ᠣᠢ᠌ᠷ᠎ᠡ᠎ᠳᠤ᠂ ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ᠎ᠨᠢ ᠠᠢ᠌ᠮᠠᠭ᠎ᠤᠨ ᠨᠡᠢ᠌ᠭᠡᠮ᠎ᠤᠨ ᠠᠵᠢᠯ᠎ᠤᠨ ᠨᠡᠢ᠌ᠭᠡᠮᠯᠢᠭ᠎ᠲᠠᠢ ᠬᠠᠮᠳᠤᠷᠠᠨ ᠪᠦᠬᠦ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠡᠢ᠌ᠭᠡᠮ᠎ᠤᠨ ᠠᠵᠢᠯᠳᠠᠨ᠎ᠤ ᠳᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠳᠡᠭᠡᠭᠰᠢᠯᠡᠬᠦᠯᠬᠦ ᠪᠤᠯᠪᠠᠰᠤᠷᠠᠯ᠎ᠤᠨ ᠠᠩᠬᠢ ᠠ᠋ᠷᠬᠢᠯᠡᠵᠤ᠂ ᠡᠯ᠎ᠡ ᠬᠤᠰᠢᠭᠤ ᠰᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠂ ᠨᠡᠢ᠌ᠭᠡᠮ ᠳᠤᠭᠤᠷᠢᠭ᠂ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ 65 ᠬᠦᠮᠦᠨ᠎ᠳᠤ ᠪᠤᠯᠪᠠᠰᠤᠷᠠᠯ ᠬᠦᠷᠳᠡᠭᠡᠵᠡᠢ᠃
ᠠ᠋ᠨᠡ ᠤᠳᠠᠭ᠋ᠠᠨ᠎ᠤ ᠪᠤᠯᠪᠠᠰᠤᠷᠠᠯ᠎ᠤᠨ ᠠᠩᠬᠢ᠎ᠳᠤ ᠪᠡᠭᠡᠵᠢᠩ᠎ᠤᠨ ᠨᠡᠢ᠌ᠭᠡᠮ᠎ᠤᠨ ᠬᠠᠮᠢᠶᠠᠷᠤᠯᠳᠠ ᠵᠢᠨ ᠠᠵᠢᠯ ᠮᠡᠷᠭᠡᠵᠢᠯ᠎ᠤᠨ ᠳᠡᠭᠡᠳᠤ ᠰᠤᠷᠭ᠋ᠠᠭᠤᠯᠢ ᠵᠢᠨ ᠳᠡᠳ᠋ ᠫᠷᠤᠹᠸᠰᠰᠤᠷ ᠵᠤᠤ ᠰᠢᠤᠸᠠᠢ ᠬᠤᠢ᠂ ᠪᠡᠭᠡᠵᠢᠩ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠡᠢ᠌ᠭᠡᠮ᠎ᠤᠨ ᠠᠵᠢᠯ᠎ᠤᠨ ᠭᠠᠵᠠᠷ᠎ᠤᠨ ᠶᠠᠩ ᠪᠤᠤ ᠢᠦᠢ ᠵᠢ ᠤᠷᠢᠨ ᠬᠢᠴᠢᠶᠠᠯ ᠤᠷᠤᠭᠤᠯᠵᠠᠢ᠃ ᠪᠤᠯᠪᠠᠰᠤᠷᠠᠭᠤᠯᠬᠤ ᠶᠠᠪᠤᠴᠠ᠎ᠳᠤ ᠪᠠᠭᠰᠢ ᠰᠤᠷᠤᠭᠴᠢ ᠬᠠᠷᠢᠯᠴᠠᠨ ᠬᠦᠳᠡᠯᠦᠯᠴᠡᠵᠤ ᠠᠰᠠᠭᠤᠯᠳᠠ ᠠᠰᠠᠭᠤᠵᠤ ᠬᠠᠷᠢᠭᠤᠯᠳᠠ ᠬᠢᠬᠦ᠂ ᠠ᠋ᠳᠤᠷ ᠳᠤᠳᠤᠮ᠎ᠤᠨ ᠠᠵᠢᠯ ᠰᠤᠷᠤᠯᠭ᠎ᠠ ᠵᠢᠨ ᠳᠤᠮᠳᠠ ᠳᠤᠯᠭ᠋ᠠᠷᠠᠭᠰᠠᠨ ᠠᠰᠠᠭᠤᠳᠠᠯ᠎ᠢ ᠰᠢᠢ᠍ᠳᠪᠤᠷᠢᠯᠡᠬᠦ ᠠᠷᠭ᠎ᠠ ᠵᠢ ᠰᠦᠪᠡᠭᠴᠢᠯᠡᠬᠦ᠎ᠪᠠᠷ ᠳᠠᠮᠵᠢᠨ᠂ ᠪᠤᠯᠪᠠᠰᠤᠷᠠᠯ᠎ᠳᠤ ᠤᠷᠤᠯᠴᠠᠭᠰᠠᠳ᠎ᠤᠨ ᠳᠤᠬᠠᠢ᠌ᠯᠠᠭᠰᠠᠨ ᠠᠵᠢᠯ᠎ᠤᠨ ᠮᠡᠳᠡᠯᠭᠡ ᠴᠢᠳᠠᠪᠤᠷᠢ ᠵᠢ ᠵᠤᠬᠢᠬᠤ ᠭᠡᠮᠵᠢᠶ᠎ᠡ᠎ᠪᠠᠷ ᠳᠡᠭᠡᠭᠰᠢᠯᠡᠬᠦᠯᠵᠡᠢ᠃