ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠠᠯᠠᠱ᠌ᠠ ᠠᠢ᠌ᠮᠠᠭ᠎ᠤᠨ᠎ᠬᠢᠨ 《ᠦᠪᠡᠷᠳᠡᠭᠡᠨ ᠵᠠᠰᠠᠬᠤ ᠤᠷᠤᠨ᠎ᠤ ᠳᠤᠭᠳᠠᠭ᠋ᠠᠨ ᠭᠡᠷᠡᠭᠵᠢᠬᠦᠯᠦᠭᠰᠡᠨ ᠨᠠᠰᠤᠳᠠᠢ᠌ᠴᠤᠳ᠎ᠢ ᠬᠠᠷᠠᠭ᠋ᠠᠯᠵᠠᠬᠤ ᠦᠢ᠍ᠯᠡᠴᠢᠯᠡᠭᠡᠨ᠎ᠤ ᠳᠦᠷᠦᠯ ᠵᠦᠢ᠍ᠯ᠎ᠤᠨ ᠠ᠋ᠬᠦᠷᠭᠡ ᠵᠢ ᠬᠤᠪᠢᠶᠠᠨ ᠨᠠᠢ᠌ᠳᠠᠪᠤᠷᠢᠵᠢᠭᠤᠯᠬᠤ ᠳᠤᠬᠠᠢ ᠰᠠᠨᠠᠯ》 ᠳᠤᠭᠳᠠᠭ᠋ᠠᠨ ᠪᠠᠭᠤᠯᠭ᠋ᠠᠪᠠ
ᠨᠡᠶᠢᠲᠡᠯᠡᠭᠰᠡᠨ ᠴᠠᠭ᠄ 2018-12-27

         
      ᠣᠢ᠌ᠷ᠎ᠡ᠎ᠳᠤ ᠠᠯᠠᠱ᠌ᠠ ᠠᠢ᠌ᠮᠠᠭ᠎ᠤᠨ ᠵᠠᠬᠢᠷᠭ᠎ᠠ ᠵᠢᠨ᠎ᠬᠢᠨ 《ᠦᠪᠡᠷᠳᠡᠭᠡᠨ ᠵᠠᠰᠠᠬᠤ ᠤᠷᠤᠨ᠎ᠤ ᠳᠤᠭᠳᠠᠭ᠋ᠠᠨ ᠭᠡᠷᠡᠭᠵᠢᠬᠦᠯᠦᠭᠰᠡᠨ ᠨᠠᠰᠤᠳᠠᠢ᠌ᠴᠤᠳ᠎ᠢ ᠬᠠᠷᠠᠭ᠋ᠠᠯᠵᠠᠬᠤ ᠦᠢ᠍ᠯᠡᠴᠢᠯᠡᠭᠡᠨ᠎ᠤ ᠳᠦᠷᠦᠯ ᠵᠦᠢ᠍ᠯ᠎ᠤᠨ ᠠ᠋ᠬᠦᠷᠭᠡ ᠵᠢ ᠬᠤᠪᠢᠶᠠᠨ ᠨᠠᠢ᠌ᠳᠠᠪᠤᠷᠢᠵᠢᠭᠤᠯᠬᠤ ᠳᠤᠬᠠᠢ ᠰᠠᠨᠠᠯ》 ᠵᠶ᠋ᠠᠨ ᠳᠤᠭᠳᠠᠭ᠋ᠠᠨ ᠪᠠᠭᠤᠯᠭ᠋ᠠᠵᠠᠢ᠃
     《ᠰᠠᠨᠠᠯ》᠎ᠳᠤ ᠬᠠᠷᠢᠭᠤᠴᠠᠯᠭ᠋ᠠᠳᠤ ᠰᠠᠯᠠᠭ᠎ᠠ ᠮᠦᠴᠢᠷ᠎ᠢ ᠤᠯᠠᠮ ᠳᠤᠳᠤᠷᠬᠠᠢ᠌ᠯᠠᠬᠣ ᠵᠢᠨ ᠳᠠᠭ᠋ᠠᠤ᠂ ᠠᠯᠠᠱ᠌ᠠ ᠠᠢ᠌ᠮᠠᠭ᠎ᠤᠨ ᠪᠠᠢ᠌ᠭᠤᠯᠤᠮᠵᠢ ᠵᠢᠨ ᠪᠤᠳᠠᠳᠠᠢ᠎ᠠᠴᠠ ᠠ᠋ᠬᠦᠰᠤᠨ᠂ ᠦᠪᠡᠷᠳᠡᠭᠡᠨ ᠵᠠᠰᠠᠬᠤ ᠤᠷᠤᠨ᠎ᠤ 28 ᠬᠠᠷᠢᠭᠤᠴᠠᠯᠭ᠋ᠠᠳᠤ ᠰᠠᠯᠠᠭ᠎ᠠ ᠮᠦᠴᠢᠷ᠎ᠤᠨ ᠠ᠋ᠬᠦᠷᠭᠡ ᠵᠢ ᠠᠢ᠌ᠮᠠᠭ᠎ᠤᠨ ᠱᠠᠳᠤᠨ᠎ᠤ 26 ᠰᠠᠯᠠᠭ᠎ᠠ ᠮᠦᠴᠢᠷ᠎ᠲᠤ ᠬᠤᠪᠢᠶᠠᠨ ᠦᠭᠴᠤ᠂ ᠦᠪᠡᠷᠳᠡᠭᠡᠨ ᠵᠠᠰᠠᠬᠤ ᠤᠷᠤᠨ᠎ᠤ 25 ᠵᠦᠢ᠍ᠯ᠎ᠤᠨ ᠭᠤᠤᠯᠳᠠᠯᠭ᠎ᠠ᠎ᠲᠠᠢ ᠠ᠋ᠬᠦᠷᠭᠡ ᠵᠢᠨ ᠨᠠᠢ᠌ᠳᠠᠪᠤᠷᠢᠵᠢᠭᠤᠯᠵᠤ ᠳᠡᠢ᠌ᠯᠦᠭᠰᠡᠨ ᠦᠭᠡᠢ ᠠ᠋ᠬᠦᠷᠭᠡ᠂ ᠳᠠᠷᠤᠢ 《ᠨᠦᠬᠦᠴᠡᠯ᠎ᠲᠠᠢ ᠭᠠᠵᠠᠷ ᠤᠷᠤᠨ᠎ᠤ᠎ᠬᠢᠨ ᠠᠰᠠᠷᠠᠨ ᠰᠤᠪᠢᠯᠠᠬᠤ ᠨᠦᠬᠦᠪᠤᠷᠢ ᠵᠢᠨ ᠳᠦᠷᠢᠮ᠎ᠢ ᠠᠶᠠᠨᠳᠠᠭ᠋ᠠᠨ ᠠᠵᠤ ᠠᠬᠤᠢ ᠵᠢᠨ ᠲᠠᠯ᠎ᠠ᠎ᠪᠠᠷ ᠬᠦᠴᠢᠷᠳᠡᠯ᠎ᠲᠠᠢ ᠦᠨᠳᠦᠷ ᠨᠠᠰᠤᠨ᠎ᠤ ᠨᠠᠰᠤᠲᠠᠢ᠌ᠴᠤᠳ ᠪᠤᠯᠤᠨ ᠳᠡᠩᠭᠡᠭᠡ᠎ᠪᠠᠨ ᠠᠯᠳᠠᠭᠰᠠᠨ ᠨᠠᠰᠤᠲᠠᠳ᠎ᠲᠤ ᠬᠠᠨᠲᠤᠭᠤᠯᠬᠤ ᠵᠢ ᠵᠤᠷᠢᠭᠵᠢᠭᠤᠯᠬᠤ》 ᠵᠡᠷᠭᠡ ᠠᠵᠢᠯ ᠵᠶ᠋ᠠᠨ ᠤᠯᠠᠮ ᠨᠠᠷᠢᠯᠢᠬ᠍ᠵᠢᠭᠤᠯᠵᠤ᠂ 《ᠨᠠᠰᠤᠳᠠᠢ᠌ᠴᠤᠳ᠎ᠤᠨ ᠳᠡᠩᠭᠡᠭᠡ ᠴᠢᠳᠠᠪᠤᠷᠢ ᠵᠢ ᠮᠠᠭ᠋ᠠᠳᠯᠠᠨ ᠳᠤᠭᠳᠠᠭ᠋ᠠᠬᠤ ᠳᠦᠰᠦᠯ》᠂ 《ᠨᠠᠰᠤᠳᠠᠢ᠌ᠴᠤᠳ᠎ᠤᠨ ᠠᠰᠠᠷᠠᠨ ᠰᠤᠪᠢᠯᠠᠬᠤ ᠨᠦᠬᠦᠪᠤᠷᠢ ᠵᠢ ᠭᠡᠷᠡᠭᠵᠢᠬᠦᠯᠬᠦ ᠳᠦᠰᠦᠯ》 ᠵᠡᠷᠭᠡ ᠵᠢ ᠪᠤᠳᠠᠳᠠᠢ ᠨᠠᠷᠢᠨ ᠳᠤᠭᠳᠠᠭ᠋ᠠᠵᠠᠢ; ᠪᠠᠰᠠ ᠰᠢᠨ᠎ᠠ᠎ᠪᠠᠷ ᠵᠠᠰᠠᠪᠤᠷᠢ ᠤᠷᠤᠭᠤᠯᠤᠭᠰᠠᠨ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠠ᠋ᠷᠭᠡ ᠠᠰᠢᠭ᠎ᠢ ᠪᠠᠳᠤᠯᠠᠬᠤ ᠳᠦᠷᠢᠮ》᠎ᠢ ᠦᠨᠳᠦᠰᠤᠯᠠᠨ᠂ ᠨᠠᠰᠤᠳᠠᠢ᠌ᠴᠤᠳ᠎ᠢ ᠵᠠᠰᠠᠭ᠎ᠤᠨ ᠤᠷᠳᠤᠨ᠎ᠠᠴᠠ ᠵᠢᠯᠤᠭᠤᠳᠤᠨ ᠬᠠᠮᠢᠶᠠᠷᠴᠤ ᠪᠠᠢ᠌ᠭ᠎ᠠ ᠵᠤᠭ᠋ᠠᠴᠠᠯ᠎ᠤᠨ ᠦᠵᠡᠮᠵᠢ ᠵᠢᠨ ᠤᠷᠤᠨ ᠵᠶ᠋ᠡᠷ ᠵᠤᠭ᠋ᠠᠴᠠᠭᠤᠯᠬᠤ ᠠ᠋ᠬᠦᠳᠡᠨ ᠪᠢᠯᠸᠲ᠎ᠢ ᠭᠡᠯᠳᠦᠷᠢᠬᠦᠯᠬᠦ᠂ ᠪᠤᠰᠤᠳ ᠵᠤᠭ᠋ᠠᠴᠠᠯ᠎ᠤᠨ ᠦᠵᠡᠮᠵᠢ ᠵᠢᠨ ᠤᠷᠤᠨ ᠵᠶ᠋ᠡᠷ ᠵᠤᠭ᠋ᠠᠴᠠᠭᠤᠯᠬᠤ ᠠ᠋ᠬᠦᠳᠡᠨ ᠪᠢᠯᠸᠲ᠎ᠲᠤ ᠬᠠᠷᠠᠭ᠋ᠠᠯᠵᠠᠯ᠎ᠲᠠᠢ ᠪᠤᠯᠭ᠋ᠠᠬᠤ᠎ᠪᠠᠷ ᠳᠤᠭᠳᠠᠭ᠋ᠠᠵᠤ᠂ ᠤᠤᠯ᠎ᠤᠨ ᠪᠦᠬᠦᠯᠢ 65 ᠨᠠᠰᠤᠨ᠎ᠠᠴᠠ ᠳᠡᠭᠡᠭᠰᠢᠬᠢ ᠨᠠᠰᠤᠲᠠᠳ᠎ᠤᠨ ᠠ᠋ᠬᠦᠳᠡᠨ ᠪᠢᠯᠸᠲ᠎ᠢ ᠬᠠᠰᠤᠵᠤ ᠭᠡᠯᠳᠦᠷᠢᠬᠦᠯᠳᠡᠭ ᠪᠠᠢ᠌ᠭᠰᠠᠨ᠎ᠢ ᠪᠦᠬᠦᠯᠢ 60 ᠨᠠᠰᠤ ᠪᠤᠯᠭ᠋ᠠᠨ ᠳᠤᠬᠢᠷᠠᠭᠤᠯᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠪᠦᠬᠦ ᠬᠤᠳᠠ ᠵᠢᠨ ᠭᠠᠴᠠᠭ᠎ᠠ ᠳᠤᠰᠬᠤᠨ᠎ᠤ ᠠ᠋ᠷᠬᠢᠯᠡᠭᠴᠢ ᠵᠢ ᠪᠤᠯᠪᠠᠰᠤᠷᠠᠭᠤᠯᠪᠠ
ᠠᠷᠠᠳ᠎ᠤᠨ ᠶᠠᠪᠤᠳᠠᠯ᠎ᠤᠨ ᠳᠢᠩᠬᠢᠮ ᠪᠤᠯᠤᠨ ᠠᠵᠢᠯᠴᠢᠨ᠎ᠤ ᠶᠡᠷᠦᠩᠭᠡᠢ ᠡᠪᠯᠡᠯ ᠬᠠᠮᠳᠤᠷᠠᠨ ᠬᠦᠴᠢᠷᠳᠡᠯ᠎ᠲᠠᠢ ᠠᠵᠢᠯᠳᠠᠨ ᠠᠵᠢᠯᠴᠢᠨ᠎ᠤ ᠭᠡᠷ ᠪᠦᠯᠢ ᠵᠢᠨ ᠳ᠋ᠠᠢ᠌ᠲ᠋ᠠ ᠵᠢ ᠬᠠᠷᠭᠤᠭᠤᠯᠬᠤ ᠪᠠ ᠮᠡᠳᠡᠭᠡ ᠵᠠᠩᠬᠢ ᠵᠢ ᠬᠠᠮᠳᠤᠪᠠᠷ ᠠᠰᠢᠭᠯᠠᠬᠤ ᠠᠵᠢᠯ ᠵᠶ᠋ᠠᠨ ᠴᠢᠩᠭ᠋ᠠᠳᠬᠠᠪᠠ
ᠠᠷᠠᠳ᠎ᠤᠨ ᠶᠠᠪᠤᠳᠠᠯ᠎ᠤᠨ ᠳᠢᠩᠬᠢᠮ᠎ᠤᠨ ᠠᠵᠢᠯᠳᠠᠨ ᠪᠦᠬᠦ ᠤᠯᠤᠰ᠎ᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ᠎ᠤᠨ ᠰᠢᠰᠲᠸᠮ᠎ᠢ ᠰᠦᠯᠵᠢᠶᠡᠨ᠎ᠳᠤ ᠭᠠᠷᠭ᠋ᠠᠬᠤ ᠬᠤᠷᠠᠯ᠎ᠳᠤ ᠤᠷᠤᠯᠴᠠᠪᠠ
ᠰᠢᠨ᠎ᠠ ᠬᠤᠳᠠ ᠳᠤᠭᠤᠷᠢᠭ ᠪᠣᠯᠤᠨ ᠪᠠᠭ᠋ᠠᠷᠢᠨ ᠵᠡᠬᠦᠨ ᠬᠤᠰᠢᠭᠤ 《ᠦᠪᠡᠷᠳᠡᠭᠡᠨ ᠵᠠᠰᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠵᠢᠷᠤᠮᠵᠢᠭᠰᠡᠨ ᠬᠠᠮᠢᠶᠠᠷᠤᠯᠳᠠ ᠵᠢᠨ ᠠᠩᠬᠠᠳᠠᠭᠴᠢ ᠪᠦᠯᠦᠭ ᠵᠢᠱ᠌ᠢᠶ᠎ᠠ ᠦᠵᠡᠬᠦᠯᠬᠦ ᠬᠤᠰᠢᠭᠤ ᠳᠤᠭᠤᠷᠢᠭ》 ᠵᠶ᠋ᠡᠷ ᠰᠤᠩᠭᠤᠭᠳᠠᠪᠠ
ᠹᠸᠩ ᠬᠤ᠌ ᠠ᠋ᠾᠸ ᠪᠦᠬᠦ ᠤᠯᠤᠰ᠎ᠤᠨ ᠠᠷᠠᠳ᠎ᠤᠨ ᠶᠠᠪᠤᠳᠠᠯ᠎ᠤᠨ ᠬᠠᠤᠯᠢᠵᠢᠯ᠎ᠤᠨ ᠠᠵᠢᠯ᠎ᠤᠨ ᠪᠤᠯᠪᠠᠰᠤᠷᠠᠯ᠎ᠳᠤ ᠤᠷᠤᠯᠴᠠᠪᠠ
 
            