ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠯᠢ ᠺᠸ ᠴᠢᠶᠠᠩ ᠠ᠋ᠮᠨᠡᠵᠤ ᠠᠰᠠᠷᠠᠬᠤ ᠵᠢ ᠤᠶᠠᠯᠳᠤᠭᠤᠯᠬᠤ ᠳᠦᠷᠦᠯ ᠵᠦᠢ᠍ᠯ᠎ᠢ ᠨᠢᠭᠡ ᠴᠤᠩᠬᠤ ᠳᠡᠭᠡᠷ᠎ᠡ ᠬᠦᠢ᠍ᠴᠡᠳᠭᠡᠵᠤ ᠵᠠᠬ᠎ᠠ ᠳᠡᠯᠭᠡᠬᠦᠷ᠎ᠤᠨ ᠭᠤᠤᠯ ᠴᠤᠭᠴᠠ ᠵᠢ ᠨᠠᠭ᠋ᠠᠰᠢ ᠴᠠᠭ᠋ᠠᠰᠢ ᠬᠦᠶᠦᠯᠭᠡᠬᠦ ᠦᠭᠡᠢ ᠪᠤᠯᠭ᠋ᠠᠬᠤ ᠭᠡᠷᠡᠭᠳᠡᠢ ᠭᠡᠵᠡᠢ
ᠨᠡᠶᠢᠲᠡᠯᠡᠭᠰᠡᠨ ᠴᠠᠭ᠄ 2018-12-07

                 
     11 ᠳ᠋ᠤᠭᠡᠷ ᠰᠠᠷ᠎ᠠ ᠵᠢᠨ 28᠎ᠤ ᠠ᠋ᠳᠤᠷ ᠬᠤᠷᠠᠯᠳᠤᠭᠰᠠᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ᠂ ᠶᠡᠷᠦᠩᠭᠡᠢ ᠰᠠᠢ᠌ᠳ ᠯᠢ ᠺᠸ ᠴᠢᠶᠠᠩ᠂ 《ᠤᠳᠤᠬᠠᠨ᠎ᠳᠤ ᠠ᠋ᠮᠨᠠᠵᠤ ᠠᠰᠠᠷᠠᠬᠤ ᠵᠢ ᠤᠶᠠᠯᠳᠤᠭᠤᠯᠬᠤ ᠳᠦᠷᠦᠯ ᠵᠦᠢ᠍ᠯ᠎ᠢ ᠬᠦᠢ᠍ᠴᠡᠳᠭᠡᠬᠦ᠎ᠳᠤ᠎ᠪᠠᠨ ᠤᠯᠠᠨ ᠰᠠᠯᠠᠭ᠎ᠠ ᠮᠦᠴᠢᠷ ᠵᠶ᠋ᠡᠷ ᠬᠢᠨᠠᠨ ᠵᠦᠪᠰᠢᠶᠡᠷᠡᠬᠦᠯᠬᠦ ᠴᠢᠬᠤᠯᠠ᠎ᠲᠠᠢ ᠪᠠᠢ᠌ᠵᠤ᠂ ᠭᠡᠷᠪᠡ ᠰᠠᠯᠠᠭ᠎ᠠ ᠮᠦᠴᠢᠷ ᠬᠤᠭᠤᠷᠤᠨᠳᠤ᠎ᠪᠠᠨ ᠰᠠᠨᠠᠯ ᠨᠢᠭᠡᠳᠬᠦ ᠦᠭᠡᠢ ᠪᠤᠯ ᠬᠠᠷᠢᠯᠴᠠᠨ ᠳᠦᠯᠬᠢᠯᠴᠠᠨ᠂ ᠵᠠᠬ᠎ᠠ ᠳᠡᠯᠭᠡᠬᠦᠷ᠎ᠤᠨ ᠭᠤᠤᠯ ᠴᠤᠭᠴᠠ ᠵᠢ ᠶᠠᠭ᠋ᠠᠬᠢᠬᠤ ᠵᠢᠨ ᠠᠷᠭ᠎ᠠ ᠦᠭᠡᠢ ᠪᠤᠯᠭ᠋ᠠᠵᠤ ᠪᠠᠢ᠌ᠨ᠎ᠠ》᠃ 《ᠪᠢᠳᠡ ᠦᠨᠦᠳᠦᠷ ᠠ᠋ᠬᠦᠨ ᠵᠶ᠋ᠡᠷ 〈ᠰᠢᠪᠳᠤᠯᠤᠯᠳᠠ〉 ᠪᠤᠯᠭ᠋ᠠᠵᠤ᠂ ᠠ᠋ᠮᠨᠡᠵᠤ ᠠᠰᠠᠷᠠᠬᠤ ᠵᠢ ᠤᠶᠠᠯᠳᠤᠭᠤᠯᠬᠤ ᠵᠢ 〈ᠨᠢᠭᠡ ᠴᠤᠩᠬᠤ》 ᠳᠡᠭᠡᠷ᠎ᠡ ᠬᠦᠢ᠍ᠴᠡᠳᠭᠡᠬᠦ ᠪᠤᠯᠭ᠋ᠠᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ᠎ᠢ ᠬᠠᠮᠳᠤᠷᠠᠨ ᠠᠯᠪᠠᠯᠠᠭᠤᠯᠵᠤ᠂ ᠬᠤᠯᠪᠤᠭ᠋ᠠᠯᠠᠨ ᠬᠢᠨᠠᠨ ᠵᠦᠪᠰᠢᠶᠡᠷᠡᠬᠦ᠎ᠪᠠᠷ ᠳᠤᠭᠳᠠᠭ᠋ᠠᠨ᠂ ᠵᠠᠬ᠎ᠠ ᠳᠡᠯᠭᠡᠬᠦᠷ᠎ᠤᠨ ᠭᠤᠤᠯ ᠴᠤᠭᠴᠠ ᠵᠢ ᠨᠠᠭ᠋ᠠᠰᠢ ᠴᠠᠭ᠋ᠠᠰᠢ ᠬᠦᠶᠦᠯᠭᠡᠬᠦ ᠦᠭᠡᠢ ᠪᠤᠯᠭ᠋ᠠᠬᠤ ᠭᠡᠷᠡᠭᠳᠡᠢ》 ᠭᠡᠵᠤ ᠭᠡᠯᠡᠪᠡ᠃
      ᠳᠤᠰ ᠠ᠋ᠳᠤᠷ᠎ᠤᠨ ᠬᠤᠷᠠᠯ ᠳᠡᠭᠡᠷ᠎ᠡ ᠨᠠᠰᠤᠲᠠᠳ᠎ᠢ ᠠᠰᠠᠷᠠᠬᠤ ᠠᠵᠤ ᠦᠢ᠍ᠯᠡᠰ᠎ᠢ ᠬᠦᠭᠵᠢᠬᠦᠯᠵᠤ᠂ ᠠ᠋ᠮᠨᠡᠵᠤ ᠠᠰᠠᠷᠠᠬᠤ ᠵᠢ ᠤᠶᠠᠯᠳᠤᠭᠤᠯᠬᠤ ᠵᠢ ᠠᠬᠢᠭᠤᠯᠤᠨ᠂ ᠨᠠᠰᠤᠲᠠᠳ᠎ᠢ ᠠᠰᠠᠷᠠᠬᠤ ᠠᠵᠢᠯ ᠵᠶ᠋ᠠᠨ ᠴᠢᠨᠠᠠᠷᠵᠢᠭᠤᠯᠬᠤ ᠳᠤᠬᠠᠢ ᠪᠠᠢ᠌ᠷᠢᠯᠠᠭᠤᠯᠪᠠ᠃ ᠶᠡᠷᠦᠩᠭᠡᠢ ᠰᠠᠢ᠌ᠳ ᠯᠢ ᠺᠸ ᠴᠢᠶᠠᠩ᠂ ᠨᠠᠰᠤᠳᠠᠢ᠌ᠴᠤᠳ᠎ᠤᠨ ᠯᠤᠳᠤ ᠶᠡᠭᠡ᠂ ᠤᠯᠠᠨ ᠶᠠᠩᠵᠤ ᠵᠢᠨ᠂ ᠤᠯᠠᠨ ᠳᠠᠪᠬᠤᠷᠭ᠎ᠠ ᠵᠢᠨ ᠭᠡᠷᠡᠭᠴᠡᠭᠡᠨ᠎ᠳᠤ ᠵᠤᠬᠢᠴᠠᠭᠤᠯᠤᠨ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠤᠨ ᠦᠢ᠍ᠯᠡᠴᠢᠯᠡᠭᠡᠨ᠎ᠤ ᠴᠢᠨᠠᠷ᠎ᠢ ᠳᠡᠭᠡᠭᠰᠢᠯᠡᠬᠦᠯᠬᠦ ᠪᠤᠯ ᠠᠷᠠᠳ ᠳᠦᠮᠡᠨ ᠵᠶ᠋ᠡᠷ ᠭᠤᠤᠯ ᠪᠤᠯᠭ᠋ᠠᠬᠤ ᠬᠦᠭᠵᠢᠯᠳᠡ ᠵᠢᠨ ᠦᠵᠡᠯ ᠰᠠᠨᠠᠭ᠎ᠠ ᠵᠢ ᠦᠢ᠍ᠯᠡᠳᠦᠯᠭᠡᠵᠢᠬᠦᠯᠦᠨ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠵᠢ ᠪᠠᠳᠤᠯᠠᠬᠤ ᠠᠷᠭ᠎ᠠ ᠭᠡᠮᠵᠢᠶ᠎ᠡ ᠪᠤᠯᠬᠤ ᠮᠦᠷᠳᠡᠭᠡᠨ ᠠ᠋ᠨᠡ᠎ᠨᠢ ᠠᠵᠢᠯ ᠤᠯᠭᠤᠬᠤ ᠵᠢ ᠠᠬᠢᠭᠤᠯᠵᠤ᠂ ᠦᠢ᠍ᠯᠡᠴᠢᠯᠡᠭᠡᠨ᠎ᠤ ᠳᠦᠪᠰᠢᠨ᠎ᠢ ᠳᠡᠭᠡᠭᠰᠢᠯᠡᠬᠦᠯᠬᠦ᠎ᠳᠤ ᠠᠰᠢᠭ᠎ᠲᠠᠢ ᠶᠤᠮ ᠭᠡᠵᠤ ᠴᠢᠬᠤᠯᠠᠴᠢᠯᠠᠪᠠ᠃
      ᠶᠡᠷᠦᠩᠭᠡᠢ ᠰᠠᠢ᠌ᠳ ᠯᠢ ᠺᠸ ᠴᠢᠶᠠᠩ᠂ 《ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠨᠠᠰᠤᠲᠠᠳ᠎ᠢ ᠠᠰᠠᠷᠠᠬᠤ ᠠᠵᠤ ᠦᠢ᠍ᠯᠡᠰ᠎ᠢ ᠬᠦᠭᠵᠢᠬᠦᠯᠬᠦ᠂ ᠠ᠋ᠮᠨᠡᠵᠤ ᠠᠰᠠᠷᠠᠬᠤ ᠵᠢ ᠤᠶᠠᠯᠳᠤᠭᠤᠯᠬᠤ ᠵᠢ ᠠᠬᠢᠭᠤᠯᠬᠤ ᠳᠤᠬᠠᠢ ᠪᠢᠴᠢᠭ ᠮᠠᠲᠸᠷᠢᠶᠠᠯ ᠪᠠᠭᠤᠯᠭ᠋ᠠᠬᠤ᠎ᠳᠤ᠎ᠪᠠᠨ ᠵᠢᠭ᠋ᠠᠨ ᠵᠢᠯᠤᠭᠤᠳᠬᠤ ᠴᠢᠨᠠᠷ᠎ᠲᠠᠢ ᠪᠠᠢ᠌ᠯᠭ᠋ᠠᠬᠤ᠎ᠠᠴᠠ ᠪᠢᠰᠢ ᠬᠠᠷᠢᠨ ᠳᠦᠯᠦᠪᠯᠡᠭᠡᠨ᠎ᠤ ᠴᠢᠨᠠᠷ᠎ᠲᠠᠢ ᠬᠦᠢ᠍ᠴᠡᠳᠭᠡᠬᠦ ᠵᠦᠢ᠍ᠯ ᠪᠠᠢ᠌ᠯᠭ᠋ᠠᠵᠤ ᠪᠤᠯᠬᠤ ᠦᠭᠡᠢ᠃ ᠤᠷᠤᠨ ᠨᠤᠳᠤᠭ᠎ᠤᠨ᠎ᠬᠢᠨ᠎ᠤ ᠤᠯᠠᠨ ᠵᠦᠢ᠍ᠯ᠎ᠤᠨ ᠠᠷᠭ᠎ᠠ ᠭᠡᠯᠪᠡᠷᠢ᠎ᠪᠠᠷ ᠨᠠᠰᠤᠲᠠᠳ᠎ᠢ ᠠᠰᠠᠷᠠᠬᠤ ᠪᠦᠳᠦᠮᠵᠢᠳᠡᠢ ᠦᠢ᠍ᠯᠡᠴᠢᠯᠡᠭᠡ ᠬᠠᠩᠭ᠋ᠠᠬᠤ ᠵᠢ ᠵᠤᠷᠢᠬ᠍ᠵᠢᠭᠤᠯᠬᠤ ᠭᠡᠷᠡᠭᠳᠡᠢ》 ᠭᠡᠵᠤ ᠭᠡᠯᠡᠪᠡ᠃
      ᠯᠢ ᠺᠸ ᠴᠢᠶᠠᠩ᠄ 《ᠤᠯᠠᠨ᠎ᠤ ᠨᠡᠢ᠌ᠳᠡᠮ ᠳᠤᠰᠬᠠᠵᠤ ᠪᠠᠢ᠌ᠭ᠎ᠠ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠠᠬ᠎ᠠ ᠳᠡᠯᠭᠡᠬᠦᠷ᠎ᠲᠤ ᠤᠷᠤᠬᠤ᠎ᠳᠤ ᠬᠦᠴᠢᠷ ᠠᠰᠠᠭᠤᠳᠠᠯ᠎ᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠨᠠᠷᠢᠨ ᠬᠢᠨᠠᠮᠠᠭ᠋ᠠᠢ ᠰᠤᠳᠤᠯᠵᠤ᠂ ᠭᠤᠤᠯ ᠰᠠᠭ᠋ᠠᠳ ᠬᠠᠷᠰᠢ᠎ᠨᠢ ᠬᠠᠮᠢᠭ᠎ᠠ ᠪᠠᠢ᠌ᠬᠤ ᠵᠢ ᠠ᠋ᠷᠢᠵᠤ ᠭᠠᠷᠭ᠋ᠠᠨ᠂ ᠴᠢᠭᠯᠡᠬᠦᠯᠦᠯᠳᠤ ᠴᠢᠨᠠᠷ᠎ᠲᠠᠢ ᠠᠷᠭ᠎ᠠ ᠭᠡᠮᠵᠢᠶ᠎ᠡ ᠳᠤᠭᠳᠠᠭ᠋ᠠᠵᠤ᠂ ᠳᠦᠬᠦᠮᠴᠢᠯᠠᠵᠤ ᠪᠤᠯᠬᠤ ᠵᠢ᠎ᠨᠢ ᠳᠦᠬᠦᠮᠴᠢᠯᠠᠨ᠂ ᠵᠠᠬ᠎ᠠ ᠳᠡᠯᠭᠡᠬᠦᠷ᠎ᠲᠤ ᠤᠷᠤᠬᠤ᠎ᠳᠤ ᠤᠯᠠᠮ ᠳᠦᠬᠦᠮ ᠪᠤᠯᠭ᠋ᠠᠵᠤ᠂ ᠡᠯ᠎ᠡ ᠵᠦᠢ᠍ᠯ᠎ᠤᠨ ᠦᠮᠴᠢᠯᠡᠯ᠎ᠤᠨ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠭᠡᠪᠴᠢᠶᠡᠵᠢᠭᠰᠡᠨ᠂ ᠬᠡᠯᠬᠢᠶᠡᠵᠢᠭᠰᠡᠨ ᠬᠦᠭᠵᠢᠯᠳᠡ ᠵᠢ ᠳᠡᠮᠵᠢᠬᠦ ᠭᠡᠷᠡᠭᠳᠡᠢ》 ᠭᠡᠵᠤ ᠵᠢᠭ᠋ᠠᠵᠤ ᠭᠠᠷᠭ᠋ᠠᠪᠠ᠃
      ᠯᠢ ᠺᠸ ᠴᠢᠶᠠᠩ᠂ ᠨᠠᠰᠤᠲᠠᠳ᠎ᠢ ᠭᠡᠷ᠎ᠲᠤ᠎ᠨᠢ ᠠᠰᠠᠷᠠᠬᠤ᠂ ᠨᠡᠢ᠌ᠭᠡᠮ ᠳᠤᠭᠤᠷᠢᠭ᠎ᠲᠤ ᠠᠰᠠᠷᠠᠬᠤ ᠦᠢ᠍ᠯᠡᠴᠢᠯᠡᠭᠡ ᠵᠢ ᠶᠡᠭᠡᠪᠡᠷ ᠬᠦᠭᠵᠢᠬᠦᠯᠵᠤ᠂ ᠰᠢᠨ᠎ᠠ᠎ᠪᠠᠷ ᠪᠠᠢ᠌ᠭᠤᠯᠬᠤ ᠰᠠᠭᠤᠭ᠋ᠠᠯᠢ ᠠᠷᠠᠳ᠎ᠤᠨ ᠳᠤᠭᠤᠷᠢᠭ᠎ᠲᠤ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠳᠤᠨᠤᠭ ᠳᠦᠬᠦᠭᠡᠷᠦᠮᠵᠢ ᠳᠤᠬᠢᠷᠠᠭᠤᠯᠬᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠭᠡᠷᠡᠭᠳᠡᠢ᠂ ᠰᠠᠭᠤᠭ᠋ᠠᠯᠢ ᠠᠷᠠᠳ᠎ᠤᠨ ᠬᠠᠭᠤᠴᠢᠨ ᠳᠤᠭᠤᠷᠢᠭ ᠪᠤᠯᠤᠨ ᠤᠨᠴᠠ ᠬᠦᠴᠢᠷᠳᠡᠯ᠎ᠲᠠᠢ᠎ᠠᠴᠠ ᠪᠣᠯᠵᠤ ᠣᠨᠴᠠᠭ᠋ᠠᠢ ᠬᠠᠷᠠᠭ᠋ᠠᠯᠵᠠᠯ ᠦᠵᠡᠭᠦᠯᠬᠦ ᠨᠠᠰᠤᠲᠠᠳ᠎ᠲᠠᠢ ᠭᠡᠷ ᠪᠦᠯᠢ ᠵᠡᠷᠭᠡ᠎ᠳᠤ ᠨᠠᠰᠤᠳᠠᠢ᠌ᠴᠤᠳ᠎ᠲᠤ ᠵᠤᠬᠢᠴᠠᠭᠰᠠᠨ ᠣᠷᠴᠢᠨ᠎ᠢ ᠪᠣᠢ ᠪᠣᠯᠭ᠋ᠠᠬᠤ ᠵᠠᠰᠠᠯᠳᠠ ᠬᠢᠬᠦ ᠭᠡᠷᠡᠭᠳᠡᠢ᠃ ᠨᠡᠢ᠌ᠭᠡᠮ ᠳᠤᠭᠤᠷᠢᠭ᠎ᠤᠨ ᠨᠠᠰᠤᠲᠠᠳ᠎ᠢ ᠠᠰᠠᠷᠠᠬᠤ ᠦᠢ᠍ᠯᠡᠴᠢᠯᠡᠭᠡ ᠦᠷᠨᠢᠬᠦᠯᠬᠦ ᠵᠢ ᠳᠡᠮᠵᠢᠬᠦ ᠭᠡᠷᠡᠭᠳᠡᠢ ᠭᠡᠵᠤ ᠢᠯᠡᠷᠭᠡᠢ᠌ᠯᠡᠪᠡ᠃
      ᠳᠤᠰ ᠠ᠋ᠳᠤᠷ᠎ᠤᠨ ᠬᠤᠷᠠᠯ᠎ᠠᠴᠠ᠂ ᠳᠡᠮᠵᠢᠯᠭᠡ ᠵᠢᠨ ᠳᠦᠷᠦ ᠵᠢᠨ ᠪᠤᠳᠤᠯᠭ᠎ᠠ ᠵᠢᠨ ᠨᠠᠢ᠌ᠲᠠᠪᠤᠷᠢᠵᠢᠯᠲᠠ ᠵᠢ ᠴᠢᠩᠭ᠋ᠠᠳᠬᠠᠵᠤ᠂ ᠤᠳᠤ ᠵᠢᠨ ᠪᠠᠢ᠌ᠭ᠎ᠠ ᠡᠮ ᠠ᠋ᠮᠨᠡᠯᠭᠡ ᠠ᠋ᠷᠡᠬᠦᠯ ᠬᠠᠮᠠᠭ᠋ᠠᠯᠠᠯ ᠪᠤᠯᠤᠨ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠬᠠᠮᠳᠤᠷᠠᠯᠴᠠᠭ᠎ᠠ ᠵᠢ ᠠᠬᠢᠭᠤᠯᠤᠨ᠂ ᠬᠠᠷᠢᠯᠴᠠᠨ ᠨᠦᠬᠦᠪᠦᠷᠢᠯᠡᠬᠦ ᠦᠢ᠍ᠯᠡᠳᠤᠯ᠎ᠢ ᠪᠠᠳᠠᠷᠠᠭᠤᠯᠬᠤ ᠭᠡᠷᠡᠭᠳᠡᠢ᠃ ᠨᠦᠬᠦᠴᠡᠯ᠎ᠳᠤ ᠨᠡᠢ᠌ᠴᠡᠬᠦ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠳᠤᠳᠤᠭ᠋ᠠᠳᠤ᠎ᠳᠤ ᠠ᠋ᠮᠨᠡᠯᠭᠡ ᠵᠢᠨ ᠪᠠᠢ᠌ᠭᠤᠯᠤᠮᠵᠢ ᠭᠠᠷᠭ᠋ᠠᠨ᠂ ᠠ᠋ᠮᠨᠡᠯᠭᠡ ᠵᠢᠨ ᠳᠠᠭ᠋ᠠᠳᠬᠠᠯ᠎ᠤᠨ ᠳᠤᠭᠳᠠᠮᠠᠯ ᠴᠡᠭ ᠪᠤᠯᠭ᠋ᠠᠬᠤ ᠭᠡᠷᠡᠭᠳᠡᠢ᠃ ᠬᠦᠳᠡᠭᠡ ᠳᠤᠰᠬᠤᠨ ᠪᠤᠯᠤᠨ ᠨᠡᠢ᠌ᠭᠡᠮ ᠳᠤᠭᠤᠷᠢᠭ᠎ᠤᠨ ᠠ᠋ᠮᠨᠡᠵᠤ ᠠᠰᠠᠷᠠᠬᠤ ᠵᠢ ᠤᠶᠠᠯᠳᠤᠭᠤᠯᠬᠤ ᠠᠵᠢᠯ᠎ᠢ ᠠᠬᠢᠭᠤᠯᠤᠨ᠂ ᠳᠤᠰᠬᠤᠨ᠎ᠤ ᠠ᠋ᠮᠴᠢ ᠵᠢᠨ ᠨᠠᠰᠤᠲᠠᠳ᠎ᠢ ᠠ᠋ᠷᠡᠬᠦᠯᠵᠢᠬᠦᠯᠵᠤ ᠠᠰᠠᠷᠠᠬᠤ ᠦᠢ᠍ᠯᠡᠴᠢᠯᠡᠭᠡ᠎ᠳᠤ ᠤᠷᠤᠯᠴᠠᠬᠤ ᠵᠢ ᠵᠤᠷᠢᠭᠵᠢᠭᠤᠯᠬᠤ ᠳᠤᠭᠳᠠᠴᠠ ᠪᠠᠢ᠌ᠭᠤᠯᠬᠤ ᠭᠡᠷᠡᠭᠳᠡᠢ᠃ ᠠ᠋ᠮᠨᠡᠯᠭᠡ ᠵᠢᠨ ᠠᠵᠢᠯᠳᠠᠨ᠎ᠤ ᠠ᠋ᠮᠨᠡᠵᠤ ᠠᠰᠠᠷᠠᠬᠤ ᠵᠢ ᠤᠶᠠᠯᠳᠤᠭᠤᠯᠬᠤ ᠪᠠᠢ᠌ᠭᠤᠯᠤᠮᠵᠢ᠎ᠳᠤ ᠬᠦᠷᠴᠤ ᠠᠵᠢᠯᠯᠠᠬᠤ ᠵᠢ ᠵᠤᠷᠢᠭᠵᠢᠭᠤᠯᠤᠨ᠂ ᠮᠡᠷᠭᠡᠵᠢᠯ᠎ᠤᠨ ᠴᠤᠯᠠ ᠳᠤᠭᠳᠠᠭ᠋ᠠᠬᠤ ᠵᠡᠷᠭᠡ ᠳᠡᠯ᠎ᠡ᠎ᠪᠠᠷ ᠠᠳᠠᠯᠢ ᠳᠡᠭᠰᠢ ᠬᠠᠷᠠᠭ᠋ᠠᠯᠵᠠᠯ ᠬᠦᠷᠳᠡᠭᠡᠬᠦ ᠭᠡᠷᠡᠭᠳᠡᠢ ᠭᠡᠵᠤ ᠱᠠᠭ᠋ᠠᠷᠳᠠᠵᠠᠢ᠃
      ᠳᠤᠰ ᠠ᠋ᠳᠤᠷ᠎ᠤᠨ ᠬᠤᠷᠠᠯ᠎ᠠᠴᠠ ᠪᠠᠰᠠ ᠠᠯᠪᠠᠨ᠎ᠠᠴᠠ ᠠ᠋ᠷᠬᠢᠯᠡᠭᠰᠡᠨ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ᠎ᠬᠢᠨ ᠬᠦᠴᠢᠷᠳᠡᠯ᠎ᠲᠠᠢ ᠨᠠᠰᠤᠲᠠᠳ ᠪᠦᠬᠦᠳᠡ ᠵᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ᠎ᠳᠤ ᠤᠷᠤᠭᠤᠯᠬᠤ ᠦᠢ᠍ᠯᠡᠳᠤᠯ ᠵᠶ᠋ᠠᠨ ᠪᠠᠳᠠᠷᠠᠭᠤᠯᠤᠨ᠂ ᠳᠡᠩᠭᠡᠭᠡ ᠮᠠᠭᠤᠳᠠᠵᠤ ᠤᠶᠤᠨ ᠮᠡᠳᠡᠷᠡᠯ ᠮᠠᠭᠤᠳᠠᠨ ᠠᠵᠤ ᠠᠬᠤᠢ ᠵᠢᠨ ᠳᠠᠯ᠎ᠠ᠎ᠪᠠᠷ ᠬᠦᠴᠢᠷᠳᠡᠯ᠎ᠲᠠᠢ ᠪᠤᠯᠤᠭᠰᠠᠨ ᠨᠠᠰᠤᠲᠠᠳ᠂ ᠳᠦᠯᠦᠪᠯᠡᠭᠡᠳᠤ ᠦᠷᠡᠵᠢᠯ᠎ᠤᠨ ᠤᠨᠴᠠᠭ᠋ᠠᠢ ᠭᠡᠷ ᠪᠦᠯᠢ ᠵᠢᠨ ᠨᠠᠰᠤᠲᠠᠳ᠎ᠲᠤ ᠬᠠᠷᠠᠮᠵᠢ ᠦᠭᠡᠢ ᠪᠤᠶᠤ ᠪᠠᠭ᠎ᠠ ᠵᠠᠷᠤᠳᠠᠯ ᠬᠤᠷᠢᠶᠠᠬᠤ ᠦᠢ᠍ᠯᠡᠴᠢᠯᠡᠭᠡ ᠬᠠᠩᠭ᠋ᠠᠬᠤ ᠭᠡᠷᠡᠭᠳᠡᠢ᠃ ᠨᠠᠰᠤᠲᠠᠳ᠎ᠢ ᠠᠰᠠᠷᠠᠬᠤ ᠬᠦᠮᠦᠰ᠎ᠤᠨ ᠳᠤᠬᠠᠢ᠌ᠯᠠᠭᠰᠠᠨ ᠠᠵᠢᠯ᠎ᠤᠨ ᠪᠤᠯᠪᠠᠰᠤᠷᠠᠯ᠎ᠢ ᠴᠢᠩᠭ᠋ᠠᠳᠬᠠᠨ᠂ ᠤᠷᠳᠤ ᠬᠤᠭᠤᠴᠠᠭ᠎ᠠ᠎ᠪᠠᠷ ᠬᠠᠷᠠᠭ᠋ᠠᠯᠵᠠᠬᠤ ᠦᠢ᠍ᠯᠡᠴᠢᠯᠡᠭᠡᠨ᠎ᠤ ᠬᠦᠭᠵᠢᠯᠳᠡ ᠵᠢ ᠳᠦᠷᠭᠡᠳᠭᠡᠬᠦ ᠭᠡᠷᠡᠭᠳᠡᠢ᠃ ᠨᠠᠰᠤᠲᠠᠳ᠎ᠢ ᠠᠰᠠᠷᠠᠬᠤ ᠦᠢ᠍ᠯᠡᠴᠢᠯᠡᠭᠡ ᠠ᠋ᠷᠬᠢᠯᠡᠵᠤ ᠪᠠᠢ᠌ᠭ᠎ᠠ ᠪᠦᠭᠡᠳ ᠨᠦᠬᠦᠴᠡᠯ᠎ᠳᠤ ᠨᠡᠢ᠌ᠴᠡᠬᠦ ᠬᠤᠪᠢ ᠬᠦᠮᠦᠨ ᠪᠤᠯᠤᠨ ᠵᠢᠵᠢᠭ ᠪᠠᠭ᠎ᠠ ᠠᠵᠤ ᠠᠬᠤᠢ᠌ᠯᠠᠯ᠎ᠳᠤ ᠦᠢ᠍ᠯᠡᠰ ᠪᠦᠳᠦᠭᠡᠬᠦ ᠪᠠᠳᠤᠯᠠᠨ ᠳᠠᠭ᠋ᠠᠭ᠋ᠠᠴᠢᠯᠠᠯᠳᠠ᠎ᠲᠠᠢ ᠵᠢᠭᠡᠯᠡᠯᠭᠡ ᠦᠭᠴᠤ ᠳᠡᠮᠵᠢᠬᠦ ᠭᠡᠷᠡᠭᠳᠡᠢ᠃ ᠰᠠᠯᠠᠭ᠎ᠠ ᠮᠦᠴᠢᠷ ᠠᠯᠤᠰᠯᠠᠨ ᠬᠠᠮᠵᠢᠯᠴᠠᠨ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠴᠢᠨᠠᠷ ᠪᠤᠯᠤᠨ ᠠᠮᠤᠷ ᠳᠦᠪᠰᠢᠨ᠎ᠤ ᠤᠯᠤᠰ᠎ᠤᠨ ᠠᠯᠪᠠᠳᠠᠯᠭ᠎ᠠ ᠵᠢᠨ ᠴᠢᠨᠠᠷ᠎ᠲᠠᠢ ᠪᠠᠷᠢᠮᠵᠢᠶ᠎ᠠ ᠵᠢ ᠳᠤᠭᠳᠠᠭ᠋ᠠᠵᠤ᠂ ᠨᠠᠰᠤᠲᠠᠳ᠎ᠢ ᠠᠰᠠᠷᠠᠬᠤ ᠬᠦᠷᠢᠶᠡᠯᠡᠩ᠎ᠢ ᠦᠭᠡᠷᠡᠴᠢᠯᠡᠨ ᠳᠡᠰ ᠳᠡᠪᠰᠢᠬᠦᠯᠬᠦ ᠪᠠ ᠠᠷᠠᠳ᠎ᠠᠴᠠ ᠠ᠋ᠷᠬᠢᠯᠡᠭᠰᠡᠨ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠭᠠᠯ ᠰᠡᠷᠭᠡᠢ᠌ᠯᠡᠵᠤ ᠭᠠᠯ ᠤᠨᠳᠠᠷᠠᠭ᠋ᠠᠬᠤ᠂ ᠠᠮᠤᠷ ᠳᠦᠪᠰᠢᠨ᠎ᠤ ᠠᠵᠢᠯ᠎ᠢ ᠪᠠᠷᠢᠮᠵᠢᠶ᠎ᠠ᠎ᠳᠤ ᠬᠦᠷᠭᠡᠬᠦ ᠭᠡᠷᠡᠭᠳᠡᠢ ᠭᠡᠵᠤ ᠳᠤᠭᠳᠠᠭ᠋ᠠᠵᠠᠢ᠃


ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ᠎ᠬᠢᠨ ᠪᠠᠭ᠎ᠠ ᠰᠤᠷᠭ᠋ᠠᠭᠤᠯᠢ ᠵᠢᠨ ᠬᠦᠴᠢᠷᠳᠡᠯ᠎ᠲᠠᠢ ᠬᠡᠤᠬᠡᠳ ᠪᠠ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠤ᠎ᠪᠠᠨ ᠦᠯᠡᠳᠡᠭᠰᠡᠨ ᠬᠡᠤᠬᠡᠳ᠎ᠢ ᠬᠠᠯᠠᠮᠵᠢᠯᠠᠨ ᠬᠠᠮᠠᠭ᠋ᠠᠯᠠᠬᠤ 《ᠭᠡᠤᠭᠡᠳ᠎ᠤᠨ ᠭᠡᠷ ᠪᠦᠯᠢ》 ᠪᠠᠢ᠌ᠭᠤᠯᠬᠤ ᠠᠵᠢᠯ᠎ᠢ ᠠᠬᠢᠭᠤᠯᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠶᠠᠮᠤᠨ᠎ᠤ ᠪᠠᠢ᠌ᠴᠠᠭ᠋ᠠᠨ ᠰᠤᠳᠤᠯᠬᠤ ᠳᠤᠭᠤᠢ᠌ᠯᠠᠩ ᠪᠤᠭᠤᠳᠤ ᠬᠤᠳᠠ ᠵᠢᠨ ᠦᠨᠳᠦᠰᠤᠨ ᠱᠠᠳᠤᠨ᠎ᠤ ᠠᠷᠠᠳ᠎ᠤᠨ ᠶᠠᠪᠤᠳᠠᠯ᠎ᠤᠨ ᠠᠵᠢᠯ᠎ᠢ ᠪᠠᠢ᠌ᠴᠠᠭ᠋ᠠᠨ ᠰᠤᠳᠤᠯᠪᠠ
ᠪᠤᠭᠤᠳᠤ ᠬᠤᠳᠠ ᠵᠢᠨ ᠵᠠᠰᠠᠭ᠎ᠤᠨ ᠤᠷᠳᠤᠨ᠎ᠤ ᠭᠤᠤᠯ ᠤᠳᠤᠷᠢᠳᠤᠯᠭ᠎ᠠ ᠬᠤᠳᠠ ᠵᠢᠨ ᠠᠷᠠᠳ᠎ᠤᠨ ᠶᠠᠪᠤᠳᠠᠯ᠎ᠤᠨ ᠠᠰᠠᠷᠠᠮᠵᠢ ᠵᠢᠨ ᠬᠦᠷᠢᠶᠡᠯᠡᠩ ᠳᠤᠭᠤᠷᠢᠭ᠎ᠤᠨ ᠪᠦᠳᠦᠭᠡᠨ ᠪᠠᠢ᠌ᠭᠤᠯᠤᠯᠳᠠ ᠵᠢᠨ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠤᠭᠤᠳᠪᠠ
ᠬᠢᠩᠭ᠋ᠠᠨ ᠠᠢ᠌ᠮᠠᠭ᠎ᠤᠨ᠎ᠬᠢᠨ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠡᠢ᠌ᠭᠡᠮ᠎ᠤᠨ ᠠᠵᠢᠯᠳᠡᠨ᠎ᠤ ᠴᠢᠳᠠᠪᠤᠷᠢ ᠵᠢ ᠳᠡᠭᠡᠭᠰᠢᠯᠡᠬᠦᠯᠬᠦ ᠪᠤᠯᠪᠠᠰᠤᠷᠠᠯ᠎ᠤᠨ ᠠᠩᠬᠢ ᠠ᠋ᠷᠬᠢᠯᠡᠵᠡᠢ
ᠳᠦᠩᠯᠢᠶᠤᠤ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠪᠦᠬᠦ ᠬᠤᠳᠠ ᠵᠢᠨ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ 2018 ᠤᠨ᠎ᠤ ᠠᠮᠤᠷ ᠳᠦᠪᠰᠢᠨ᠎ᠤ ᠳᠤᠰᠬᠠᠢ ᠪᠠᠢ᠌ᠴᠠᠭ᠋ᠠᠯᠳᠠ ᠬᠢᠵᠠᠢ
 
            