᠭᠢᠵᠦ ᠬᠠᠷᠠᠬᠤ》 ᠪᠠᠢ᠌ᠴᠠᠭ᠋ᠠᠯᠲᠠ ᠵᠢ ᠦᠷᠭᠦᠯᠵᠢ ᠥᠷᠨᠢᠭᠦᠯᠵᠦ᠂ ᠠᠰᠠᠭᠤᠳᠠᠯ᠎ᠤᠨ ᠦᠷᠭᠦᠯᠵᠢᠯᠡᠨ ᠣᠷᠣᠰᠢᠬᠤ ᠵᠢ ᠰᠡᠷᠭᠡᠢ᠌ᠯᠡᠬᠦ ᠬᠡᠷᠡᠭᠲᠠᠢ ᠭᠡᠰᠡᠨ ᠪᠠᠶ᠋ᠢᠨ᠎ᠠ᠃ ᠠ᠋ᠭᠦᠨ᠎ᠳᠤ ᠲᠥᠷᠥ ᠵᠢᠨ ᠪᠣᠳᠣᠯᠭ᠎ᠠ ᠵᠢᠨ ᠤᠬᠠᠭᠤᠯᠬᠤ ᠠ᠋ᠷᠴᠢᠮ ᠵᠶ᠋ᠡᠨ ᠴᠢᠩᠭ᠋ᠠᠷᠠᠭᠤᠯᠵᠤ᠂ ᠰᠦᠢ᠍ᠳᠬᠡᠯ ᠬᠤᠷᠢᠶᠠᠬᠤ ᠲᠤᠬᠠᠢ ᠵᠠᠭ᠋ᠠᠯᠳᠤᠯᠭ᠎ᠠ ᠢᠯᠡᠴᠢᠯᠡᠯᠲᠡ ᠵᠢ ᠢᠮᠠᠭᠲᠠ ᠠᠩᠬᠠᠷᠴᠤ᠂ ᠣᠷᠣᠰᠢᠭᠤᠯᠭ᠎ᠠ ᠵᠢᠨ ᠵᠠᠬ᠎ᠠ ᠳᠡᠯᠭᠡᠭᠦᠷ᠎ᠢ ᠴᠡᠪᠡᠷᠰᠢᠭᠦᠯᠦᠨ᠎ᠡ ᠭᠡᠪᠡ᠃
ᠲᠠᠷᠠᠭ᠋ᠠᠴᠢ᠎ᠪᠠᠷ ᠰᠢᠯᠢ ᠵᠢᠨ ᠭᠣᠣᠯ ᠠᠢ᠌ᠮᠠᠭ᠎ᠤᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠳᠦᠷᠢᠮ ᠳᠣᠭᠲᠠᠭ᠋ᠠᠯ ᠵᠶ᠋ᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠ᠋ᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠂ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠳᠦᠷᠢᠮᠵᠢᠯᠲᠡ᠂ ᠵᠢᠷᠤᠮᠵᠢᠭᠰᠠᠨ ᠡᠵᠡᠩᠨᠡᠯᠲᠡ ᠵᠢ ᠲᠠᠰᠤᠷᠠᠯᠲᠠ ᠥᠬᠡᠶ ᠴᠢᠩᠭ᠋ᠠᠳᠬᠬᠤ ᠪᠣᠯᠤᠨ᠎ᠠ ᠭᠡᠵᠡᠢ᠃