ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠠᠷᠠᠳ᠎ᠤᠨ ᠶᠠᠪᠤᠳᠠᠯ᠎ᠤᠨ ᠶᠠᠮᠤᠨ᠎ᠤ ᠪᠠᠢ᠌ᠴᠠᠭ᠋ᠠᠨ ᠰᠤᠳᠤᠯᠬᠤ ᠳᠤᠭᠤᠢ᠌ᠯᠠᠩ ᠪᠤᠭᠤᠳᠤ ᠬᠤᠳᠠ ᠵᠢᠨ ᠦᠨᠳᠦᠰᠤᠨ ᠱᠠᠳᠤᠨ᠎ᠤ ᠠᠷᠠᠳ᠎ᠤᠨ ᠶᠠᠪᠤᠳᠠᠯ᠎ᠤᠨ ᠠᠵᠢᠯ᠎ᠢ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2018-12-06

           
      ᠣᠢ᠌ᠷ᠎ᠡ᠎ᠳᠤ᠂ ᠠᠷᠠᠳ᠎ᠤᠨ ᠶᠠᠪᠤᠳᠠᠯ᠎ᠤᠨ ᠶᠠᠮᠤᠨ᠎ᠤ ᠦᠨᠳᠦᠰᠤᠨ ᠱᠠᠳᠤᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠪᠤᠭᠤᠳᠤ ᠬᠤᠳᠠ ᠵᠢᠨ ᠦᠨᠳᠦᠰᠤᠨ ᠱᠠᠳᠤᠨ᠎ᠤ ᠠᠷᠠᠳ᠎ᠤᠨ ᠶᠠᠪᠤᠳᠠᠯ᠎ᠤᠨ ᠠᠵᠢᠯ᠎ᠢ ᠪᠠᠢ᠌ᠴᠠᠭ᠋ᠠᠨ ᠰᠤᠳᠤᠯᠪᠠ᠃ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠳᠡᠳ᠋ ᠳᠤᠭᠤᠷᠢᠨ ᠪᠠᠢ᠌ᠴᠠᠭ᠋ᠠᠭᠴᠢ ᠴᠡᠩᠭᠡᠯᠳᠤ᠂ ᠪᠤᠭᠤᠳᠤ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠳᠠᠷᠤᠭ᠎ᠠ ᠶᠦᠨ ᠭᠠᠩ ᠵᠢᠴᠢ ᠬᠤᠯᠪᠤᠭᠳᠠᠯ ᠪᠦᠬᠦᠢ ᠬᠠᠷᠢᠭᠤᠴᠠᠯᠭ᠋ᠠᠳᠠᠨ ᠪᠡᠷ᠎ᠠ ᠪᠤᠯᠵᠤ ᠪᠠᠢ᠌ᠴᠠᠭ᠋ᠠᠨ ᠰᠤᠳᠤᠯᠪᠠ᠃
      ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠤᠷᠢᠳ ᠬᠤᠵᠢᠳ ᠪᠤᠭᠤᠳᠤ ᠬᠤᠳᠠ ᠵᠢᠨ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ᠂ ᠪᠤᠭᠤᠳᠤ ᠬᠤᠳᠠ ᠵᠢᠨ ᠠᠷᠠᠳ᠎ᠤᠨ ᠶᠠᠪᠤᠳᠠᠯ᠎ᠤᠨ ᠠᠰᠠᠷᠠᠮᠵᠢ ᠵᠢᠨ ᠬᠦᠷᠢᠶᠡᠯᠡᠩ ᠳᠤᠭᠤᠷᠢᠭ᠂ ᠴᠢᠩᠱ᠌ᠠᠨ ᠳᠤᠭᠤᠷᠢᠭ᠎ᠤᠨ ᠨᠠᠰᠤᠳᠠᠢ᠌ᠴᠤᠳ᠎ᠢ ᠶᠡᠷᠦᠩᠭᠡᠢ᠌ᠯᠡᠨ ᠠᠰᠠᠷᠠᠨ ᠬᠠᠷᠠᠭ᠋ᠠᠯᠵᠠᠬᠤ ᠬᠦᠷᠢᠶᠡᠯᠡᠩ ᠪᠤᠯᠤᠨ ᠬᠤᠳᠠ ᠵᠢᠨ ᠠᠰᠠᠷᠠᠮᠵᠢ ᠵᠢᠨ ᠯᠤᠲᠲᠸᠷᠢ ᠵᠢᠨ ᠳᠦᠪ ᠵᠶ᠋ᠡᠷ ᠬᠦᠨᠵᠡᠭᠡᠢ᠌ᠷᠡᠨ᠂ ᠪᠤᠭᠤᠳᠤ ᠬᠤᠳᠠ ᠵᠢᠨ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠳᠠ᠂ ᠨᠡᠢ᠌ᠭᠡᠮ᠎ᠤᠨ ᠳᠤᠰᠠᠯᠠᠮᠵᠢ ᠵᠢᠨ ᠬᠠᠮᠢᠶᠠᠷᠤᠯᠳᠠ ᠪᠠ ᠦᠢ᠍ᠯᠡᠴᠢᠯᠡᠭᠡ᠂ ᠤᠷᠤᠰᠢᠭᠤᠯᠭ᠎ᠠ ᠵᠢᠨ ᠠᠵᠢᠯ᠎ᠤᠨ ᠬᠠᠮᠢᠶᠠᠷᠤᠯᠳᠠ ᠵᠡᠷᠭᠡ ᠦᠨᠳᠦᠰᠤᠨ ᠱᠠᠳᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠢ ᠪᠠᠢ᠌ᠴᠠᠭ᠋ᠠᠨ ᠤᠢ᠌ᠯᠠᠭ᠋ᠠᠵᠠᠢ᠃ ᠵᠠᠯᠭ᠋ᠠᠭ᠋ᠠᠳ ᠠᠷᠠᠳ᠎ᠤᠨ ᠶᠠᠪᠤᠳᠠᠯ᠎ᠤᠨ ᠠᠵᠢᠯ᠎ᠤᠨ ᠶᠠᠷᠢᠯᠴᠠᠬᠤ ᠬᠤᠷᠠᠯ ᠬᠢᠵᠤ᠂ ᠬᠤᠷᠠᠯ ᠳᠡᠭᠡᠷ᠎ᠠ ᠪᠡᠭᠡᠵᠢᠩ᠎ᠤᠨ ᠨᠡᠢ᠌ᠭᠡᠮ᠎ᠤᠨ ᠬᠠᠮᠢᠶᠠᠷᠤᠯᠳᠠ ᠵᠢᠨ ᠠᠵᠢᠯ ᠮᠡᠷᠭᠡᠵᠢᠯ᠎ᠤᠨ ᠳᠡᠭᠡᠳᠤ ᠰᠤᠷᠭ᠋ᠠᠭᠤᠯᠢ ᠵᠢᠨ ᠨᠠᠮ᠎ᠤᠨ ᠬᠤᠷᠢᠶᠠᠨ᠎ᠤ ᠱᠦᠵᠢ᠂ ᠰᠤᠷᠭ᠋ᠠᠭᠤᠯᠢ ᠵᠢᠨ ᠳᠠᠷᠤᠭ᠎ᠠ ᠽᠸᠤ ᠸᠸᠨ ᠺᠠᠢ ᠵᠢᠨ ᠳᠠᠭ᠋ᠠᠭᠤᠯᠤᠭᠰᠠᠨ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠦᠨᠳᠤᠰᠤᠨ ᠱᠠᠳᠤᠨ᠎ᠤ ᠠᠷᠠᠳ᠎ᠤᠨ ᠶᠠᠪᠤᠳᠠᠯ᠎ᠤᠨ ᠠᠵᠢᠯᠳᠠᠨ᠎ᠲᠠᠢ ᠰᠡᠳᠬᠢᠯ ᠵᠶ᠋ᠡᠨ ᠳᠡᠯᠭᠡᠨ ᠶᠠᠷᠢᠯᠴᠠᠬᠤ᠎ᠪᠠᠷ ᠳᠠᠮᠵᠢᠭ᠋ᠠᠳ ᠪᠤᠭᠤᠳᠤ ᠬᠤᠳᠠ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠪᠠᠢ᠌ᠳᠠᠯ ᠪᠤᠯᠤᠨ ᠨᠡᠢ᠌ᠭᠡᠮ ᠳᠤᠭᠤᠷᠢᠭ᠎ᠤᠨ ᠵᠠᠰᠠᠯᠳᠠ ᠵᠢᠨ ᠪᠠᠢ᠌ᠳᠠᠯ᠎ᠢ ᠨᠠᠷᠢᠨ ᠤᠢ᠌ᠯᠠᠭ᠋ᠠᠵᠠᠢ᠃ ᠳᠡᠳᠡ ᠪᠠᠰᠠ ᠴᠢᠩᠱ᠌ᠠᠨ ᠳᠤᠭᠤᠷᠢᠭ᠂ ᠬᠦᠶᠠᠩ ᠰᠢᠶᠠᠨ᠂ ᠳᠠᠷᠬᠠᠨ ᠮᠤᠤᠮᠢᠩᠭ᠋ᠠᠨ ᠬᠤᠯᠪᠤᠭ᠋ᠠᠳᠤ ᠬᠤᠰᠢᠭᠤᠨ᠎ᠤ ᠦᠨᠳᠦᠰᠤᠨ ᠱᠠᠳᠤᠨ᠎ᠤ ᠠᠷᠠᠳ᠎ᠤᠨ ᠶᠠᠪᠤᠳᠠᠯ᠎ᠤᠨ ᠠᠵᠢᠯᠳᠠᠨ᠎ᠤ ᠰᠢᠨ᠎ᠠ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠠᠵᠢᠯ᠎ᠢ ᠰᠠᠢ᠌ᠳᠤᠷ ᠬᠢᠬᠦ ᠳᠤᠬᠠᠢ ᠰᠠᠨᠠᠯ ᠵᠦᠪᠯᠡᠯᠭᠡ ᠵᠢ ᠰᠤᠨᠤᠰᠴᠤ᠂ ᠪᠤᠭᠤᠳᠤ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠵᠤᠬᠢᠶᠠᠨ ᠪᠠᠢ᠌ᠭᠤᠯᠤᠯᠳᠠ ᠵᠢᠨ ᠪᠠᠢ᠌ᠭᠤᠯᠤᠮᠵᠢ ᠵᠢ ᠪᠠᠢ᠌ᠭᠤᠯᠤᠨ ᠳᠡᠬᠦᠯᠳᠡᠷᠵᠢᠬᠦᠯᠬᠦ᠂ ᠦᠨᠳᠤᠰᠤᠨ ᠱᠠᠳᠤᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠠ᠋ᠩᠨᠡᠭᠡ ᠵᠢ ᠴᠢᠩᠭ᠋ᠠᠳᠬᠠᠬᠤ᠂ ᠦᠨᠳᠤᠰᠤᠨ ᠱᠠᠳᠤᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠵᠠᠷᠤᠳᠠᠯ ᠮᠦᠩᠬᠦ ᠵᠢ ᠨᠠᠢ᠌ᠳᠠᠪᠤᠷᠢᠵᠢᠭᠤᠯᠬᠤ᠂ ᠵᠠᠰᠠᠭ᠎ᠤᠨ ᠤᠷᠳᠤᠨ᠎ᠤ ᠦᠢ᠍ᠯᠡᠴᠢᠯᠡᠭᠡ ᠬᠤᠳᠠᠯᠳᠤᠨ ᠠᠪᠬᠤ ᠵᠢ ᠰᠦᠪᠡᠭᠴᠢᠯᠠᠨ ᠠᠬᠢᠭᠤᠯᠬᠤ᠂ ᠠᠷᠠᠳ᠎ᠤᠨ ᠶᠠᠪᠤᠳᠠᠯ᠎ᠤᠨ ᠮᠡᠳᠡᠭᠡ ᠵᠠᠩᠬᠢᠵᠢᠯᠳᠠ ᠵᠢᠨ ᠪᠦᠳᠦᠭᠡᠨ ᠪᠠᠢ᠌ᠭᠤᠯᠤᠯᠳᠠ ᠵᠢ ᠳᠦᠷᠭᠡᠳᠭᠡᠬᠦ᠂ ᠦᠨᠳᠤᠰᠤᠨ ᠱᠠᠳᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠬᠦᠯᠬᠦ ᠵᠢᠴᠢ ᠴᠦᠭᠡᠨ ᠳᠤᠭ᠋ᠠᠳᠤ ᠦᠨᠳᠤᠰᠤᠳᠠᠨ᠎ᠤ ᠭᠠᠵᠠᠷ ᠤᠷᠤᠨ᠎ᠤ ᠦᠨᠳᠤᠰᠤᠨ ᠱᠠᠳᠤᠨ᠎ᠤ ᠠᠷᠠᠳ᠎ᠤᠨ ᠶᠠᠪᠤᠳᠠᠯ᠎ᠤᠨ ᠠᠵᠢᠯ᠎ᠢ ᠰᠠᠢ᠌ᠳᠤᠷ ᠬᠢᠬᠦ ᠳᠤᠬᠠᠢ᠎ᠲᠠᠢ ᠳᠠᠨᠢᠯᠴᠠᠭᠤᠯᠭ᠎ᠠ ᠪᠠ ᠰᠠᠨᠠᠯ ᠵᠦᠪᠯᠡᠯᠭᠡ ᠵᠢ ᠰᠤᠨᠤᠰᠴᠠᠢ᠃
      ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠪᠤᠭᠤᠳᠤ ᠬᠤᠳᠠ ᠵᠢᠨ ᠠᠷᠠᠳ᠎ᠤᠨ ᠶᠠᠪᠤᠳᠠᠯ᠎ᠤᠨ ᠠᠵᠢᠯ᠎ᠢ ᠬᠦᠢ᠍ᠴᠡᠳ ᠦᠨᠡᠯᠡᠵᠤ᠂ ᠳᠡᠬᠦᠨᠴᠢᠯᠠᠨ ᠪᠤᠭᠤᠳᠤ ᠬᠤᠳᠠ ᠵᠢᠨ ᠦᠨᠳᠤᠰᠤᠨ ᠱᠠᠳᠤᠨ᠎ᠤ ᠠᠷᠠᠳ᠎ᠤᠨ ᠶᠠᠪᠤᠳᠠᠯ᠎ᠤᠨ ᠺᠠᠳ᠋ᠷ᠎ᠤᠨ ᠠ᠋ᠩᠨᠡᠭᠡᠨ᠎ᠤ ᠪᠠᠢ᠌ᠭᠤᠯᠤᠯᠳᠠ᠂ ᠰᠠᠭᠤᠷᠢ ᠳᠦᠬᠦᠭᠡᠷᠦᠮᠵᠢ ᠵᠢᠨ ᠪᠠᠢ᠌ᠭᠤᠯᠤᠯᠳᠠ᠂ ᠳᠦᠷᠢᠮ ᠳᠤᠭᠳᠠᠭ᠋ᠠᠯ᠎ᠤᠨ ᠪᠠᠢ᠌ᠭᠤᠯᠤᠯᠳᠠ᠂ ᠪᠠᠷᠢᠮᠵᠢᠶᠠᠵᠢᠯᠳᠠ᠂ ᠮᠡᠳᠡᠭᠡ ᠵᠠᠩᠬᠢᠵᠢᠯᠳᠠ ᠵᠢᠨ ᠪᠠᠢ᠌ᠭᠤᠯᠤᠯᠳᠠ ᠵᠡᠷᠭᠡ ᠳᠡᠯ᠎ᠡ᠎ᠳᠤ ᠪᠦᠳᠦᠮᠵᠢᠳᠡᠢ ᠰᠠᠢ᠌ᠨ ᠰᠠᠨᠠᠯ ᠰᠠᠨᠠᠭᠤᠯᠤᠮᠵᠢ ᠦᠭᠴᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠪᠤᠭᠤᠳᠤ ᠬᠤᠳᠠ ᠵᠢᠨ ᠵᠠᠰᠠᠭ᠎ᠤᠨ ᠤᠷᠳᠤᠨ᠎ᠤ ᠭᠤᠤᠯ ᠤᠳᠤᠷᠢᠳᠤᠯᠭ᠎ᠠ ᠬᠤᠳᠠ ᠵᠢᠨ ᠠᠷᠠᠳ᠎ᠤᠨ ᠶᠠᠪᠤᠳᠠᠯ᠎ᠤᠨ ᠠᠰᠠᠷᠠᠮᠵᠢ ᠵᠢᠨ ᠬᠦᠷᠢᠶᠡᠯᠡᠩ ᠳᠤᠭᠤᠷᠢᠭ᠎ᠤᠨ ᠪᠦᠳᠦᠭᠡᠨ ᠪᠠᠢ᠌ᠭᠤᠯᠤᠯᠳᠠ ᠵᠢᠨ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠤᠭᠤᠳᠪᠠ
ᠬᠢᠩᠭ᠋ᠠᠨ ᠠᠢ᠌ᠮᠠᠭ᠎ᠤᠨ᠎ᠬᠢᠨ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠡᠢ᠌ᠭᠡᠮ᠎ᠤᠨ ᠠᠵᠢᠯᠳᠡᠨ᠎ᠤ ᠴᠢᠳᠠᠪᠤᠷᠢ ᠵᠢ ᠳᠡᠭᠡᠭᠰᠢᠯᠡᠬᠦᠯᠬᠦ ᠪᠤᠯᠪᠠᠰᠤᠷᠠᠯ᠎ᠤᠨ ᠠᠩᠬᠢ ᠠ᠋ᠷᠬᠢᠯᠡᠵᠡᠢ
ᠳᠦᠩᠯᠢᠶᠤᠤ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠪᠦᠬᠦ ᠬᠤᠳᠠ ᠵᠢᠨ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ 2018 ᠤᠨ᠎ᠤ ᠠᠮᠤᠷ ᠳᠦᠪᠰᠢᠨ᠎ᠤ ᠳᠤᠰᠬᠠᠢ ᠪᠠᠢ᠌ᠴᠠᠭ᠋ᠠᠯᠳᠠ ᠬᠢᠵᠠᠢ
ᠬᠦᠯᠦᠨ ᠪᠤᠢ᠌ᠷ ᠬᠤᠳᠠ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠵᠠᠬ᠎ᠠ ᠳᠡᠯᠭᠡᠬᠦᠷ᠎ᠢ ᠴᠢᠯᠦᠭᠡᠳᠡᠢ ᠪᠤᠯᠭ᠋ᠠᠵᠠᠢ
ᠠᠷᠠᠳ᠎ᠤᠨ ᠶᠠᠪᠤᠳᠠᠯ᠎ᠤᠨ ᠳᠢᠩᠬᠢᠮ ᠬᠠᠤᠯᠢ᠎ᠪᠠᠷ ᠤᠷᠤᠨ ᠵᠶ᠋ᠡᠨ ᠵᠠᠰᠠᠬᠤ ᠵᠢ ᠪᠦᠬᠦ ᠳᠠᠯ᠎ᠠ᠎ᠪᠠᠷ ᠠᠬᠢᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ 2018 ᠤᠨ᠎ᠤ ᠭᠤᠷᠪᠠᠳᠤᠭ᠋ᠠᠷ ᠤᠳᠠᠭ᠋ᠠᠨ᠎ᠤ ᠬᠤᠷᠠᠯ ᠬᠢᠪᠡ
 
            