ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠠᠷᠠᠳ᠎ᠤᠨ ᠶᠠᠪᠤᠳᠠᠯ᠎ᠤᠨ ᠳᠢᠩᠬᠢᠮ ᠬᠠᠤᠯᠢ᠎ᠪᠠᠷ ᠤᠷᠤᠨ ᠵᠶ᠋ᠡᠨ ᠵᠠᠰᠠᠬᠤ ᠵᠢ ᠪᠦᠬᠦ ᠳᠠᠯ᠎ᠠ᠎ᠪᠠᠷ ᠠᠬᠢᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ 2018 ᠤᠨ᠎ᠤ ᠨᠢᠭᠡᠳᠦᠭᠡᠷ ᠤᠳᠠᠭ᠋ᠠᠨ᠎ᠤ ᠬᠤᠷᠠᠯ ᠬᠢᠪᠡ
ᠨᠡᠶᠢᠲᠡᠯᠡᠭᠰᠡᠨ ᠴᠠᠭ᠄ 2018-12-07

               
     8 ᠳ᠋ᠤᠭ᠋ᠠᠷ ᠰᠠᠷ᠎ᠠ ᠵᠢᠨ 24᠎ᠤ ᠠ᠋ᠳᠤᠷ᠂ ᠠᠷᠠᠳ᠎ᠤᠨ ᠶᠠᠪᠤᠳᠠᠯ᠎ᠤᠨ ᠳᠢᠩᠬᠢᠮ᠎ᠤᠨ ᠳᠡᠳ᠋ ᠳᠠᠷᠤᠭ᠎ᠠ ᠹᠸᠩ ᠬᠤ᠌ ᠠ᠋ᠾᠸ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠬᠠᠤᠯᠢ᠎ᠪᠠᠷ ᠤᠷᠤᠨ ᠵᠶ᠋ᠡᠨ ᠵᠠᠰᠠᠬᠤ ᠵᠢ ᠪᠦᠬᠦ ᠳᠠᠯ᠎ᠠ᠎ᠪᠠᠷ ᠠᠬᠢᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ 2018 ᠤᠨ᠎ᠤ ᠨᠢᠭᠡᠳᠦᠭᠡᠷ ᠤᠳᠠᠭ᠋ᠠᠨ᠎ᠤ ᠬᠤᠷᠠᠯ᠎ᠢ ᠠ᠋ᠷᠬᠢᠯᠡᠨ ᠬᠤᠷᠠᠯᠳᠤᠭᠤᠯᠪᠠ᠃
      ᠬᠤᠷᠠᠯ᠎ᠠᠴᠠ ᠠᠷᠠᠳ᠎ᠤᠨ ᠶᠠᠪᠤᠳᠠᠯ᠎ᠢ ᠬᠠᠤᠯᠢ᠎ᠪᠠᠷ ᠵᠠᠰᠠᠬᠤ ᠠᠵᠢᠯ ᠪᠤᠯ ᠠᠷᠠᠳ᠎ᠤᠨ ᠶᠠᠪᠤᠳᠠᠯ᠎ᠤᠨ ᠠᠵᠢᠯ᠎ᠤᠨ ᠴᠢᠬᠤᠯᠠ ᠪᠦᠷᠢᠯᠳᠦᠬᠦᠨ ᠭᠡᠰᠡᠭ ᠪᠤᠯᠤᠨ᠎ᠠ᠃ ᠬᠠᠤᠯᠢ᠎ᠪᠠᠷ ᠵᠠᠰᠠᠬᠤ ᠵᠢ ᠠᠷᠠᠳ᠎ᠤᠨ ᠶᠠᠪᠤᠳᠠᠯ᠎ᠤᠨ ᠠᠵᠢᠯ᠎ᠤᠨ ᠡᠯ᠎ᠡ ᠳᠡᠯ᠎ᠡ᠎ᠳᠤ ᠨᠠᠢ᠌ᠳᠠᠪᠤᠷᠢᠵᠢᠭᠤᠯᠬᠤ ᠭᠡᠷᠡᠭᠳᠡᠢ᠃ ᠨᠢᠭᠡ᠎ᠳᠤ᠂ ᠡᠯ᠎ᠡ ᠭᠠᠵᠠᠷ᠂ ᠠᠯᠪᠠᠨ ᠭᠡᠷ (ᠳᠤᠪᠴᠢᠶ᠎ᠠ)᠎ᠤᠨ᠎ᠬᠢᠨ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ 2018 ᠤᠨ᠎ᠤ ᠬᠠᠤᠯᠢ᠎ᠪᠠᠷ ᠵᠠᠰᠠᠬᠤ ᠵᠠᠰᠠᠭ᠎ᠤᠨ ᠤᠷᠳᠤᠨ᠎ᠤ ᠪᠠᠢ᠌ᠭᠤᠯᠤᠯᠳᠠ ᠵᠢᠨ ᠠᠵᠢᠯ᠎ᠤᠨ ᠳᠦᠯᠦᠪᠯᠡᠭᠡ》 ᠶᠤᠰᠤᠭ᠋ᠠᠷ ᠬᠠᠷᠢᠭᠤᠴᠠᠯᠭ᠎ᠠ᠎ᠪᠠᠨ ᠳᠤᠳᠤᠷᠬᠠᠢ᠌ᠯᠠᠵᠤ᠂ ᠡᠯ᠎ᠡ ᠵᠦᠢ᠍ᠯ᠎ᠤᠨ ᠬᠠᠤᠯᠢ᠎ᠪᠠᠷ ᠵᠠᠰᠠᠬᠤ ᠠᠵᠢᠯ᠎ᠤᠨ ᠠ᠋ᠬᠦᠷᠭᠡ᠎ᠪᠠᠨ ᠯᠠᠪᠳᠠᠭᠤᠨ ᠵᠶ᠋ᠡᠷ ᠠᠬᠢᠭᠤᠯᠬᠤ ᠭᠡᠷᠡᠭᠳᠡᠢ; ᠬᠤᠶᠠᠷ᠎ᠲᠤ᠂ ᠠᠷᠠᠳ᠎ᠤᠨ ᠶᠠᠪᠤᠳᠠᠯ᠎ᠤᠨ ᠺᠠᠳ᠋ᠷ ᠠᠵᠢᠯᠳᠠᠨ ᠬᠠᠤᠯᠢ᠎ᠪᠠᠷ ᠵᠠᠰᠠᠬᠤ ᠤᠬᠠᠮᠰᠠᠷ ᠵᠶ᠋ᠡᠨ ᠳᠡᠭᠡᠭᠰᠢᠯᠡᠬᠦᠯᠵᠤ᠂ ᠬᠠᠤᠯᠢ ᠶᠤᠰᠤᠭ᠋ᠠᠷ ᠠᠵᠢᠯᠯᠠᠬᠤ ᠵᠢ ᠨᠠᠢ᠌ᠳᠠᠪᠤᠷᠢᠵᠢᠭᠤᠯᠤᠨ᠂ ᠤᠬᠠᠮᠰᠠᠷ᠎ᠠᠴᠠ᠎ᠪᠠᠨ ᠬᠠᠤᠯᠢ ᠶᠤᠰᠤᠭ᠋ᠠᠷ ᠤᠴᠢᠷ ᠶᠠᠪᠤᠳᠠᠯ᠎ᠢ ᠬᠦᠢ᠍ᠴᠡᠳᠭᠡᠬᠦ᠂ ᠤᠴᠢᠷ ᠶᠠᠪᠤᠳᠠᠯ ᠳᠤᠬᠢᠶᠠᠯᠳᠤᠪᠠᠯ ᠬᠠᠤᠯᠢ᠎ᠪᠠᠷ ᠪᠠᠷᠢᠮᠵᠢᠶᠠᠯᠠᠬᠤ᠂ ᠠᠰᠠᠭᠤᠳᠠᠯ ᠪᠠ ᠵᠦᠷᠢᠴᠡᠯ ᠮᠦᠷᠬᠦᠯᠳᠦᠭᠡᠨ᠎ᠢ ᠰᠢᠢ᠍ᠳᠪᠤᠷᠢᠯᠡᠬᠦ᠎ᠳᠤ᠎ᠪᠠᠨ ᠬᠠᠤᠯᠢ᠎ᠳᠤ ᠳᠦᠰᠢᠭᠯᠡᠬᠦ ᠳᠠᠳᠬᠠᠯ᠎ᠲᠠᠢ ᠪᠤᠯᠬᠤ ᠭᠡᠷᠡᠭᠳᠡᠢ; ᠭᠤᠷᠪᠠ᠎ᠳᠤ᠂ ᠬᠠᠤᠯᠢ ᠵᠢ ᠳᠦᠭᠡᠮᠡᠯᠵᠢᠬᠦᠯᠬᠦ ᠪᠠ ᠬᠢᠨᠠᠨ ᠰᠢᠯᠭ᠋ᠠᠯᠳᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠰᠦᠯᠵᠢᠶ᠎ᠠ᠎ᠪᠠᠷ ᠬᠠᠤᠯᠢ ᠰᠤᠷᠬᠤ ᠨᠤᠷᠮ᠎ᠠ ᠵᠢ ᠳᠦᠷᠭᠡᠨ ᠳᠡᠭᠡᠭᠰᠢᠯᠡᠬᠦᠯᠵᠤ᠂ ᠠᠷᠠᠳ᠎ᠤᠨ ᠶᠠᠪᠤᠳᠠᠯ᠎ᠤᠨ ᠺᠠᠳ᠋ᠷᠴᠤᠳ᠎ᠤᠨ ᠬᠠᠤᠯᠢ ᠴᠠᠭ᠋ᠠᠵᠠ ᠵᠢᠨ ᠤᠬᠠᠮᠰᠠᠷ ᠪᠤᠯᠤᠨ ᠬᠠᠤᠯᠢ᠎ᠪᠠᠷ ᠵᠠᠰᠠᠬᠤ ᠭᠡᠪ ᠴᠢᠨᠠᠷ᠎ᠢ ᠪᠦᠳᠦᠮᠵᠢᠳᠡᠢ ᠳᠡᠭᠭᠰᠢᠯᠡᠬᠦᠯᠬᠦ ᠭᠡᠷᠡᠭᠳᠡᠢ ᠭᠡᠵᠤ ᠱᠠᠭ᠋ᠠᠷᠳᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠦᠬᠡᠬᠤᠳᠠ᠎ᠳᠤ ᠳᠠᠩᠰᠠᠯᠠᠭᠤᠯᠤᠭᠰᠠᠨ ᠰᠠᠢ᠌ᠨ ᠳᠤᠷ᠎ᠡ ᠵᠢᠨ ᠦᠢ᠍ᠯᠡᠴᠢᠯᠡᠭᠴᠢᠳ 23 ᠳᠦᠮᠡ᠎ᠳᠤ ᠬᠦᠷᠪᠡ
ᠠᠷᠠᠳ᠎ᠤᠨ ᠶᠠᠪᠤᠳᠠᠯ᠎ᠤᠨ ᠳᠢᠩᠬᠢᠮ ᠤᠯᠤᠰ᠎ᠤᠨ ᠳᠡᠰ᠎ᠤᠨ ᠶᠠᠳᠠᠭᠤ ᠬᠦᠴᠢᠷᠳᠡᠯ᠎ᠲᠠᠢ ᠬᠤᠰᠢᠭᠤ ᠰᠢᠶᠠᠨ᠎ᠤ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠣᠯᠪᠠᠰᠤᠷᠠᠯ᠎ᠤᠨ ᠬᠤᠷᠠᠯ ᠬᠢᠪᠠ
ᠤᠯᠠᠭ᠋ᠠᠨᠴᠠᠪ ᠬᠤᠳᠠ ᠪᠦᠬᠦ ᠬᠤᠳᠠ ᠵᠢᠨ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠨᠠᠮ᠎ᠤᠨ ᠪᠠᠢ᠌ᠭᠤᠯᠤᠯᠳᠠ ᠵᠢᠨ ᠬᠠᠷᠢᠭᠤᠴᠠᠯᠭ᠋ᠠᠳᠠᠨ᠎ᠢ ᠪᠤᠯᠪᠠᠰᠤᠷᠠᠭᠤᠯᠵᠠᠢ
ᠠᠯᠠᠱ᠌ᠠ ᠠᠢ᠌ᠮᠠᠭ᠎ᠤᠨ᠎ᠬᠢᠨ 《ᠦᠪᠡᠷᠳᠡᠭᠡᠨ ᠵᠠᠰᠠᠬᠤ ᠤᠷᠤᠨ᠎ᠤ ᠳᠤᠭᠳᠠᠭ᠋ᠠᠨ ᠭᠡᠷᠡᠭᠵᠢᠬᠦᠯᠦᠭᠰᠡᠨ ᠨᠠᠰᠤᠳᠠᠢ᠌ᠴᠤᠳ᠎ᠢ ᠬᠠᠷᠠᠭ᠋ᠠᠯᠵᠠᠬᠤ ᠦᠢ᠍ᠯᠡᠴᠢᠯᠡᠭᠡᠨ᠎ᠤ ᠳᠦᠷᠦᠯ ᠵᠦᠢ᠍ᠯ᠎ᠤᠨ ᠠ᠋ᠬᠦᠷᠭᠡ ᠵᠢ ᠬᠤᠪᠢᠶᠠᠨ ᠨᠠᠢ᠌ᠳᠠᠪᠤᠷᠢᠵᠢᠭᠤᠯᠬᠤ ᠳᠤᠬᠠᠢ ᠰᠠᠨᠠᠯ》 ᠳᠤᠭᠳᠠᠭ᠋ᠠᠨ ᠪᠠᠭᠤᠯᠭ᠋ᠠᠪᠠ
ᠤᠯᠠᠭ᠋ᠠᠨᠴᠠᠪ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠪᠦᠬᠦ ᠬᠤᠳᠠ ᠵᠢᠨ ᠭᠠᠴᠠᠭ᠎ᠠ ᠳᠤᠰᠬᠤᠨ᠎ᠤ ᠠ᠋ᠷᠬᠢᠯᠡᠭᠴᠢ ᠵᠢ ᠪᠤᠯᠪᠠᠰᠤᠷᠠᠭᠤᠯᠪᠠ
 
            