ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠪᠤᠭᠤᠳᠤ ᠬᠤᠳᠠ ᠵᠢᠨ ᠵᠠᠰᠠᠭ᠎ᠤᠨ ᠤᠷᠳᠤᠨ᠎ᠤ ᠭᠤᠤᠯ ᠤᠳᠤᠷᠢᠳᠤᠯᠭ᠎ᠠ ᠬᠤᠳᠠ ᠵᠢᠨ ᠠᠷᠠᠳ᠎ᠤᠨ ᠶᠠᠪᠤᠳᠠᠯ᠎ᠤᠨ ᠠᠰᠠᠷᠠᠮᠵᠢ ᠵᠢᠨ ᠬᠦᠷᠢᠶᠡᠯᠡᠩ ᠳᠤᠭᠤᠷᠢᠭ᠎ᠤᠨ ᠪᠦᠳᠦᠭᠡᠨ ᠪᠠᠢ᠌ᠭᠤᠯᠤᠯᠳᠠ ᠵᠢᠨ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠤᠭᠤᠳᠪᠠ
ᠨᠡᠶᠢᠲᠡᠯᠡᠭᠰᠡᠨ ᠴᠠᠭ᠄ 2018-12-13

           
     11 ᠳ᠋ᠤᠭᠡᠷ ᠰᠠᠷ᠎ᠠ ᠵᠢᠨ 29᠎ᠤ ᠠ᠋ᠳᠤᠷ᠎ᠤᠨ ᠦᠳᠡ ᠵᠢᠨ ᠬᠤᠢ᠌ᠨ᠎ᠠ᠂ ᠪᠤᠭᠤᠳᠤ ᠬᠤᠳᠠ ᠵᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠳᠠ ᠵᠢᠨ ᠳᠠᠷᠤᠭ᠎ᠠ ᠵᠤᠤ ᠵᠢᠶᠠᠩ ᠲᠤᠤ᠂ ᠬᠤᠳᠠ ᠵᠢᠨ ᠳᠡᠳ᠋ ᠳᠠᠷᠤᠭ᠎ᠠ ᠡᠤ ᠡᠯ ᠪᠢᠨ ᠵᠢᠴᠢ ᠬᠤᠯᠪᠤᠭᠳᠠᠯ ᠪᠦᠬᠦᠢ ᠬᠠᠷᠢᠭᠤᠴᠠᠯᠭ᠋ᠠᠳᠠᠨ ᠬᠤᠳᠠ ᠵᠢᠨ ᠠᠷᠠᠳ᠎ᠤᠨ ᠶᠠᠪᠤᠳᠠᠯ᠎ᠤᠨ ᠠᠰᠠᠷᠠᠮᠵᠢ ᠵᠢᠨ ᠬᠦᠷᠢᠶᠡᠯᠡᠩ ᠳᠤᠭᠤᠷᠢᠭ᠎ᠲᠤ ᠬᠦᠷᠴᠤ ᠪᠠᠢ᠌ᠴᠠᠭ᠋ᠠᠨ ᠰᠤᠳᠤᠯᠵᠤ ᠵᠢᠭ᠋ᠠᠨ ᠵᠢᠯᠤᠭᠤᠳᠴᠠᠢ᠃ ᠴᠢᠩᠱ᠌ᠠᠨ ᠳᠤᠭᠤᠷᠢᠭ᠎ᠤᠨ ᠵᠠᠰᠠᠭ᠎ᠤᠨ ᠤᠷᠳᠤᠨ᠂ ᠰᠢᠭᠤᠢ᠌ᠳᠤ ᠳᠤᠭᠤᠷᠢᠭ᠎ᠤᠨ ᠵᠠᠰᠠᠭ᠎ᠤᠨ ᠤᠷᠳᠤᠨ᠂ ᠬᠤᠳᠠ ᠵᠢᠨ ᠬᠦᠭᠵᠢᠬᠦᠯᠦᠯᠳᠡ ᠪᠤᠯᠤᠨ ᠦᠭᠡᠷᠡᠴᠢᠯᠡᠯᠳᠡ ᠵᠢᠨ ᠵᠦᠪᠯᠡᠯ᠂ ᠬᠤᠳᠠ ᠵᠢᠨ ᠠ᠋ᠳ᠋᠎ᠤᠨ ᠵᠠᠰᠠᠭ᠎ᠤᠨ ᠳᠤᠪᠴᠢᠶ᠎ᠠ᠂ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ᠂ ᠬᠤᠳᠠ ᠵᠢᠨ ᠳᠦᠯᠦᠪᠵᠢᠬᠦᠯᠭᠡ ᠵᠢᠨ ᠳᠤᠪᠴᠢᠶ᠎ᠠ᠂ ᠬᠤᠳᠠ ᠵᠢᠨ ᠪᠦᠳᠦᠭᠡᠨ ᠪᠠᠢ᠌ᠭᠤᠯᠤᠯᠳᠠ ᠵᠢᠨ ᠵᠦᠪᠯᠡᠯ᠎ᠤᠨ ᠭᠤᠤᠯ ᠬᠠᠷᠢᠭᠤᠴᠠᠯᠭ᠋ᠠᠳᠠᠨ ᠪᠠᠷ᠎ᠠ ᠪᠤᠯᠵᠤ ᠪᠠᠢ᠌ᠴᠠᠭ᠋ᠠᠨ ᠰᠤᠳᠤᠯᠪᠠ᠃
      ᠪᠤᠭᠤᠳᠤ ᠬᠣᠲᠠ ᠵᠢᠨ ᠬᠤᠳᠠ ᠵᠢᠨ ᠳᠡᠰ᠎ᠤᠨ ᠠᠷᠠᠳ᠎ᠤᠨ ᠶᠠᠪᠤᠳᠠᠯ᠎ᠤᠨ ᠠᠰᠠᠷᠠᠮᠵᠢ ᠵᠢᠨ ᠬᠦᠷᠢᠶᠡᠯᠡᠩ ᠳᠤᠭᠤᠷᠢᠭ ᠪᠤᠯ ᠪᠤᠭᠤᠳᠤ ᠬᠤᠳᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ᠎ᠤ ᠪᠦᠳᠦᠭᠡᠨ ᠪᠠᠢ᠌ᠭᠤᠯᠵᠤ ᠪᠠᠢ᠌ᠭ᠎ᠠ ᠭᠤᠤᠯᠳᠠᠯᠭ᠎ᠠ᠎ᠲᠠᠢ ᠠᠷᠠᠳ᠎ᠤᠨ ᠠᠮᠢᠳᠤᠷᠠᠯ᠎ᠤᠨ ᠢᠨᠵᠸᠨ᠋ᠸᠷᠢᠩ ᠪᠤᠯᠬᠤ ᠮᠦᠷᠳᠡᠭᠡᠨ ᠬᠤᠳᠠ ᠵᠢᠨ ᠳᠦᠯᠦᠪᠵᠢᠬᠦᠯᠭᠡ ᠵᠢᠨ ᠵᠦᠪᠯᠡᠯ᠎ᠠᠴᠠ ᠳᠦᠯᠦᠪᠯᠡᠵᠤ᠂ 2016 ᠤᠨ᠎ᠠᠴᠠ ᠠ᠋ᠬᠢᠯᠡᠬᠦᠯᠦᠭᠰᠡᠨ ᠡᠵᠡᠯᠡᠬᠦ ᠭᠠᠵᠠᠷ᠎ᠤᠨ ᠳᠠᠯᠠᠪᠠᠢ᠎ᠨᠢ 33.5 ᠳᠦᠮᠡᠨ ᠳᠡᠭᠰᠢ ᠳᠦᠷᠪᠡᠯᠵᠢᠨ ᠮᠸᠲᠷ (ᠪᠠᠷᠤᠭ 503 ᠮᠤ᠌)᠎ᠲᠤ ᠬᠦᠷᠬᠦ ᠬᠤᠳᠠ ᠵᠢᠨ ᠳᠡᠰ᠎ᠤᠨ ᠶᠡᠷᠦᠩᠭᠡᠢ᠌ᠯᠡᠭᠰᠡᠨ ᠴᠢᠨᠠᠷ᠎ᠲᠠᠢ ᠨᠠᠰᠤᠲᠠᠳ᠎ᠤᠨ ᠠᠰᠠᠷᠠᠮᠵᠢ ᠵᠢᠨ ᠬᠦᠷᠢᠶᠡᠯᠡᠩ᠂ ᠭᠡᠤᠭᠡᠳ᠎ᠤᠨ ᠠᠰᠠᠷᠠᠮᠵᠢ ᠵᠢᠨ ᠬᠦᠷᠢᠶᠡᠯᠡᠩ᠂ ᠨᠡᠢ᠌ᠭᠡᠮ᠎ᠤᠨ ᠳᠤᠰᠠᠯᠠᠮᠵᠢ ᠵᠢᠨ ᠬᠠᠮᠢᠶᠠᠷᠤᠯᠳᠠ ᠵᠢᠨ ᠦᠷᠳᠡᠭᠡ᠂ ᠬᠤᠳᠠ ᠵᠢᠨ ᠭᠠᠮᠰᠢᠭ᠎ᠠᠴᠠ ᠠᠪᠤᠷᠠᠬᠤ ᠠ᠋ᠳ᠋ ᠪᠤᠳᠠᠰ ᠬᠠᠳᠠᠭ᠋ᠠᠯᠠᠬᠤ ᠬᠦᠮᠦᠷᠭᠡ᠂ ᠠ᠋ᠷᠡᠬᠦᠯᠵᠢᠬᠦᠯᠬᠦ ᠳᠦᠪ (ᠤᠶᠤᠨ ᠮᠡᠳᠡᠷᠡᠯ᠎ᠤᠨ ᠡᠪᠡᠳᠴᠢᠳᠠᠨ᠎ᠤ ᠠᠰᠠᠷᠠᠮᠵᠢ ᠵᠢᠨ ᠬᠦᠷᠢᠶᠡᠯᠡᠩ)᠂ ᠨᠠᠰᠤᠳᠠᠢ᠌ᠴᠤᠳ᠎ᠤᠨ ᠨᠠᠢ᠌ᠳᠠ ᠵᠢᠨ ᠪᠠᠢ᠌ᠷᠢ ᠵᠡᠷᠭᠡ ᠵᠢ ᠪᠠᠭᠳᠠᠭ᠋ᠠᠭᠰᠠᠨ ᠪᠦᠳᠦᠭᠡᠨ ᠪᠠᠢ᠌ᠭᠤᠯᠤᠯᠳᠠ ᠵᠢᠨ ᠳᠦᠷᠦᠯ ᠵᠦᠢ᠍ᠯ ᠪᠤᠯᠤᠨ᠎ᠠ᠃ ᠪᠦᠳᠦᠭᠡᠨ ᠪᠠᠢ᠌ᠭᠤᠯᠵᠤ ᠳᠠᠭᠤᠰᠪᠠᠯ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ᠂ ᠨᠠᠰᠤᠲᠠᠳ᠎ᠢ ᠠᠰᠠᠷᠠᠬᠤ᠂ ᠠ᠋ᠮᠨᠡᠵᠤ ᠠ᠋ᠷᠡᠬᠦᠯᠵᠢᠬᠦᠯᠬᠦ ᠵᠡᠷᠭᠡ ᠤᠯᠠᠨ ᠴᠢᠳᠠᠪᠤᠷᠢ ᠵᠢ ᠨᠢᠭᠡ ᠴᠤᠭᠴᠠᠵᠢᠭᠤᠯᠤᠭᠰᠠᠨ ᠶᠡᠷᠦᠩᠭᠡᠢ᠌ᠯᠡᠭᠰᠡᠨ ᠴᠢᠨᠠᠷ᠎ᠲᠠᠢ ᠠᠰᠠᠷᠠᠮᠵᠢ ᠵᠢᠨ ᠬᠦᠷᠢᠶᠡᠯᠡᠩ ᠳᠤᠭᠤᠷᠢᠭ ᠪᠤᠯᠤᠨ᠎ᠠ᠃
      ᠪᠠᠢ᠌ᠴᠠᠭ᠋ᠠᠨ ᠰᠤᠳᠤᠯᠬᠤ ᠶᠠᠪᠤᠴᠠ᠎ᠳᠤ᠂ ᠵᠤᠤ ᠵᠢᠶᠠᠩ ᠲᠤᠤ ᠨᠡᠷ ᠤᠷᠢᠳ ᠬᠤᠵᠢᠳ ᠠᠰᠠᠷᠠᠮᠵᠢ ᠵᠢᠨ ᠬᠦᠷᠢᠶᠡᠯᠡᠩ ᠳᠤᠭᠤᠷᠢᠭ᠎ᠤᠨ ᠪᠦᠳᠦᠭᠡᠨ ᠪᠠᠢ᠌ᠭᠤᠯᠤᠯᠳᠠ ᠵᠢᠨ ᠵᠢᠯᠤᠭᠤᠳᠬᠤ ᠭᠠᠵᠠᠷ ᠪᠤᠯᠤᠨ ᠬᠤᠳᠠ ᠵᠢᠨ ᠳᠡᠰ᠎ᠤᠨ ᠭᠠᠮᠰᠢᠭ᠎ᠠᠴᠠ ᠠᠪᠤᠷᠠᠬᠤ ᠠ᠋ᠳ᠋ ᠪᠤᠳᠠᠰ ᠬᠠᠳᠠᠭ᠋ᠠᠯᠠᠬᠤ ᠬᠦᠮᠦᠷᠭᠡ ᠵᠡᠷᠭᠡ ᠳᠦᠷᠦᠯ ᠵᠦᠢ᠍ᠯ᠎ᠤᠨ ᠪᠦᠳᠦᠭᠡᠨ ᠪᠠᠢ᠌ᠭᠤᠯᠤᠯᠳᠠ ᠵᠢᠨ ᠭᠠᠵᠠᠷ ᠵᠶ᠋ᠡᠷ ᠬᠦᠷᠴᠤ ᠪᠦᠳᠦᠭᠡᠨ ᠪᠠᠢ᠌ᠭᠤᠯᠤᠯᠳᠠ ᠵᠢᠨ ᠠᠬᠢᠴᠠ ᠵᠢᠨ ᠪᠠᠢ᠌ᠳᠠᠯ᠎ᠢ ᠨᠠᠷᠢᠨ ᠤᠢ᠌ᠯᠠᠭ᠋ᠠᠪᠠ᠃ ᠬᠤᠳᠠ ᠵᠢᠨ ᠳᠠᠷᠤᠭ᠎ᠠ ᠵᠤᠤ ᠵᠢᠶᠠᠩ ᠲᠤᠤ᠂ ᠪᠠᠢ᠌ᠭ᠋ᠠᠯᠢ ᠵᠢᠨ ᠭᠠᠮᠰᠢᠭ᠎ᠤᠨ ᠠᠶᠤᠯ ᠳᠦᠭᠰᠢᠬᠦᠷᠢ ᠵᠢᠨ ᠬᠠᠮᠢᠶᠠᠷᠤᠯᠳᠠ ᠪᠤᠯᠤᠨ ᠭᠠᠮᠰᠢᠭ᠎ᠢ ᠪᠠᠭ᠋ᠠᠰᠬᠠᠬᠤ ᠠᠵᠢᠯ᠎ᠢ ᠭᠤᠤᠯᠳᠠᠯᠭ᠎ᠠ᠎ᠲᠠᠢ ᠴᠢᠩᠭ᠋ᠠᠳᠬᠠᠨ᠂ ᠨᠠᠰᠤᠳᠠᠢ᠌ᠴᠤᠳ᠎ᠤᠨ ᠨᠡᠢ᠌ᠳᠡ ᠵᠢᠨ ᠪᠠᠢ᠌ᠷᠢ ᠵᠢᠨ ᠪᠦᠳᠦᠭᠡᠨ ᠪᠠᠢ᠌ᠭᠤᠯᠤᠯᠳᠠ ᠵᠢ ᠰᠠᠢ᠌ᠳᠤᠷ ᠠᠳᠬᠤᠵᠤ᠂ ᠪᠦᠬᠦ ᠬᠤᠳᠠ ᠵᠢᠨ ᠤᠯᠠᠨ ᠳᠠᠪᠬᠤᠷᠭ᠋ᠠᠨ᠎ᠤ᠂ ᠤᠯᠠᠨ ᠵᠠᠮ ᠱᠤᠭᠤᠮ᠎ᠤᠨ᠂ ᠤᠯᠠᠨ ᠶᠠᠩᠵᠤ ᠵᠢᠨ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠵᠠᠬ᠎ᠠ ᠳᠡᠯᠭᠡᠬᠦᠷ᠎ᠢ ᠬᠦᠭᠵᠢᠬᠦᠯᠦᠨ᠂ ᠳᠤᠮᠳᠠ ᠳᠡᠭᠡᠳᠤ ᠳᠡᠰ᠎ᠤᠨ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠳᠤᠳᠠᠮᠠᠭ ᠪᠠᠢ᠌ᠳᠠᠯ᠎ᠢ ᠬᠤᠪᠢᠷᠠᠭᠤᠯᠵᠤ᠂ ᠨᠠᠰᠤᠵᠢᠯ᠎ᠤᠨ ᠦᠢ᠍ᠯᠡᠰ᠎ᠤᠨ ᠬᠦᠭᠵᠢᠯᠳᠡ ᠵᠢ ᠠᠬᠢᠭᠤᠯᠤᠨ᠂ ᠵᠠᠰᠠᠭ᠎ᠤᠨ ᠤᠷᠳᠤᠨ᠎ᠤ ᠪᠡᠯᠡ ᠤᠷᠤᠭᠤᠯᠤᠯᠳᠠ ᠵᠢ ᠠᠷᠪᠢᠯᠠᠵᠤ᠂ ᠵᠠᠰᠠᠭ᠎ᠤᠨ ᠤᠷᠳᠤᠨ᠎ᠤ ᠦᠷᠢ ᠦᠭᠴᠡᠭᠡ ᠵᠢ ᠴᠢᠷᠮᠠᠢ᠌ᠨ ᠪᠠᠭ᠋ᠠᠰᠬᠠᠬᠤ ᠭᠡᠷᠡᠭᠳᠡᠢ ᠭᠡᠵᠤ ᠱᠠᠭ᠋ᠠᠷᠳᠠᠪᠠ᠃
      ᠵᠣᠣ ᠵᠢᠶᠠᠩ ᠲᠤᠤ᠂ ᠤᠢ᠌ᠷ᠎ᠠ ᠵᠢᠨ ᠵᠢᠯ᠎ᠠᠴᠠ ᠪᠦᠬᠦ ᠬᠤᠳᠠ ᠵᠢᠨ ᠠᠷᠠᠳ᠎ᠤᠨ ᠶᠠᠪᠤᠳᠠᠯ᠎ᠤᠨ ᠠᠵᠢᠯ ᠢᠯᠡᠳᠳᠡ ᠠᠮᠵᠢᠯᠳᠠ ᠤᠯᠵᠤ᠂ ᠢᠯᠠᠩᠭᠤᠶ᠎ᠠ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠳᠠᠯ᠎ᠠ᠎ᠪᠠᠷ ᠠ᠋ᠩ᠎ᠤᠨ ᠦᠢ᠍ᠯᠡᠴᠢᠯᠡᠭᠡᠨ᠎ᠤ ᠭᠡᠯᠪᠡᠷᠢ᠂ ᠠᠰᠠᠷᠠᠨ ᠰᠤᠪᠢᠯᠠᠬᠤ ᠭᠡᠯᠪᠡᠷᠢ᠂ ᠪᠠᠷᠢᠮᠵᠢᠶᠠᠵᠢᠭᠰᠠᠨ ᠭᠡᠯᠪᠡᠷᠢ ᠪᠡ ᠠ᠋ᠮᠨᠡᠵᠤ ᠠᠰᠠᠷᠠᠬᠤ ᠵᠢ ᠤᠶᠠᠯᠳᠤᠭᠤᠯᠬᠤ ᠭᠡᠯᠪᠡᠷᠢ ᠵᠡᠷᠭᠡ ᠤᠯᠠᠨ ᠭᠡᠯᠪᠡᠷᠢ ᠵᠢᠨ ᠤᠯᠠᠨ ᠶᠠᠩᠵᠤ ᠵᠢᠨ ᠨᠠᠰᠤᠲᠠᠳ᠎ᠢ ᠠᠰᠠᠷᠠᠬᠤ ᠭᠡᠪ ᠵᠠᠭᠪᠤᠷ᠎ᠢ ᠪᠦᠷᠢᠳᠦᠬᠦᠯᠵᠡᠢ᠃ ᠬᠤᠳᠠ ᠵᠢᠨ ᠠᠷᠠᠳ᠎ᠤᠨ ᠶᠠᠪᠤᠳᠠᠯ᠎ᠤᠨ ᠠᠰᠠᠷᠠᠮᠵᠢ ᠵᠢᠨ ᠬᠦᠷᠢᠶᠡᠯᠡᠩ ᠳᠤᠭᠤᠷᠢᠭ᠎ᠢ ᠪᠠᠢ᠌ᠭᠤᠯᠵᠤ ᠳᠠᠭᠤᠰᠪᠠᠯ ᠳᠡᠷᠡ᠎ᠨᠢ ᠪᠦᠬᠦ ᠤᠷᠤᠨ ᠴᠢᠨᠠᠭᠰᠢᠯᠠᠨ ᠪᠦᠬᠦ ᠤᠯᠤᠰ᠎ᠤᠨ ᠠᠳᠠᠯᠢ ᠳᠡᠰ᠎ᠤᠨ ᠬᠤᠳᠠ ᠵᠢᠨ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠦᠭᠵᠢᠯᠳᠡ᠎ᠳᠤ ᠦᠯᠢᠭᠡᠷ ᠳᠠᠭᠤᠷᠢᠶᠠᠯ ᠪᠤᠯᠬᠤ ᠶᠤᠮ᠃ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠠᠷᠠᠳ᠎ᠤᠨ ᠶᠠᠪᠤᠳᠠᠯ᠎ᠤᠨ ᠠᠰᠠᠷᠠᠮᠵᠢ ᠵᠢᠨ ᠬᠦᠷᠢᠶᠡᠯᠡᠩ ᠳᠤᠭᠤᠷᠢᠭ᠎ᠤᠨ ᠪᠦᠳᠦᠭᠡᠨ ᠪᠠᠢ᠌ᠭᠤᠯᠤᠯᠳᠠ ᠵᠢ ᠪᠦᠬᠦ ᠬᠦᠴᠦᠨ ᠵᠶ᠋ᠡᠷ ᠵᠶ᠋ᠡᠨ ᠳᠡᠮᠵᠢᠵᠤ᠂ ᠴᠢᠩᠱ᠌ᠠᠨ ᠳᠤᠭᠤᠷᠢᠭ ᠪᠤᠯᠤᠨ ᠰᠢᠭᠤᠢ᠌ᠳᠤ ᠳᠤᠭᠤᠷᠢᠭ᠎ᠨᠢ ᠬᠠᠷᠢᠶ᠎ᠠ ᠭᠠᠵᠠᠷ᠎ᠤᠨ ᠦᠢ᠍ᠯᠡᠳᠤᠯ ᠵᠶ᠋ᠡᠨ ᠬᠦᠢ᠍ᠴᠡᠳ ᠪᠠᠳᠠᠷᠠᠭᠤᠯᠤᠨ᠂ ᠳᠦᠷᠦᠯ ᠵᠦᠢ᠍ᠯ᠎ᠤᠨ ᠪᠦᠳᠦᠭᠡᠨ ᠪᠠᠢ᠌ᠭᠤᠯᠤᠯᠳᠠ ᠵᠢ ᠳᠦᠷᠭᠡᠳᠭᠡᠬᠦ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃ ᠵᠤᠤ ᠵᠢᠶᠠᠩ ᠲᠤᠤ ᠪᠠᠰᠠ ᠠᠷᠠᠳ᠎ᠤᠨ ᠶᠠᠪᠤᠳᠠᠯ᠎ᠤᠨ ᠠᠵᠢᠯ᠎ᠤᠨ ᠠ᠋ᠬᠦᠷᠭᠡ ᠬᠦᠨᠳᠤ᠂ ᠬᠠᠷᠢᠭᠤᠴᠠᠯᠭ᠎ᠠ ᠴᠢᠩᠭ᠎ᠠ᠂ ᠤᠳᠬ᠎ᠠ ᠠᠭᠤᠯᠭ᠎ᠠ ᠬᠦᠨ ᠶᠤᠮ᠃ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ ᠬᠠᠷᠢᠭᠤᠴᠠᠯᠭ᠋ᠠᠳᠤ ᠰᠡᠳᠬᠢᠯᠭᠡ᠎ᠪᠠᠷ ᠠᠯᠢᠪᠠ ᠠᠵᠢᠯ᠎ᠢ ᠠᠳᠬᠤᠵᠤ᠂ ᠬᠤᠳᠠ ᠵᠢᠨ ᠨᠠᠮ᠎ᠤᠨ ᠬᠤᠷᠢᠶ᠎ᠠ ᠪᠤᠯᠤᠨ ᠵᠠᠰᠠᠭ᠎ᠤᠨ ᠤᠷᠳᠤᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠬᠠᠮᠢᠶ᠎ᠠ᠎ᠲᠠᠢ ᠴᠢᠬᠤᠯᠠ ᠶᠡᠭᠡ ᠰᠢᠢ᠍ᠳᠪᠤᠷᠢᠳᠤ ᠪᠤᠳᠤᠯᠭ᠎ᠠ ᠪᠤᠯᠤᠨ ᠪᠠᠢ᠌ᠷᠢᠯᠠᠭᠤᠯᠤᠯᠳᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠨᠠᠮ ᠵᠠᠰᠠᠭ᠎ᠤᠨ ᠬᠠᠢ᠌ᠷ᠎ᠠ ᠬᠠᠯᠠᠮᠵᠢ ᠵᠢ ᠦᠨᠳᠦᠰᠤᠨ ᠱᠠᠳᠤᠨ᠎ᠳᠤ ᠬᠦᠷᠭᠡᠵᠤ᠂ ᠬᠦᠴᠢᠷᠳᠡᠯ᠎ᠲᠠᠢ ᠤᠯᠠᠨ ᠳᠦᠮᠡᠨ᠎ᠳᠤ ᠬᠦᠷᠭᠡᠬᠦ ᠭᠡᠷᠡᠭᠳᠡᠢ ᠭᠡᠵᠤ ᠴᠢᠬᠤᠯᠠᠴᠢᠯᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠢᠩᠭ᠋ᠠᠨ ᠠᠢ᠌ᠮᠠᠭ᠎ᠤᠨ᠎ᠬᠢᠨ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠡᠢ᠌ᠭᠡᠮ᠎ᠤᠨ ᠠᠵᠢᠯᠳᠡᠨ᠎ᠤ ᠴᠢᠳᠠᠪᠤᠷᠢ ᠵᠢ ᠳᠡᠭᠡᠭᠰᠢᠯᠡᠬᠦᠯᠬᠦ ᠪᠤᠯᠪᠠᠰᠤᠷᠠᠯ᠎ᠤᠨ ᠠᠩᠬᠢ ᠠ᠋ᠷᠬᠢᠯᠡᠵᠡᠢ
ᠳᠦᠩᠯᠢᠶᠤᠤ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠪᠦᠬᠦ ᠬᠤᠳᠠ ᠵᠢᠨ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ 2018 ᠤᠨ᠎ᠤ ᠠᠮᠤᠷ ᠳᠦᠪᠰᠢᠨ᠎ᠤ ᠳᠤᠰᠬᠠᠢ ᠪᠠᠢ᠌ᠴᠠᠭ᠋ᠠᠯᠳᠠ ᠬᠢᠵᠠᠢ
ᠬᠦᠯᠦᠨ ᠪᠤᠢ᠌ᠷ ᠬᠤᠳᠠ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠵᠠᠬ᠎ᠠ ᠳᠡᠯᠭᠡᠬᠦᠷ᠎ᠢ ᠴᠢᠯᠦᠭᠡᠳᠡᠢ ᠪᠤᠯᠭ᠋ᠠᠵᠠᠢ
ᠠᠷᠠᠳ᠎ᠤᠨ ᠶᠠᠪᠤᠳᠠᠯ᠎ᠤᠨ ᠳᠢᠩᠬᠢᠮ ᠬᠠᠤᠯᠢ᠎ᠪᠠᠷ ᠤᠷᠤᠨ ᠵᠶ᠋ᠡᠨ ᠵᠠᠰᠠᠬᠤ ᠵᠢ ᠪᠦᠬᠦ ᠳᠠᠯ᠎ᠠ᠎ᠪᠠᠷ ᠠᠬᠢᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ 2018 ᠤᠨ᠎ᠤ ᠭᠤᠷᠪᠠᠳᠤᠭ᠋ᠠᠷ ᠤᠳᠠᠭ᠋ᠠᠨ᠎ᠤ ᠬᠤᠷᠠᠯ ᠬᠢᠪᠡ
ᠠᠷᠠᠳ᠎ᠤᠨ ᠶᠠᠪᠤᠳᠠᠯ᠎ᠤᠨ ᠶᠠᠮᠤᠨ᠎ᠤ ᠳᠤᠤᠷ᠎ᠠ ᠤᠷᠤᠯᠭ᠋ᠠᠳᠤ ᠭᠡᠷ ᠪᠦᠯᠢ ᠵᠢ ᠨᠣᠲᠠᠯᠠᠨ ᠳᠤᠭᠳᠠᠭ᠋ᠠᠬᠤ ᠵᠢ ᠵᠢᠯᠤᠭᠤᠳᠬᠤ ᠳᠦᠪ᠎ᠤᠨ ᠮᠡᠷᠭᠡᠵᠢᠯᠳᠡᠨ ᠮᠠᠨ᠎ᠤ ᠤᠷᠤᠨ᠎ᠳᠤ ᠪᠠᠢ᠌ᠴᠠᠭ᠋ᠠᠨ ᠰᠤᠳᠤᠯᠤᠯᠳᠠ ᠬᠢᠪᠠ
 
            