ᠤᠯᠠᠭ᠋ᠠᠨᠬᠠᠳᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠦᠪᠰᠢᠶᠡᠷᠡᠯ ᠵᠶ᠋ᠠᠷ᠂ ᠦᠢ᠍ᠷ᠎ᠠ᠎ᠳᠤ ᠤᠯᠠᠭ᠋ᠠᠨᠬᠠᠳᠠ ᠬᠣᠲᠠ ᠵᠢᠨ᠎ᠬᠢᠨ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠡᠭᠡᠨ ᠬᠣᠴᠣᠷᠤᠭᠰᠠᠨ ᠬᠡᠤᠬᠡᠳ᠎ᠢ ᠬᠠᠯᠠᠮᠵᠢᠯᠠᠨ ᠬᠠᠶ᠋ᠢᠷᠠᠯᠠᠵᠤ ᠬᠠᠮᠠᠭ᠋ᠠᠯᠠᠬᠤ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠤᠨ ᠠᠮᠢᠳᠤᠷᠠᠯ᠎ᠢ ᠪᠠᠲᠤᠯᠠᠬᠤ ᠠᠵᠢᠯ᠎ᠤᠨ ᠳᠣᠪᠴᠢᠶᠠᠨ᠎ᠤ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠳᠦᠷᠢᠮ ᠵᠶ᠋ᠠᠨ ᠳᠣᠭᠲᠠᠭ᠋ᠠᠭ᠋ᠠᠳ᠂ 9 ᠳ᠋ᠤᠭᠡᠷ ᠰᠠᠷ᠎ᠠ ᠵᠢᠨ 25᠎ᠤ ᠠ᠋ᠳᠦᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠠᠮᠲᠤᠷᠠᠭᠰᠠᠨ ᠬᠤᠷᠠᠯ᠎ᠤᠨ ᠪᠦᠷᠢᠯᠳᠦᠬᠦᠨ᠎ᠤ ᠲᠦᠷᠦᠭᠦᠯᠡᠬᠦ ᠨᠢᠭᠡᠴᠢ ᠵᠢᠨ ᠬᠤᠪᠢ᠎ᠪᠠᠷ ᠬᠣᠲᠠ ᠵᠢᠨ ᠤᠯᠤᠰ ᠲᠦᠷᠤ ᠬᠠᠤᠯᠢ ᠴᠠᠭ᠋ᠠᠵᠠ ᠵᠢᠨ ᠵᠦᠪᠯᠡᠯ᠂ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠠᠤᠯᠢ ᠴᠠᠭ᠋ᠠᠵᠠ ᠵᠢᠨ ᠠᠵᠢᠯ᠎ᠤᠨ ᠵᠥᠪᠯᠡᠯ᠂ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ᠂ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠡᠷᠭᠡ 26 ᠰᠠᠯᠠᠭ᠎ᠠ ᠮᠥᠴᠢᠷ ᠪᠠ ᠨᠢᠭᠡᠴᠢ ᠵᠢ ᠴᠤᠭᠯᠠᠭᠤᠯᠤᠨ ᠬᠠᠮᠲᠤᠷᠠᠭᠰᠠᠨ ᠬᠤᠷᠠᠯ ᠬᠤᠷᠠᠯᠳᠤᠭᠤᠯᠵᠠᠢ᠃ ᠬᠤᠷᠠᠯ ᠳᠡᠭᠡᠷ᠎ᠡ ᠪᠦᠷᠢᠯᠳᠦᠬᠦᠨ ᠨᠢᠭᠡᠴᠢ᠎ᠠᠴᠠ 《ᠤᠯᠠᠭ᠋ᠠᠨᠬᠠᠳᠠ ᠬᠣᠲᠠ ᠵᠢᠨ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠡᠭᠡᠨ ᠬᠣᠴᠣᠷᠤᠭᠰᠠᠨ ᠬᠡᠤᠬᠡᠳ᠎ᠢ ᠬᠠᠯᠠᠮᠵᠢᠯᠠᠨ ᠬᠠᠶ᠋ᠢᠷᠠᠯᠠᠵᠤ ᠬᠠᠮᠠᠭ᠋ᠠᠯᠠᠬᠤ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠤᠨ ᠠᠮᠢᠳᠤᠷᠠᠯ᠎ᠢ ᠪᠠᠲᠤᠯᠠᠬᠤ ᠠᠵᠢᠯ᠎ᠤᠨ ᠳᠣᠪᠴᠢᠶᠠᠨ᠎ᠤ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠪᠦᠷᠢᠯᠳᠦᠬᠦᠨ ᠨᠢᠭᠡᠴᠢ ᠵᠢᠨ ᠠ᠋ᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ》᠎ᠳᠤ ᠵᠠᠰᠠᠪᠤᠷᠢ ᠣᠷᠣᠭᠤᠯᠬᠤ ᠰᠠᠨᠠᠯ ᠬᠤᠷᠢᠶᠠᠪᠠ᠃
ᠲᠣᠰ ᠬᠠᠮᠲᠤᠷᠠᠭᠰᠠᠨ ᠬᠤᠷᠠᠯ᠎ᠤᠨ ᠳᠦᠷᠢᠮ᠎ᠳᠤ᠂ ᠬᠣᠲᠠ ᠬᠥᠳᠡᠭᠡ ᠵᠢᠨ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ (ᠥᠨᠥᠴᠢᠨ ᠬᠡᠤᠬᠡᠳ᠂ ᠣᠨᠴᠠ ᠬᠦᠴᠢᠷᠳᠡᠯᠲᠡᠶ ᠬᠡᠤᠬᠡᠳ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠪᠠ ᠲᠦᠷ ᠴᠠᠭ᠎ᠤᠨ ᠳᠤᠰᠠᠯᠠᠮᠵᠢ ᠬᠦᠷᠲᠡᠵᠤ ᠪᠠᠢ᠌ᠭ᠎ᠠ ᠭᠡᠷ ᠪᠦᠯᠢ ᠵᠢᠨ ᠬᠡᠤᠬᠡᠳ ᠬᠡᠬᠦ ᠵᠡᠷᠭᠡ ᠳᠣᠯᠣᠭ᠋ᠠᠨ ᠲᠥᠷᠥᠯ)᠎ᠢ ᠲᠥᠷᠥᠯ ᠬᠤᠪᠢᠶᠠᠨ ᠪᠠᠲᠤᠯᠠᠬᠤ ᠠᠭᠤᠯᠭ᠎ᠠ ᠵᠢ ᠰᠢᠨ᠎ᠡ᠎ᠪᠠᠷ ᠨᠡᠮᠡᠵᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠵᠠᠷᠤᠳᠠᠯ᠎ᠤᠨ ᠣᠷᠣᠭᠤᠯᠤᠯᠲᠠ ᠵᠢ ᠨᠡᠮᠡᠭᠳᠡᠭᠦᠯᠦᠨ᠂ ᠨᠡᠶ᠋ᠢᠭᠡᠮ᠎ᠤᠨ ᠠ᠋ᠬᠢ ᠪᠠᠶᠠᠯᠢᠭ᠎ᠢ ᠥᠷᠭᠡᠨ ᠵᠶ᠋ᠡᠷ ᠠᠰᠢᠭᠯᠠᠵᠤ᠂ ᠨᠠᠩ ᠠᠷᠪᠢᠨ ᠪᠡᠯᠡ ᠮᠥᠩᠭᠥ᠂ ᠬᠥᠮᠦᠨ᠎ᠤ ᠬᠦᠴᠦᠨ᠎ᠢ ᠭᠡᠷ᠎ᠲᠡᠭᠡᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠢ ᠬᠠᠯᠠᠮᠵᠢᠯᠠᠨ ᠬᠠᠶ᠋ᠢᠷᠠᠯᠠᠬᠤ ᠠᠵᠢᠯᠯᠠᠭ᠎ᠠ᠎ᠳᠤ ᠣᠷᠣᠭᠤᠯᠬᠤ ᠵᠢ ᠦᠨᠡᠨᠬᠦ ᠪᠠᠲᠤᠯᠠᠵᠤ᠂ ᠲᠡᠳᠡᠨ᠎ᠢ ᠪᠥᠬᠥ ᠲᠠᠯ᠎ᠠ᠎ᠪᠠᠷ ᠨᠡᠩ ᠰᠠᠢ᠌ᠨ ᠬᠠᠪᠰᠤᠷᠤᠨ ᠲᠡᠳᠬᠦᠵᠦ ᠬᠠᠯᠠᠮᠵᠢᠯᠠᠨ ᠬᠠᠮᠠᠭ᠋ᠠᠯᠠᠬᠤ ᠬᠡᠷᠡᠭᠲᠡᠶ ᠭᠡᠵᠤ ᠰᠠᠨᠠᠯ ᠨᠢᠭᠡᠲᠠᠢ ᠦᠵᠡᠪᠡ᠃