ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠤᠯᠠᠭ᠋ᠠᠨᠴᠠᠪ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠪᠦᠬᠦ ᠬᠤᠳᠠ ᠵᠢᠨ ᠭᠠᠴᠠᠭ᠎ᠠ ᠳᠤᠰᠬᠤᠨ᠎ᠤ ᠠ᠋ᠷᠬᠢᠯᠡᠭᠴᠢ ᠵᠢ ᠪᠤᠯᠪᠠᠰᠤᠷᠠᠭᠤᠯᠪᠠ
ᠨᠡᠶᠢᠲᠡᠯᠡᠭᠰᠡᠨ ᠴᠠᠭ᠄ 2018-12-24

             
     12 ᠳ᠋ᠤᠭ᠋ᠠᠷ ᠰᠠᠷ᠎ᠠ ᠵᠢᠨ 17᠎ᠤ ᠠ᠋ᠳᠤᠷ᠎ᠠᠴᠠ 19᠎ᠤ ᠠ᠋ᠳᠤᠷ ᠪᠤᠯᠳᠠᠯ᠎ᠠ᠂ ᠤᠯᠠᠭ᠋ᠠᠨᠴᠠᠪ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠪᠤᠯᠤᠨ ᠬᠤᠳᠠ ᠵᠢᠨ ᠨᠠᠮ᠎ᠤᠨ ᠬᠤᠷᠢᠶᠠᠨ᠎ᠤ ᠵᠤᠬᠢᠶᠠᠨ ᠪᠠᠢ᠌ᠭᠤᠯᠬᠤ ᠭᠡᠯᠳᠡᠰ ᠬᠠᠮᠳᠤᠷᠠᠨ 2018 ᠤᠨ᠎ᠤ ᠪᠦᠬᠦ ᠬᠤᠳᠠ ᠵᠢᠨ ᠭᠠᠴᠠᠭ᠎ᠠ ᠳᠤᠰᠬᠤᠨ᠎ᠤ ᠠ᠋ᠷᠬᠢᠯᠡᠭᠴᠢ ᠵᠢᠨ ᠠᠵᠢᠯ᠎ᠤᠨ ᠪᠠᠢ᠌ᠷᠢᠨ᠎ᠳᠤ ᠭᠠᠷᠬᠤ ᠪᠤᠯᠪᠠᠰᠤᠷᠠᠯ᠎ᠤᠨ ᠠᠩᠬᠢ ᠠ᠋ᠷᠬᠢᠯᠡᠵᠤ᠂ ᠪᠦᠬᠦ ᠬᠤᠳᠠ ᠵᠢᠨ ᠳᠦᠢ᠍ᠯ᠎ᠤᠨ ᠶᠠᠳᠠᠭᠤ ᠬᠦᠴᠢᠷᠳᠡᠯ᠎ᠲᠠᠢ 110 ᠭᠠᠴᠠᠭ᠎ᠠ ᠳᠤᠰᠬᠤᠨ᠎ᠤ ᠠ᠋ᠷᠬᠢᠯᠡᠭᠴᠢ ᠪᠤᠯᠤᠨ ᠬᠤᠰᠢᠭᠤ ᠰᠢᠶᠠᠨ ᠬᠤᠳᠠ ᠳᠤᠭᠤᠷᠢᠭ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠭᠡᠰᠡᠭ ᠠᠵᠢᠯᠳᠠᠨ᠎ᠳᠤ ᠪᠤᠯᠪᠠᠰᠤᠷᠠᠯ ᠬᠦᠷᠳᠡᠭᠡᠵᠡᠢ᠃
      ᠠ᠋ᠨᠡ ᠤᠳᠠᠭ᠋ᠠᠨ᠎ᠤ ᠪᠤᠯᠪᠠᠰᠤᠷᠠᠯ᠎ᠤᠨ ᠠᠩᠬᠢ᠎ᠳᠤ᠂ ᠬᠤᠳᠠ ᠵᠢᠨ ᠨᠠᠮ᠎ᠤᠨ ᠰᠤᠷᠭ᠋ᠠᠭᠤᠯᠢ ᠪᠤᠯᠤᠨ ᠬᠤᠳᠠ ᠵᠢᠨ ᠨᠠᠮ᠎ᠤᠨ ᠬᠤᠷᠢᠶᠠᠨ᠎ᠤ ᠤᠬᠠᠭᠤᠯᠬᠤ ᠭᠡᠯᠳᠡᠰ᠂ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ᠂ ᠬᠤᠳᠠ ᠵᠢᠨ ᠶᠠᠳᠠᠭᠤ ᠵᠢ ᠳᠡᠳᠬᠦᠬᠦ ᠠᠯᠪᠠᠨ ᠭᠡᠷ ᠵᠢᠴᠢ ᠬᠤᠳᠠ ᠵᠢᠨ ᠬᠠᠤᠯᠢ ᠴᠠᠭ᠋ᠠᠵᠠ ᠵᠢᠨ ᠬᠤᠷᠢᠶ᠎ᠠ ᠵᠡᠷᠭᠡ ᠰᠠᠯᠠᠭ᠎ᠠ ᠮᠦᠴᠢᠷ᠎ᠤᠨ ᠳᠤᠰᠬᠠᠢ ᠮᠡᠷᠭᠡᠵᠢᠯᠳᠡᠨ᠎ᠢ ᠤᠷᠢᠵᠤ᠂ ᠠ᠋ᠬᠦᠷ ᠵᠦᠪᠯᠡᠯ᠎ᠤᠨ ᠬᠠᠷᠢᠭᠤᠴᠠᠯᠭ᠎ᠠ ᠵᠢᠨ ᠳᠤᠭᠤᠷᠢᠨ᠎ᠳᠤ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠ ᠬᠦᠳᠡᠭᠡ ᠳᠤᠰᠬᠤᠨ᠎ᠢ ᠮᠠᠨᠳᠤᠭᠤᠯᠤᠨ ᠬᠦᠭᠵᠢᠬᠦᠯᠬᠦ ᠪᠠᠢ᠌ᠯᠳᠤᠬᠤ ᠪᠤᠳᠤᠯᠭ᠎ᠠ ᠵᠢᠴᠢ ᠬᠠᠷ᠎ᠡ ᠪᠦᠯᠦᠭᠳᠡᠨ ᠬᠠᠷᠬᠢᠰ ᠬᠦᠴᠦᠨ᠎ᠢ ᠠᠷᠢᠯᠭ᠋ᠠᠬᠤ ᠳᠤᠰᠬᠠᠢ ᠳᠡᠮᠡᠴᠡᠯ᠎ᠲᠠᠢ ᠤᠶᠠᠯᠳᠤᠭᠤᠯᠤᠨ ᠳᠠᠢ᠌ᠯᠤᠮᠵᠢ ᠬᠢᠯᠭᠡᠵᠡᠢ᠃
      ᠤᠯᠠᠭ᠋ᠠᠨᠴᠠᠪ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠳᠡᠳ᠋ ᠳᠠᠷᠤᠭ᠎ᠠ ᠯᠢ ᠴᠢᠶᠠᠩ ᠠ᠋ᠬᠢᠯᠡᠯᠳᠡ ᠵᠢᠨ ᠶᠤᠰᠤᠯᠠᠯ᠎ᠳᠤ ᠤᠷᠤᠯᠴᠠᠭᠰᠠᠨ ᠪᠦᠭᠡᠳ ᠳᠠᠢ᠌ᠴᠢᠯᠠᠯᠳᠠ ᠵᠢᠨ ᠶᠠᠷᠢᠶ᠎ᠠ ᠳᠠᠯᠪᠢᠪᠠ᠃


ᠢᠷᠡᠯᠲᠡ᠄
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠳᠢᠩᠬᠢᠮ ᠪᠤᠯᠤᠨ ᠠᠵᠢᠯᠴᠢᠨ᠎ᠤ ᠶᠡᠷᠦᠩᠭᠡᠢ ᠡᠪᠯᠡᠯ ᠬᠠᠮᠳᠤᠷᠠᠨ ᠬᠦᠴᠢᠷᠳᠡᠯ᠎ᠲᠠᠢ ᠠᠵᠢᠯᠳᠠᠨ ᠠᠵᠢᠯᠴᠢᠨ᠎ᠤ ᠭᠡᠷ ᠪᠦᠯᠢ ᠵᠢᠨ ᠳ᠋ᠠᠢ᠌ᠲ᠋ᠠ ᠵᠢ ᠬᠠᠷᠭᠤᠭᠤᠯᠬᠤ ᠪᠠ ᠮᠡᠳᠡᠭᠡ ᠵᠠᠩᠬᠢ ᠵᠢ ᠬᠠᠮᠳᠤᠪᠠᠷ ᠠᠰᠢᠭᠯᠠᠬᠤ ᠠᠵᠢᠯ ᠵᠶ᠋ᠠᠨ ᠴᠢᠩᠭ᠋ᠠᠳᠬᠠᠪᠠ
ᠠᠷᠠᠳ᠎ᠤᠨ ᠶᠠᠪᠤᠳᠠᠯ᠎ᠤᠨ ᠳᠢᠩᠬᠢᠮ᠎ᠤᠨ ᠠᠵᠢᠯᠳᠠᠨ ᠪᠦᠬᠦ ᠤᠯᠤᠰ᠎ᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ᠎ᠤᠨ ᠰᠢᠰᠲᠸᠮ᠎ᠢ ᠰᠦᠯᠵᠢᠶᠡᠨ᠎ᠳᠤ ᠭᠠᠷᠭ᠋ᠠᠬᠤ ᠬᠤᠷᠠᠯ᠎ᠳᠤ ᠤᠷᠤᠯᠴᠠᠪᠠ
ᠰᠢᠨ᠎ᠠ ᠬᠤᠳᠠ ᠳᠤᠭᠤᠷᠢᠭ ᠪᠣᠯᠤᠨ ᠪᠠᠭ᠋ᠠᠷᠢᠨ ᠵᠡᠬᠦᠨ ᠬᠤᠰᠢᠭᠤ 《ᠦᠪᠡᠷᠳᠡᠭᠡᠨ ᠵᠠᠰᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠵᠢᠷᠤᠮᠵᠢᠭᠰᠡᠨ ᠬᠠᠮᠢᠶᠠᠷᠤᠯᠳᠠ ᠵᠢᠨ ᠠᠩᠬᠠᠳᠠᠭᠴᠢ ᠪᠦᠯᠦᠭ ᠵᠢᠱ᠌ᠢᠶ᠎ᠠ ᠦᠵᠡᠬᠦᠯᠬᠦ ᠬᠤᠰᠢᠭᠤ ᠳᠤᠭᠤᠷᠢᠭ》 ᠵᠶ᠋ᠡᠷ ᠰᠤᠩᠭᠤᠭᠳᠠᠪᠠ
ᠹᠸᠩ ᠬᠤ᠌ ᠠ᠋ᠾᠸ ᠪᠦᠬᠦ ᠤᠯᠤᠰ᠎ᠤᠨ ᠠᠷᠠᠳ᠎ᠤᠨ ᠶᠠᠪᠤᠳᠠᠯ᠎ᠤᠨ ᠬᠠᠤᠯᠢᠵᠢᠯ᠎ᠤᠨ ᠠᠵᠢᠯ᠎ᠤᠨ ᠪᠤᠯᠪᠠᠰᠤᠷᠠᠯ᠎ᠳᠤ ᠤᠷᠤᠯᠴᠠᠪᠠ
ᠳᠡᠳ᠋ ᠳᠤᠭᠤᠷᠢᠨ ᠪᠠᠢ᠌ᠴᠠᠭ᠋ᠠᠭᠴᠢ ᠴᠡᠩᠭᠡᠯᠳᠤ 2018 ᠤᠨ᠎ᠤ ᠤᠳᠤᠷᠢᠳᠬᠤ ᠺᠠᠳ᠋ᠷ᠎ᠤᠨ ᠬᠠᠤᠯᠢ᠎ᠪᠠᠷ ᠵᠠᠰᠠᠬᠤ ᠪᠤᠯᠪᠠᠰᠤᠷᠠᠯ᠎ᠳᠤ ᠤᠷᠤᠯᠴᠠᠪᠠ
 
            