ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠬᠦᠬᠡᠬᠤᠳᠠ᠎ᠳᠤ ᠳᠠᠩᠰᠠᠯᠠᠭᠤᠯᠤᠭᠰᠠᠨ ᠰᠠᠢ᠌ᠨ ᠳᠤᠷ᠎ᠡ ᠵᠢᠨ ᠦᠢ᠍ᠯᠡᠴᠢᠯᠡᠭᠴᠢᠳ 23 ᠳᠦᠮᠡ᠎ᠳᠤ ᠬᠦᠷᠪᠡ
ᠨᠡᠶᠢᠲᠡᠯᠡᠭᠰᠡᠨ ᠴᠠᠭ᠄ 2018-12-06

               
      ᠪᠦᠬᠦ ᠤᠯᠤᠰ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠴᠢᠳ᠎ᠤᠨ ᠮᠡᠳᠡᠭᠡ ᠵᠠᠩᠬᠢ ᠵᠢᠨ ᠰᠢᠰᠲᠸᠮ᠎ᠤᠨ᠎ᠬᠢᠨ᠎ᠤ ᠢᠯᠡᠷᠡᠬᠦᠯᠦᠭᠰᠡᠨ ᠵᠶ᠋ᠡᠷ᠂ ᠤᠳᠤᠬᠠᠨ᠎ᠳᠤ ᠬᠦᠬᠡᠬᠤᠳᠠ ᠵᠢᠨ ᠦᠨᠠᠨ ᠨᠠᠷ᠎ᠠ᠎ᠪᠠᠷ ᠳᠠᠩᠰᠠᠯᠠᠭᠤᠯᠤᠭᠰᠠᠨ ᠰᠠᠢ᠌ᠨ ᠳᠤᠷ᠎ᠠ ᠵᠢᠨ ᠦᠢ᠍ᠯᠡᠴᠢᠯᠡᠭᠴᠢᠳ᠎ᠤᠨ ᠳᠤᠭ᠎ᠠ 232214᠎ᠳᠤ ᠬᠦᠷᠴᠤ᠂ ᠠ᠋ᠬᠦᠨ᠎ᠳᠤ ᠭᠤᠤᠯᠳᠠᠭᠤ ᠨᠡᠢ᠌ᠭᠡᠮ ᠳᠤᠭᠤᠷᠢᠭ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠴᠢᠳ᠂ ᠵᠠᠯᠠᠭᠤ ᠰᠠᠢ᠌ᠨ ᠳᠤᠷ᠎ᠠ ᠵᠢᠨ ᠦᠢ᠍ᠯᠡᠴᠢᠯᠡᠭᠴᠢᠳ ᠪᠤᠯᠤᠨ ᠪᠤᠯᠪᠠᠰᠤᠨ᠎ᠤ ᠰᠠᠢ᠌ᠨ ᠳᠤᠷ᠎ᠠ ᠵᠢᠨ ᠦᠢ᠍ᠯᠡᠴᠢᠯᠡᠭᠴᠢᠳ᠂ ᠳᠤᠰ ᠳᠤᠰ 40.26% ᠪᠠ 30.46᠂ 20.58% ᠵᠢ ᠡᠵᠡᠯᠡᠵᠤ ᠪᠤᠢ᠃
      ᠪᠦᠷᠢᠳᠭᠡᠯ ᠵᠶ᠋ᠡᠷ ᠬᠦᠬᠡᠬᠤᠳᠠ᠎ᠳᠤ ᠳᠠᠩᠰᠠᠯᠠᠭᠤᠯᠤᠭᠰᠠᠨ ᠰᠠᠢ᠌ᠨ ᠳᠤᠷ᠎ᠠ ᠵᠢᠨ ᠦᠢ᠍ᠯᠡᠴᠢᠯᠡᠭᠴᠢᠳ᠎ᠤᠨ ᠪᠦᠯᠬᠦᠮ 1253᠎ᠳᠤ ᠬᠦᠷᠴᠤ᠂ ᠠ᠋ᠬᠦᠨ᠎ᠳᠤ ᠨᠡᠢ᠌ᠭᠡᠮ᠎ᠤᠨ ᠪᠦᠯᠬᠦᠮ 57᠂ ᠨᠡᠢ᠌ᠭᠡᠮ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ 11᠂ ᠰᠠᠭᠤᠷᠢ ᠮᠦᠩᠬᠦᠨ᠎ᠤ ᠨᠡᠢ᠌ᠭᠡᠮᠯᠢᠭ 1᠂ ᠪᠠᠢ᠌ᠭᠤᠯᠭ᠎ᠠ ᠨᠢᠭᠡᠴᠢ ᠪᠤᠯᠤᠨ ᠨᠡᠢ᠌ᠭᠡᠮ ᠳᠤᠭᠤᠷᠢᠭ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠤᠬᠢᠶᠠᠨ ᠪᠠᠢ᠌ᠭᠤᠯᠤᠯᠳᠠ 1184᠎ᠳᠤ ᠬᠦᠷᠴᠡᠢ᠃
     2018 ᠤᠨ᠎ᠳᠤ ᠬᠦᠬᠡᠬᠤᠳᠠ ᠵᠢᠨ 9 ᠬᠤᠰᠢᠭᠤ ᠰᠢᠶᠠᠨ ᠳᠤᠭᠤᠷᠢᠭ᠂ 31 ᠵᠡᠭᠡᠯᠢ ᠭᠤᠳᠤᠮᠵᠢ ᠵᠢᠨ ᠭᠡᠷᠡᠭ ᠠ᠋ᠷᠬᠢᠯᠡᠬᠦ ᠭᠠᠵᠠᠷ᠂ 310 ᠨᠡᠢ᠌ᠭᠡᠮ ᠳᠤᠭᠤᠷᠢᠭ᠂ 125 ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ᠎ᠨᠢ ᠤᠷᠢᠳ ᠬᠤᠵᠢᠳ ᠡᠯ᠎ᠡ ᠵᠦᠢ᠍ᠯ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ 2000 ᠭᠠᠷᠤᠢ ᠤᠳᠠᠭ᠎ᠠ ᠦᠷᠨᠢᠬᠦᠯᠵᠤ᠂ ᠨᠢᠭᠡ ᠵᠢᠯ᠎ᠤᠨ ᠳᠤᠷᠰᠢ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠨᠢᠷᠤᠭᠤᠪᠴᠢ ᠬᠦᠴᠦᠨ 300 ᠭᠠᠷᠤᠢ ᠬᠦᠮᠦᠨ᠎ᠢ ᠪᠣᠯᠪᠠᠰᠤᠷᠠᠭᠤᠯᠤᠨ᠂ ᠨᠡᠢ᠌ᠳᠡ 134054 ᠴᠠᠭ᠎ᠤᠨ ᠦᠢ᠍ᠯᠡᠴᠢᠯᠡᠭᠡ ᠬᠢᠵᠠᠢ᠃
      ᠰᠠᠢ᠌ᠨ ᠳᠤᠷ᠎ᠡ ᠵᠢᠨ ᠦᠢ᠍ᠯᠡᠴᠢᠯᠡᠭᠴᠢᠳ᠎ᠤᠨ ᠠ᠋ᠩᠨᠡᠭᠡ ᠠ᠋ᠳᠤᠷ ᠢᠷᠡᠬᠦᠶ᠎ᠡ ᠪᠤᠵᠠᠭ᠋ᠠᠢ᠌ᠷᠠᠵᠤ ᠪᠠᠢ᠌ᠭ᠎ᠠ᠎ᠨᠢ ᠬᠤᠳᠠ ᠵᠢᠨ ᠠᠷᠠᠳ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ᠎ᠬᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠳᠤ ᠤᠯᠠᠮ ᠢᠳᠡᠪᠬᠢᠳᠡᠢ ᠤᠷᠤᠯᠴᠠᠬᠤ ᠪᠤᠯᠤᠭᠰᠠᠨ᠎ᠢ ᠬᠠᠷᠠᠭᠤᠯᠵᠤ ᠪᠠᠢ᠌ᠭ᠎ᠠ ᠶᠤᠮ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠳᠢᠩᠬᠢᠮ ᠤᠯᠤᠰ᠎ᠤᠨ ᠳᠡᠰ᠎ᠤᠨ ᠶᠠᠳᠠᠭᠤ ᠬᠦᠴᠢᠷᠳᠡᠯ᠎ᠲᠠᠢ ᠬᠤᠰᠢᠭᠤ ᠰᠢᠶᠠᠨ᠎ᠤ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠣᠯᠪᠠᠰᠤᠷᠠᠯ᠎ᠤᠨ ᠬᠤᠷᠠᠯ ᠬᠢᠪᠠ
ᠤᠯᠠᠭ᠋ᠠᠨᠴᠠᠪ ᠬᠤᠳᠠ ᠪᠦᠬᠦ ᠬᠤᠳᠠ ᠵᠢᠨ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠨᠠᠮ᠎ᠤᠨ ᠪᠠᠢ᠌ᠭᠤᠯᠤᠯᠳᠠ ᠵᠢᠨ ᠬᠠᠷᠢᠭᠤᠴᠠᠯᠭ᠋ᠠᠳᠠᠨ᠎ᠢ ᠪᠤᠯᠪᠠᠰᠤᠷᠠᠭᠤᠯᠵᠠᠢ
ᠠᠯᠠᠱ᠌ᠠ ᠠᠢ᠌ᠮᠠᠭ᠎ᠤᠨ᠎ᠬᠢᠨ 《ᠦᠪᠡᠷᠳᠡᠭᠡᠨ ᠵᠠᠰᠠᠬᠤ ᠤᠷᠤᠨ᠎ᠤ ᠳᠤᠭᠳᠠᠭ᠋ᠠᠨ ᠭᠡᠷᠡᠭᠵᠢᠬᠦᠯᠦᠭᠰᠡᠨ ᠨᠠᠰᠤᠳᠠᠢ᠌ᠴᠤᠳ᠎ᠢ ᠬᠠᠷᠠᠭ᠋ᠠᠯᠵᠠᠬᠤ ᠦᠢ᠍ᠯᠡᠴᠢᠯᠡᠭᠡᠨ᠎ᠤ ᠳᠦᠷᠦᠯ ᠵᠦᠢ᠍ᠯ᠎ᠤᠨ ᠠ᠋ᠬᠦᠷᠭᠡ ᠵᠢ ᠬᠤᠪᠢᠶᠠᠨ ᠨᠠᠢ᠌ᠳᠠᠪᠤᠷᠢᠵᠢᠭᠤᠯᠬᠤ ᠳᠤᠬᠠᠢ ᠰᠠᠨᠠᠯ》 ᠳᠤᠭᠳᠠᠭ᠋ᠠᠨ ᠪᠠᠭᠤᠯᠭ᠋ᠠᠪᠠ
ᠤᠯᠠᠭ᠋ᠠᠨᠴᠠᠪ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠪᠦᠬᠦ ᠬᠤᠳᠠ ᠵᠢᠨ ᠭᠠᠴᠠᠭ᠎ᠠ ᠳᠤᠰᠬᠤᠨ᠎ᠤ ᠠ᠋ᠷᠬᠢᠯᠡᠭᠴᠢ ᠵᠢ ᠪᠤᠯᠪᠠᠰᠤᠷᠠᠭᠤᠯᠪᠠ
ᠠᠷᠠᠳ᠎ᠤᠨ ᠶᠠᠪᠤᠳᠠᠯ᠎ᠤᠨ ᠳᠢᠩᠬᠢᠮ ᠪᠤᠯᠤᠨ ᠠᠵᠢᠯᠴᠢᠨ᠎ᠤ ᠶᠡᠷᠦᠩᠭᠡᠢ ᠡᠪᠯᠡᠯ ᠬᠠᠮᠳᠤᠷᠠᠨ ᠬᠦᠴᠢᠷᠳᠡᠯ᠎ᠲᠠᠢ ᠠᠵᠢᠯᠳᠠᠨ ᠠᠵᠢᠯᠴᠢᠨ᠎ᠤ ᠭᠡᠷ ᠪᠦᠯᠢ ᠵᠢᠨ ᠳ᠋ᠠᠢ᠌ᠲ᠋ᠠ ᠵᠢ ᠬᠠᠷᠭᠤᠭᠤᠯᠬᠤ ᠪᠠ ᠮᠡᠳᠡᠭᠡ ᠵᠠᠩᠬᠢ ᠵᠢ ᠬᠠᠮᠳᠤᠪᠠᠷ ᠠᠰᠢᠭᠯᠠᠬᠤ ᠠᠵᠢᠯ ᠵᠶ᠋ᠠᠨ ᠴᠢᠩᠭ᠋ᠠᠳᠬᠠᠪᠠ
 
            