ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠠᠷᠠᠳ᠎ᠤᠨ ᠶᠠᠪᠤᠳᠠᠯ᠎ᠤᠨ ᠳᠢᠩᠬᠢᠮ ᠪᠤᠯᠤᠨ ᠠᠵᠢᠯᠴᠢᠨ᠎ᠤ ᠶᠡᠷᠦᠩᠭᠡᠢ ᠡᠪᠯᠡᠯ ᠬᠠᠮᠳᠤᠷᠠᠨ ᠬᠦᠴᠢᠷᠳᠡᠯ᠎ᠲᠠᠢ ᠠᠵᠢᠯᠳᠠᠨ ᠠᠵᠢᠯᠴᠢᠨ᠎ᠤ ᠭᠡᠷ ᠪᠦᠯᠢ ᠵᠢᠨ ᠳ᠋ᠠᠢ᠌ᠲ᠋ᠠ ᠵᠢ ᠬᠠᠷᠭᠤᠭᠤᠯᠬᠤ ᠪᠠ ᠮᠡᠳᠡᠭᠡ ᠵᠠᠩᠬᠢ ᠵᠢ ᠬᠠᠮᠳᠤᠪᠠᠷ ᠠᠰᠢᠭᠯᠠᠬᠤ ᠠᠵᠢᠯ ᠵᠶ᠋ᠠᠨ ᠴᠢᠩᠭ᠋ᠠᠳᠬᠠᠪᠠ
ᠨᠡᠶᠢᠲᠡᠯᠡᠭᠰᠡᠨ ᠴᠠᠭ᠄ 2018-12-18

             
      ᠣᠢ᠌ᠷ᠎ᠡ᠎ᠳᠤ᠂ ᠦᠪᠡᠷᠳᠡᠭᠡᠨ ᠵᠠᠰᠠᠬᠤ ᠤᠷᠤᠨ᠎ᠤ ᠠᠵᠢᠯᠴᠢᠨ᠎ᠤ ᠶᠡᠷᠦᠩᠭᠡᠢ ᠡᠪᠯᠡᠯ ᠪᠤᠯᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ ᠬᠠᠮᠳᠤᠷᠠᠨ 《ᠠᠵᠢᠯᠴᠢᠨ᠎ᠤ ᠡᠪᠯᠡᠯ᠎ᠤᠨ ᠵᠤᠬᠢᠶᠠᠨ ᠪᠠᠢ᠌ᠭᠤᠯᠤᠯᠳᠠ ᠪᠤᠯᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠬᠦᠴᠢᠷᠳᠡᠯ᠎ᠲᠠᠢ ᠠᠵᠢᠯᠳᠠᠨ ᠠᠵᠢᠯᠴᠢᠨ᠎ᠤ ᠭᠡᠷ ᠪᠦᠯᠢ ᠵᠢᠨ ᠳ᠋ᠠᠢ᠌ᠲ᠋ᠠ ᠵᠢ ᠬᠠᠷᠭᠤᠭᠤᠯᠬᠤ ᠪᠠ ᠮᠡᠳᠡᠭᠡ ᠵᠠᠩᠬᠢ ᠵᠢ ᠬᠠᠮᠳᠤᠪᠠᠷ ᠠᠰᠢᠭᠯᠠᠬᠤ ᠠᠵᠢᠯ᠎ᠢ ᠴᠢᠩᠭ᠋ᠠᠳᠬᠠᠬᠤ ᠳᠤᠬᠠᠢ ᠮᠡᠳᠡᠭᠳᠡᠯ》 ᠪᠠᠭᠤᠯᠭ᠋ᠠᠨ᠂ ᠠᠵᠢᠯᠴᠢᠨ᠎ᠤ ᠡᠪᠯᠡᠯ ᠪᠤᠯᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠬᠤᠭᠤᠷᠤᠨᠳᠤᠬᠢ ᠳᠤᠰᠠᠯᠠᠮᠵᠢ ᠵᠢᠨ ᠮᠡᠳᠡᠭᠡ ᠵᠠᠩᠬᠢ ᠵᠢ ᠬᠠᠷᠢᠯᠴᠠᠨ ᠨᠡᠪᠳᠡᠷᠡᠬᠦᠯᠵᠤ ᠬᠠᠮᠳᠤᠪᠠᠷ ᠠᠰᠢᠭᠯᠠᠬᠤ ᠠᠵᠢᠯ᠎ᠢ ᠴᠢᠩᠭ᠋ᠠᠳᠬᠠᠵᠠᠢ᠃
      ᠮᠡᠳᠡᠭᠳᠡᠯ᠎ᠳᠤ᠂ ᠡᠯ᠎ᠡ ᠱᠠᠳᠤᠨ᠎ᠤ ᠳᠡᠳᠬᠦᠨ ᠳᠡᠮᠵᠢᠬᠦ ᠳᠦᠪ᠎ᠨᠢ ᠵᠢᠯ ᠪᠦᠷᠢ ᠵᠢᠨ 3 ᠳ᠋ᠤᠭ᠋ᠠᠷ ᠰᠠᠷ᠎ᠠ ᠵᠢᠨ ᠰᠡᠬᠦᠯᠴᠢ᠎ᠠᠴᠠ ᠠ᠋ᠮᠤᠨ᠎ᠡ ᠳᠡᠭᠡᠷ᠎ᠡ ᠵᠢᠯ᠎ᠤᠨ ᠬᠦᠴᠢᠷᠳᠡᠯ᠎ᠲᠠᠢ ᠠᠵᠢᠯᠳᠠᠨ ᠠᠵᠢᠯᠴᠢᠨ᠎ᠤ ᠭᠡᠷ ᠪᠦᠯᠢ ᠵᠢ ᠳᠤᠰᠠᠯᠠᠭᠰᠠᠨ ᠮᠡᠳᠡᠭᠡ ᠵᠠᠩᠬᠢ᠎ᠪᠠᠨ ᠦᠪᠡᠷᠳᠡᠭᠡᠨ ᠵᠠᠰᠠᠬᠤ ᠤᠷᠤᠨ᠎ᠤ ᠠᠵᠢᠯᠴᠢᠨ᠎ᠤ ᠶᠡᠷᠦᠩᠭᠡᠢ ᠡᠪᠯᠡᠯ᠎ᠳᠤ ᠮᠡᠳᠡᠬᠦᠯᠵᠤ᠂ ᠦᠪᠡᠷᠳᠡᠭᠡᠨ ᠵᠠᠰᠠᠬᠤ ᠤᠷᠤᠨ᠎ᠤ ᠠᠵᠢᠯᠴᠢᠨ᠎ᠤ ᠶᠡᠷᠦᠩᠭᠡᠢ ᠡᠪᠯᠡᠯ᠎ᠨᠢ ᠬᠤᠷᠢᠶᠠᠩᠭᠤᠢ᠌ᠯᠠᠨ ᠠ᠋ᠮᠬᠢᠳᠬᠡᠭᠡᠳ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠳᠤ ᠮᠡᠳᠡᠬᠦᠯᠬᠦ ᠭᠡᠷᠡᠭᠳᠡᠢ᠃ ᠠᠷᠠᠳ᠎ᠤᠨ ᠶᠠᠪᠤᠳᠠᠯ᠎ᠤᠨ ᠳᠢᠩᠬᠢᠮ᠎ᠨᠢ ᠬᠦᠴᠢᠷᠳᠡᠯ᠎ᠲᠠᠢ ᠠᠵᠢᠯᠳᠠᠨ ᠠᠵᠢᠯᠴᠢᠨ᠎ᠤ ᠭᠡᠷ ᠪᠦᠯᠢ ᠵᠢᠨ ᠨᠡᠢ᠌ᠭᠡᠮ᠎ᠤᠨ ᠳᠤᠰᠠᠯᠠᠮᠵᠢ ᠬᠦᠷᠳᠡᠭᠰᠡᠨ ᠪᠠᠢ᠌ᠳᠠᠯ᠎ᠢ ᠳᠤᠭᠳᠠᠮᠠᠯ ᠬᠤᠭᠤᠴᠠᠭ᠎ᠠ᠎ᠲᠠᠢ᠎ᠪᠠᠷ ᠠᠵᠢᠯᠴᠢᠨ᠎ᠤ ᠶᠡᠷᠦᠩᠭᠡᠢ ᠡᠪᠯᠡᠯ᠎ᠳᠤ ᠮᠡᠳᠡᠬᠦᠯᠬᠦ ᠭᠡᠷᠡᠭᠳᠡᠢ ᠭᠡᠵᠤ ᠱᠠᠭ᠋ᠠᠷᠳᠠᠵᠠᠢ᠃ ᠮᠡᠳᠡᠭᠳᠡᠯ᠎ᠳᠤ ᠪᠠᠰᠠ ᠰᠢᠨ᠎ᠠ᠎ᠪᠠᠷ ᠭᠤᠶᠤᠴᠢᠯᠠᠵᠤ ᠪᠠᠢ᠌ᠭ᠎ᠠ ᠬᠦᠴᠢᠷᠳᠡᠯ᠎ᠲᠠᠢ ᠠᠵᠢᠯᠳᠠᠨ᠎ᠢ ᠤᠯᠠᠷᠢᠯ ᠵᠶ᠋ᠡᠷ (ᠨᠢᠭᠡᠨᠳᠡ ᠳᠠᠩᠰᠠ ᠡᠪᠭᠡᠮᠡᠯ᠎ᠲᠠᠢ ᠪᠤᠯᠤᠭᠰᠠᠨ ᠬᠦᠴᠢᠷᠳᠡᠯ᠎ᠲᠠᠢ ᠠᠵᠢᠯᠳᠠᠨ ᠠᠵᠢᠯᠴᠢᠨ᠎ᠢ ᠵᠢᠯ ᠵᠶ᠋ᠡᠷ) ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ᠎ᠨᠢ ᠬᠢᠨᠠᠨ ᠬᠠᠷᠭᠤᠭᠤᠯᠵᠤ᠂ ᠡᠯ᠎ᠡ ᠱᠠᠳᠤᠨ᠎ᠤ ᠠᠵᠢᠯᠴᠢᠨ᠎ᠤ ᠡᠪᠯᠡᠯ ᠱᠠᠳᠤ ᠳᠠᠷᠠᠭ᠋ᠠᠯᠠᠨ ᠳ᠋ᠦᠩᠨᠡᠨ ᠬᠤᠷᠢᠶᠠᠩᠭᠤᠢ᠌ᠯᠠᠵᠤ᠂ ᠦᠪᠡᠷᠳᠡᠭᠡᠨ ᠵᠠᠰᠠᠬᠤ ᠤᠷᠤᠨ᠎ᠤ ᠠᠵᠢᠯᠴᠢᠨ᠎ᠤ ᠶᠡᠷᠦᠩᠭᠡᠢ ᠡᠪᠯᠡᠯ᠎ᠨᠢ ᠳᠤᠤᠷ ᠰᠦᠯᠵᠢᠶ᠎ᠠ ᠳᠡᠭᠡᠷ᠎ᠡ᠎ᠠᠴᠠ ᠬᠤᠷᠢᠶᠠᠨ ᠠᠪᠤᠭ᠋ᠠᠳ ᠨᠢᠭᠡᠳᠤᠯᠳᠠᠢ᠎ᠪᠠᠷ ᠠᠷᠠᠳ᠎ᠤᠨ ᠶᠠᠪᠤᠳᠠᠯ᠎ᠤᠨ ᠳᠢᠩᠬᠢᠮ᠎ᠳᠤ ᠳᠤᠰᠢᠶᠠᠨ ᠦᠭᠴᠤ ᠬᠢᠨᠠᠨ ᠬᠠᠷᠭᠤᠭᠤᠯᠬᠤ ᠭᠡᠷᠡᠭᠳᠡᠢ ᠭᠡᠵᠤ ᠱᠠᠭ᠋ᠠᠷᠳᠠᠭᠰᠠᠨ ᠪᠠᠢ᠌ᠨ᠎ᠠ᠃ ᠠ᠋ᠬᠦᠨ᠎ᠤ ᠬᠠᠮᠳᠤ ᠪᠠᠰᠠ ᠬᠤᠪᠢ ᠬᠦᠮᠦᠨ᠎ᠤ ᠮᠡᠳᠡᠭᠡ ᠵᠠᠩᠬᠢ ᠵᠢᠨ ᠠᠮᠤᠷ ᠳᠦᠪᠰᠢᠨ ᠪᠠ ᠨᠢᠭᠤᠴᠠ ᠵᠢ ᠬᠠᠮᠠᠭ᠋ᠠᠯᠠᠬᠤ ᠠᠵᠢᠯ ᠵᠶ᠋ᠠᠨ ᠴᠢᠩᠭ᠋ᠠᠳᠬᠠᠬᠤ ᠵᠢ ᠱᠠᠭ᠋ᠠᠷᠳᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠳᠢᠩᠬᠢᠮ᠎ᠤᠨ ᠠᠵᠢᠯᠳᠠᠨ ᠪᠦᠬᠦ ᠤᠯᠤᠰ᠎ᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ᠎ᠤᠨ ᠰᠢᠰᠲᠸᠮ᠎ᠢ ᠰᠦᠯᠵᠢᠶᠡᠨ᠎ᠳᠤ ᠭᠠᠷᠭ᠋ᠠᠬᠤ ᠬᠤᠷᠠᠯ᠎ᠳᠤ ᠤᠷᠤᠯᠴᠠᠪᠠ
ᠰᠢᠨ᠎ᠠ ᠬᠤᠳᠠ ᠳᠤᠭᠤᠷᠢᠭ ᠪᠣᠯᠤᠨ ᠪᠠᠭ᠋ᠠᠷᠢᠨ ᠵᠡᠬᠦᠨ ᠬᠤᠰᠢᠭᠤ 《ᠦᠪᠡᠷᠳᠡᠭᠡᠨ ᠵᠠᠰᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠵᠢᠷᠤᠮᠵᠢᠭᠰᠡᠨ ᠬᠠᠮᠢᠶᠠᠷᠤᠯᠳᠠ ᠵᠢᠨ ᠠᠩᠬᠠᠳᠠᠭᠴᠢ ᠪᠦᠯᠦᠭ ᠵᠢᠱ᠌ᠢᠶ᠎ᠠ ᠦᠵᠡᠬᠦᠯᠬᠦ ᠬᠤᠰᠢᠭᠤ ᠳᠤᠭᠤᠷᠢᠭ》 ᠵᠶ᠋ᠡᠷ ᠰᠤᠩᠭᠤᠭᠳᠠᠪᠠ
ᠹᠸᠩ ᠬᠤ᠌ ᠠ᠋ᠾᠸ ᠪᠦᠬᠦ ᠤᠯᠤᠰ᠎ᠤᠨ ᠠᠷᠠᠳ᠎ᠤᠨ ᠶᠠᠪᠤᠳᠠᠯ᠎ᠤᠨ ᠬᠠᠤᠯᠢᠵᠢᠯ᠎ᠤᠨ ᠠᠵᠢᠯ᠎ᠤᠨ ᠪᠤᠯᠪᠠᠰᠤᠷᠠᠯ᠎ᠳᠤ ᠤᠷᠤᠯᠴᠠᠪᠠ
ᠳᠡᠳ᠋ ᠳᠤᠭᠤᠷᠢᠨ ᠪᠠᠢ᠌ᠴᠠᠭ᠋ᠠᠭᠴᠢ ᠴᠡᠩᠭᠡᠯᠳᠤ 2018 ᠤᠨ᠎ᠤ ᠤᠳᠤᠷᠢᠳᠬᠤ ᠺᠠᠳ᠋ᠷ᠎ᠤᠨ ᠬᠠᠤᠯᠢ᠎ᠪᠠᠷ ᠵᠠᠰᠠᠬᠤ ᠪᠤᠯᠪᠠᠰᠤᠷᠠᠯ᠎ᠳᠤ ᠤᠷᠤᠯᠴᠠᠪᠠ
ᠮᠠᠨᠵᠤᠤᠷ ᠬᠤᠳᠠ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢ ᠬᠢᠨᠠᠨ ᠵᠦᠪᠰᠢᠶᠡᠷᠡᠬᠦ ᠭᠠᠷᠳᠠᠮ᠎ᠢ ᠰᠦᠯᠵᠢᠶᠡᠨ ᠳᠡᠭᠡᠷ᠎ᠡ ᠬᠦᠢ᠍ᠴᠡᠳᠭᠡᠬᠦ ᠪᠤᠯᠪᠠ
 
            