ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠰᠢᠨ᠎ᠠ ᠬᠤᠳᠠ ᠳᠤᠭᠤᠷᠢᠭ ᠪᠣᠯᠤᠨ ᠪᠠᠭ᠋ᠠᠷᠢᠨ ᠵᠡᠬᠦᠨ ᠬᠤᠰᠢᠭᠤ 《ᠦᠪᠡᠷᠳᠡᠭᠡᠨ ᠵᠠᠰᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠵᠢᠷᠤᠮᠵᠢᠭᠰᠡᠨ ᠬᠠᠮᠢᠶᠠᠷᠤᠯᠳᠠ ᠵᠢᠨ ᠠᠩᠬᠠᠳᠠᠭᠴᠢ ᠪᠦᠯᠦᠭ ᠵᠢᠱ᠌ᠢᠶ᠎ᠠ ᠦᠵᠡᠬᠦᠯᠬᠦ ᠬᠤᠰᠢᠭᠤ ᠳᠤᠭᠤᠷᠢᠭ》 ᠵᠶ᠋ᠡᠷ ᠰᠤᠩᠭᠤᠭᠳᠠᠪᠠ
ᠨᠡᠶᠢᠲᠡᠯᠡᠭᠰᠡᠨ ᠴᠠᠭ᠄ 2018-12-18

                                               
      ᠣᠢ᠌ᠷ᠎ᠡ᠎ᠳᠤ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ ᠨᠡᠷᠢᠨ ᠬᠢᠨᠠᠮᠠᠭ᠋ᠠᠢ ᠬᠢᠨᠠᠨ ᠰᠢᠯᠭ᠋ᠠᠷᠠᠭᠤᠯᠬᠤ᠎ᠪᠠᠷ ᠳᠠᠮᠵᠢᠨ ᠬᠦᠬᠡᠬᠤᠳᠠ ᠵᠢᠨ ᠰᠢᠨ᠎ᠠ ᠬᠤᠳᠠ ᠳᠤᠭᠤᠷᠢᠭ᠂ ᠤᠯᠠᠭ᠋ᠠᠨᠬᠠᠳᠠ ᠬᠤᠳᠠ ᠵᠢᠨ ᠪᠠᠭ᠋ᠠᠷᠢᠨ ᠵᠡᠬᠦᠨ ᠬᠤᠰᠢᠭᠤ ᠵᠢ 《ᠦᠪᠡᠷᠳᠡᠭᠡᠨ ᠵᠠᠰᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠵᠢᠷᠤᠮᠵᠢᠭᠰᠡᠨ ᠬᠠᠮᠢᠶᠠᠷᠤᠯᠳᠠ ᠵᠢᠨ ᠠᠩᠬᠠᠳᠠᠭᠴᠢ ᠪᠦᠯᠦᠭ ᠵᠢᠱ᠌ᠢᠶ᠎ᠠ ᠦᠵᠡᠬᠦᠯᠬᠦ ᠬᠤᠰᠢᠭᠤ ᠳᠤᠭᠤᠷᠢᠭ》 ᠵᠶ᠋ᠡᠷ ᠳᠤᠭᠳᠠᠭ᠋ᠠᠪᠠ᠃ ᠬᠦᠬᠡᠬᠤᠳᠠ ᠵᠢᠨ ᠰᠢᠨ᠎ᠠ ᠬᠤᠳᠠ ᠳᠤᠭᠤᠷᠢᠭ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ 《ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠵᠠᠰᠠᠭ ᠵᠠᠬᠢᠷᠭ᠋ᠠᠨ᠎ᠤ ᠬᠠᠤᠯᠢ ᠭᠡᠷᠡᠭᠵᠢᠬᠦᠯᠬᠦ ᠳᠤᠬᠠᠢ ᠵᠢᠷᠤᠮᠵᠢᠭᠰᠡᠨ ᠪᠢᠴᠢᠭ ᠮᠠᠲᠸᠷᠢᠶᠠᠯ》᠎ᠨᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠭᠤᠶᠤᠴᠢᠯᠠᠬᠤ᠂ ᠬᠢᠨᠠᠨ ᠬᠠᠷᠭᠤᠭᠤᠯᠬᠤ᠂ ᠬᠢᠨᠠᠨ ᠵᠦᠪᠰᠢᠶᠡᠷᠡᠬᠦ ᠵᠡᠷᠭᠡ ᠭᠤᠭᠴᠤᠭ᠎ᠠ᠎ᠳᠤ ᠳᠤᠳᠤᠷᠬᠠᠢ ᠳᠤᠭᠳᠠᠭ᠋ᠠᠯ ᠳᠤᠭᠳᠠᠭ᠋ᠠᠨ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠠᠵᠢᠯ᠎ᠤᠨ ᠬᠠᠤᠯᠢ ᠭᠡᠷᠡᠭᠵᠢᠬᠦᠯᠬᠦ ᠪᠡ ᠵᠢᠷᠤᠮᠵᠢᠭᠰᠠᠨ ᠬᠠᠮᠢᠶᠠᠷᠤᠯᠳᠠ ᠵᠢ ᠴᠢᠩᠭ᠋ᠠᠳᠬᠠᠬᠤ ᠵᠢ ᠠᠬᠢᠭᠤᠯᠵᠠᠢ᠃ ᠤᠯᠠᠭ᠋ᠠᠨᠬᠠᠳᠠ ᠬᠤᠳᠠ ᠵᠢᠨ ᠪᠠᠭ᠋ᠠᠷᠢᠨ ᠵᠡᠬᠦᠨ ᠬᠤᠰᠢᠭᠤᠨ᠎ᠤ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠬᠦ ᠬᠦᠮᠦᠨ᠎ᠢ ᠨᠣᠲᠠᠯᠠᠨ ᠳᠤᠭᠳᠠᠭ᠋ᠠᠬᠤ ᠠᠷᠭ᠎ᠠ ᠪᠠ ᠬᠠᠮᠢᠶᠠᠷᠤᠯᠳᠠ ᠵᠢᠨ ᠰᠢᠰᠲᠸᠮ᠎ᠨᠢ ᠪᠦᠬᠦ ᠤᠯᠤᠰ᠎ᠤᠨ ISO9001 ᠶᠠᠰᠤ ᠴᠢᠨᠠᠷ᠎ᠤᠨ ᠬᠠᠮᠢᠶᠠᠷᠤᠯᠳᠠ ᠵᠢᠨ ᠰᠢᠰᠲᠸᠮ᠎ᠤᠨ ᠪᠠᠷᠢᠮᠵᠢᠶ᠎ᠠ᠎ᠳᠤ ᠬᠦᠷᠴᠤ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠵᠢᠷᠤᠮᠵᠢᠭᠰᠡᠨ ᠬᠠᠮᠢᠶᠠᠷᠤᠯᠳᠠ ᠪᠤᠯᠤᠨ ᠪᠠᠷᠢᠮᠵᠢᠶᠠᠵᠢᠭᠰᠠᠨ ᠰᠢᠰᠲᠸᠮ᠎ᠤᠨ ᠪᠦᠳᠦᠭᠡᠨ ᠪᠠᠢ᠌ᠭᠤᠯᠤᠯᠳᠠ ᠵᠡᠷᠭᠡ ᠳᠡᠯ᠎ᠡ᠎ᠪᠠᠷ ᠪᠦᠳᠦᠮᠵᠢᠳᠡᠢ ᠠᠮᠵᠢᠯᠳᠠ ᠤᠯᠵᠠᠢ᠃
      ᠰᠢᠨ᠎ᠠ ᠬᠤᠳᠠ ᠳᠤᠭᠤᠷᠢᠭ ᠪᠤᠯᠤᠨ ᠪᠠᠭ᠋ᠠᠷᠢᠨ ᠵᠡᠬᠦᠨ ᠬᠤᠰᠢᠭᠤᠨ᠎ᠤ᠎ᠬᠢᠨ ᠠᠵᠢᠯ᠎ᠤᠨ ᠳᠤᠭᠳᠠᠴᠠ᠎ᠪᠠᠨ ᠳᠡᠬᠦᠯᠳᠡᠷᠵᠢᠬᠦᠯᠬᠦ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠬᠦ ᠬᠦᠮᠤᠰ᠎ᠢ ᠤᠨᠤᠴᠢᠳᠠᠢ ᠳᠤᠭᠳᠠᠭ᠋ᠠᠬᠤ᠂ ᠠ᠋ᠳᠤᠷ ᠳᠤᠳᠤᠮ᠎ᠤᠨ ᠵᠢᠷᠤᠮᠵᠢᠭᠰᠡᠨ ᠬᠠᠮᠢᠶᠠᠷᠤᠯᠳᠠ ᠵᠢ ᠴᠢᠩᠭ᠋ᠠᠳᠬᠠᠬᠤ ᠵᠡᠷᠭᠡ ᠳᠠᠯ᠎ᠠ᠎ᠪᠠᠷ ᠰᠢᠪᠳᠤᠯᠤᠯᠳᠠ ᠵᠢᠨ ᠴᠢᠨᠠᠷ᠎ᠲᠠᠢ ᠠᠬᠢᠯᠳᠠ᠎ᠲᠠᠢ ᠪᠤᠯᠵᠤ᠂ ᠪᠦᠬᠦ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠠᠵᠢᠯ᠎ᠤᠨ ᠰᠢᠨᠵᠢᠯᠡᠬᠦ ᠤᠬᠠᠭ᠋ᠠᠨᠵᠢᠭᠰᠠᠨ᠂ ᠪᠠᠷᠢᠮᠵᠢᠶᠠᠵᠢᠭᠰᠠᠨ᠂ ᠵᠢᠷᠤᠮᠵᠢᠭᠰᠠᠨ ᠬᠠᠮᠢᠶᠠᠷᠤᠯᠳᠠ ᠵᠢ ᠠᠬᠢᠭᠤᠯᠬᠤ᠎ᠳᠤ ᠳᠦᠢ᠍ᠯ᠎ᠤᠨ ᠴᠢᠬᠤᠯᠠ ᠦᠢ᠍ᠯᠡᠳᠤᠯ ᠦᠵᠡᠬᠦᠯᠵᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠹᠸᠩ ᠬᠤ᠌ ᠠ᠋ᠾᠸ ᠪᠦᠬᠦ ᠤᠯᠤᠰ᠎ᠤᠨ ᠠᠷᠠᠳ᠎ᠤᠨ ᠶᠠᠪᠤᠳᠠᠯ᠎ᠤᠨ ᠬᠠᠤᠯᠢᠵᠢᠯ᠎ᠤᠨ ᠠᠵᠢᠯ᠎ᠤᠨ ᠪᠤᠯᠪᠠᠰᠤᠷᠠᠯ᠎ᠳᠤ ᠤᠷᠤᠯᠴᠠᠪᠠ
ᠳᠡᠳ᠋ ᠳᠤᠭᠤᠷᠢᠨ ᠪᠠᠢ᠌ᠴᠠᠭ᠋ᠠᠭᠴᠢ ᠴᠡᠩᠭᠡᠯᠳᠤ 2018 ᠤᠨ᠎ᠤ ᠤᠳᠤᠷᠢᠳᠬᠤ ᠺᠠᠳ᠋ᠷ᠎ᠤᠨ ᠬᠠᠤᠯᠢ᠎ᠪᠠᠷ ᠵᠠᠰᠠᠬᠤ ᠪᠤᠯᠪᠠᠰᠤᠷᠠᠯ᠎ᠳᠤ ᠤᠷᠤᠯᠴᠠᠪᠠ
ᠮᠠᠨᠵᠤᠤᠷ ᠬᠤᠳᠠ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢ ᠬᠢᠨᠠᠨ ᠵᠦᠪᠰᠢᠶᠡᠷᠡᠬᠦ ᠭᠠᠷᠳᠠᠮ᠎ᠢ ᠰᠦᠯᠵᠢᠶᠡᠨ ᠳᠡᠭᠡᠷ᠎ᠡ ᠬᠦᠢ᠍ᠴᠡᠳᠭᠡᠬᠦ ᠪᠤᠯᠪᠠ
ᠤᠯᠠᠭ᠋ᠠᠨᠬᠠᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠬᠠᠷᠢᠭᠤᠴᠠᠯᠭ᠋ᠠᠳᠠᠨ᠎ᠤ ᠪᠤᠯᠪᠠᠰᠤᠷᠠᠯ᠎ᠤᠨ ᠠᠩᠬᠢ ᠠ᠋ᠷᠬᠢᠯᠡᠵᠡᠢ
ᠰᠢᠯᠢ ᠵᠢᠨ ᠭᠤᠤᠯ ᠠᠢ᠌ᠮᠠᠭ ᠪᠤᠯᠤᠨ ᠳᠦᠩᠯᠢᠶᠤᠤ ᠬᠤᠳᠠ ᠵᠢᠨ ᠵᠠᠰᠠᠭ ᠵᠠᠬᠢᠷᠭ᠋ᠠᠨ᠎ᠤ ᠤᠷᠤᠨ᠎ᠤ ᠵᠠᠭ᠋ᠠᠭ ᠱᠤᠭᠤᠮ᠎ᠤᠨ ᠳᠠᠪᠤᠳᠤᠭ᠋ᠠᠷ ᠠ᠋ᠭᠡᠯᠵᠢ ᠵᠢᠨ ᠬᠠᠮᠳᠤᠷᠠᠭᠰᠠᠨ ᠪᠠᠢ᠌ᠴᠠᠭ᠋ᠠᠯᠳᠠ ᠠᠮᠵᠢᠯᠳᠠ᠎ᠲᠠᠢ ᠳᠡᠬᠦᠰᠪᠠ
 
            