ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠠᠷᠠᠳ᠎ᠤᠨ ᠶᠠᠪᠤᠳᠠᠯ᠎ᠤᠨ ᠳᠢᠩᠬᠢᠮ᠎ᠤᠨ ᠠᠵᠢᠯᠳᠠᠨ ᠪᠦᠬᠦ ᠤᠯᠤᠰ᠎ᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ᠎ᠤᠨ ᠰᠢᠰᠲᠸᠮ᠎ᠢ ᠰᠦᠯᠵᠢᠶᠡᠨ᠎ᠳᠤ ᠭᠠᠷᠭ᠋ᠠᠬᠤ ᠬᠤᠷᠠᠯ᠎ᠳᠤ ᠤᠷᠤᠯᠴᠠᠪᠠ
ᠨᠡᠶᠢᠲᠡᠯᠡᠭᠰᠡᠨ ᠴᠠᠭ᠄ 2018-12-18

                         
     12 ᠳ᠋ᠤᠭ᠋ᠠᠷ ᠰᠠᠷ᠎ᠡ ᠵᠢᠨ 12᠎ᠤᠨ ᠠ᠋ᠳᠤᠷ᠂ ᠠᠷᠠᠳ᠎ᠤᠨ ᠶᠠᠪᠤᠳᠠᠯ᠎ᠤᠨ ᠶᠠᠮᠤᠨ ᠪᠤᠯᠤᠨ ᠳᠤᠮᠳᠠᠳᠤ ᠤᠯᠤᠰ᠎ᠤᠨ ᠵᠡᠮᠳᠡᠭᠴᠤᠳ᠎ᠤᠨ ᠬᠤᠯᠪᠤᠭ᠎ᠠ ᠪᠦᠬᠦ ᠤᠯᠤᠰ᠎ᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠰᠢᠰᠲᠸᠮ᠎ᠢ ᠰᠦᠯᠵᠢᠶᠠᠨ᠎ᠳᠤ ᠭᠠᠷᠭ᠋ᠠᠬᠤ ᠸᠢᠳᠢᠤ᠋ ᠬᠤᠷᠠᠯ ᠬᠢᠵᠤ᠂ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠰᠢᠰᠲᠸᠮ᠎ᠢ ᠰᠦᠯᠵᠢᠶᠠᠨ᠎ᠳᠤ ᠭᠠᠷᠭ᠋ᠠᠬᠤ ᠠᠵᠢᠯ᠎ᠢ ᠪᠠᠢ᠌ᠷᠢᠯᠠᠭᠤᠯᠪᠠ᠃ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠳᠢᠩᠬᠢᠮ᠎ᠤᠨ ᠳᠡᠰ᠎ᠤᠨ ᠤᠳᠤᠷᠢᠳᠬᠤ ᠺᠠᠳ᠋ᠷ ᠭᠤᠤ ᠵᠢᠶᠠᠨ ᠬᠤᠸᠠ᠂ ᠦᠪᠡᠷᠳᠡᠭᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠵᠢᠨ ᠳᠡᠳ᠋ ᠭᠡᠷᠡᠭ ᠠ᠋ᠷᠬᠢᠯᠡᠭᠴᠢ ᠳᠠᠨ᠎ᠠ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠠᠰᠠᠷᠠᠮᠵᠢ ᠵᠢᠨ ᠭᠠᠵᠠᠷ ᠪᠤᠯᠤᠨ ᠮᠡᠳᠡᠭᠡ ᠵᠠᠩᠬᠢ ᠵᠢᠨ ᠳᠦᠪ᠎ᠤᠨ ᠬᠠᠷᠢᠭᠤᠴᠠᠯᠭ᠋ᠠᠳᠠᠨ ᠵᠢᠴᠢ ᠬᠤᠯᠪᠤᠭᠳᠠᠯ ᠪᠦᠬᠦᠢ ᠠᠵᠢᠯᠳᠠᠨ᠂ ᠦᠪᠡᠷᠳᠡᠭᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠵᠢᠨ ᠠᠵᠢᠯᠳᠠᠨ ᠨᠡᠷ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠪᠢᠶᠠᠷᠢ ᠳᠠᠯᠠᠪᠠᠢ ᠵᠢᠨ ᠬᠤᠷᠠᠯ᠎ᠳᠤ ᠤᠷᠤᠯᠴᠠᠵᠠᠢ᠃
      ᠸᠢᠳᠢᠤ᠋ ᠬᠤᠷᠠᠯ ᠳᠡᠭᠡᠷ᠎ᠠ᠂ ᠠᠷᠠᠳ᠎ᠤᠨ ᠶᠠᠪᠤᠳᠠᠯ᠎ᠤᠨ ᠶᠠᠮᠤᠨ᠎ᠤ ᠠᠰᠠᠷᠠᠮᠵᠢ ᠵᠢᠨ ᠵᠤᠷᠭ᠋ᠠᠨ᠎ᠤ ᠬᠠᠷᠢᠭᠤᠴᠠᠯᠭ᠋ᠠᠳᠠᠨ᠎ᠠᠴᠠ 《ᠪᠦᠬᠦ ᠤᠯᠤᠰ᠎ᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ᠎ᠤᠨ ᠰᠢᠰᠲᠸᠮ᠎ᠢ ᠰᠦᠯᠵᠢᠶᠡᠨ᠎ᠳᠤ ᠭᠠᠷᠭ᠋ᠠᠬᠤ ᠬᠤᠯᠪᠤᠭᠳᠠᠯ ᠪᠦᠬᠦᠢ ᠠᠵᠢᠯ᠎ᠤᠨ ᠳᠤᠬᠠᠢ ᠮᠡᠳᠡᠭᠳᠡᠯ》᠎ᠢ ᠤᠩᠰᠢᠨ ᠨᠡᠢ᠌ᠳᠡᠯᠡᠵᠤ᠂ ᠳᠤᠮᠳᠠᠳᠤ ᠤᠯᠤᠰ᠎ᠤᠨ ᠵᠡᠮᠳᠡᠭᠴᠤᠳ᠎ᠤᠨ ᠬᠤᠯᠪᠤᠭ᠎ᠠ ᠵᠢᠨ ᠳᠡᠳ᠋ ᠭᠡᠷᠡᠭ ᠠ᠋ᠷᠬᠢᠯᠡᠭᠴᠢ ᠴᠸᠩ ᠺᠠᠢ᠂ ᠠᠷᠠᠳ᠎ᠤᠨ ᠶᠠᠪᠤᠳᠠᠯ᠎ᠤᠨ ᠶᠠᠮᠤᠨ᠎ᠤ ᠳᠡᠳ᠋ ᠰᠠᠢ᠌ᠳ ᠭᠤᠤ ᠰᠢᠶᠤᠤ ᠪᠢᠩ ᠳᠤᠰ ᠳᠤᠰ ᠦᠭᠡ ᠶᠠᠷᠢᠨ ᠳᠠᠷᠠᠭ᠋ᠠᠴᠢ ᠵᠢᠨ ᠠᠵᠢᠯ ᠵᠶ᠋ᠠᠨ ᠪᠠᠢ᠌ᠷᠢᠯᠠᠭᠤᠯᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠮᠡᠳᠡᠭᠡ ᠵᠠᠩᠬᠢ ᠵᠢᠨ ᠳᠦᠪ᠎ᠤᠨ ᠠᠵᠢᠯᠳᠠᠨ᠎ᠠᠴᠠ ᠰᠢᠰᠲᠸᠮ᠎ᠢ ᠭᠡᠷᠬᠢᠨ ᠠᠰᠢᠭᠯᠠᠬᠤ ᠳᠤᠬᠠᠢ ᠳᠤᠬᠠᠢ᠌ᠯᠠᠭᠰᠠᠨ ᠠᠵᠢᠯ᠎ᠤᠨ ᠪᠤᠯᠪᠠᠰᠤᠷᠠᠯ ᠬᠢᠪᠡ᠃
      ᠬᠤᠷᠠᠯ᠎ᠠᠴᠠ᠂ ᠪᠦᠬᠦ ᠤᠯᠤᠰ᠎ᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠮᠡᠳᠡᠭᠡ ᠵᠠᠩᠬᠢ ᠵᠢᠨ ᠰᠢᠰᠲᠸᠮ᠎ᠢ ᠭᠤᠷᠪᠠᠨ ᠪᠦᠯᠦᠭ ᠬᠤᠪᠢᠶᠠᠨ ᠰᠢᠩᠭᠡᠭᠡᠨ ᠤᠷᠤᠭᠤᠯᠬᠤ ᠪᠤᠯᠤᠨ᠎ᠠ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠢ ᠨᠢᠭᠡᠳᠦᠭᠡᠷ ᠪᠦᠯᠦᠭ᠎ᠲᠤ ᠤᠷᠤᠭᠤᠯᠵᠤ᠂ 2018 ᠤᠨ᠎ᠤ 12 ᠳ᠋ᠤᠭ᠋ᠠᠷ ᠰᠠᠷ᠎ᠠ ᠵᠢᠨ 12᠎ᠤᠨ ᠠ᠋ᠳᠤᠷ᠎ᠠᠴᠠ 2019 ᠤᠨ᠎ᠤ 1 ᠳ᠋ᠤᠭᠡᠷ ᠰᠠᠷ᠎ᠠ ᠵᠢᠨ 12᠎ᠤᠨ ᠠ᠋ᠳᠤᠷ ᠪᠤᠯᠳᠠᠯ᠎ᠠ ᠰᠢᠩᠭᠡᠭᠡᠨ ᠤᠷᠤᠭᠤᠯᠬᠤ ᠪᠤᠯᠤᠨ᠎ᠠ ᠭᠡᠪᠡ᠃
      ᠡᠯ᠎ᠡ ᠠᠢ᠌ᠮᠠᠭ ᠬᠤᠳᠠ᠂ ᠡᠯ᠎ᠡ ᠬᠤᠰᠢᠭᠤ ᠰᠢᠶᠠᠨ ᠬᠤᠳᠠ ᠳᠤᠭᠤᠷᠢᠭ᠎ᠲᠤ ᠸᠢᠳᠢᠤ᠋ ᠬᠤᠷᠠᠯ᠎ᠤᠨ ᠰᠠᠯᠪᠤᠷᠢ ᠳᠠᠯᠠᠪᠠᠢ ᠭᠠᠷᠭ᠋ᠠᠨ᠂ ᠡᠯ᠎ᠡ ᠠᠢ᠌ᠮᠠᠭ ᠬᠤᠳᠠ ᠵᠢᠨ ᠠᠷᠠᠳ᠎ᠤᠨ ᠶᠠᠪᠤᠳᠠᠯ᠂ ᠵᠡᠮᠳᠡᠭᠴᠤᠳ᠎ᠤᠨ ᠬᠤᠯᠪᠤᠭ᠎ᠠ ᠵᠢᠨ ᠬᠤᠪᠢᠳᠠᠨ ᠬᠠᠷᠢᠭᠤᠴᠠᠵᠤ ᠪᠠᠢ᠌ᠭ᠎ᠠ ᠬᠠᠷᠢᠭᠤᠴᠠᠯᠭ᠋ᠠᠳᠠᠨ᠂ ᠡᠯ᠎ᠡ ᠠᠢ᠌ᠮᠠᠭ ᠬᠤᠳᠠ ᠵᠢᠨ ᠠᠷᠠᠳ᠎ᠤᠨ ᠶᠠᠪᠤᠳᠠᠯ᠎ᠤᠨ ᠠᠰᠠᠷᠠᠮᠵᠢ ᠵᠢᠨ ᠰᠠᠯᠠᠭ᠎ᠠ᠂ ᠮᠡᠳᠡᠭᠡ ᠵᠠᠩᠬᠢ ᠵᠢᠨ ᠳᠦᠪ᠎ᠤᠨ ᠬᠠᠷᠢᠭᠤᠴᠠᠯᠭ᠋ᠠᠳᠠᠨ᠂ ᠡᠯ᠎ᠡ ᠬᠤᠰᠢᠭᠤ ᠰᠢᠶᠠᠨ ᠬᠤᠳᠠ ᠳᠤᠭᠤᠷᠢᠭ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ᠂ ᠵᠡᠮᠳᠡᠭᠴᠤᠳ᠎ᠤᠨ ᠬᠤᠯᠪᠤᠭ᠎ᠠ ᠵᠢᠨ ᠬᠤᠪᠢᠳᠠᠨ ᠬᠠᠷᠢᠭᠤᠴᠠᠵᠤ ᠪᠠᠢ᠌ᠭ᠎ᠠ ᠬᠠᠷᠢᠭᠤᠴᠠᠯᠭ᠋ᠠᠳᠠᠨ᠂ ᠬᠤᠯᠪᠤᠭᠳᠠᠯ ᠪᠦᠬᠦᠢ ᠠᠵᠢᠯᠳᠠᠨ᠂ ᠡᠯ᠎ᠡ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠭᠡᠷᠡᠭ ᠠ᠋ᠷᠬᠢᠯᠡᠬᠦ ᠭᠠᠵᠠᠷ) ᠵᠢᠨ ᠬᠤᠯᠪᠤᠭᠳᠠᠯ ᠪᠦᠬᠦᠢ ᠠᠵᠢᠯᠳᠠᠨ ᠨᠡᠢ᠌ᠳᠡ 1840 ᠭᠠᠷᠤᠢ ᠬᠦᠮᠦᠨ ᠬᠤᠷᠠᠯ᠎ᠳᠤ ᠤᠷᠤᠯᠴᠠᠵᠠᠢ᠃


ᠢᠷᠡᠯᠲᠡ᠄
          
ᠬᠠᠮᠢᠶ᠎ᠡ ᠪᠦᠬᠦᠢ ᠰᠣᠨᠢᠨ
ᠰᠢᠨ᠎ᠠ ᠬᠤᠳᠠ ᠳᠤᠭᠤᠷᠢᠭ ᠪᠣᠯᠤᠨ ᠪᠠᠭ᠋ᠠᠷᠢᠨ ᠵᠡᠬᠦᠨ ᠬᠤᠰᠢᠭᠤ 《ᠦᠪᠡᠷᠳᠡᠭᠡᠨ ᠵᠠᠰᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠵᠢᠷᠤᠮᠵᠢᠭᠰᠡᠨ ᠬᠠᠮᠢᠶᠠᠷᠤᠯᠳᠠ ᠵᠢᠨ ᠠᠩᠬᠠᠳᠠᠭᠴᠢ ᠪᠦᠯᠦᠭ ᠵᠢᠱ᠌ᠢᠶ᠎ᠠ ᠦᠵᠡᠬᠦᠯᠬᠦ ᠬᠤᠰᠢᠭᠤ ᠳᠤᠭᠤᠷᠢᠭ》 ᠵᠶ᠋ᠡᠷ ᠰᠤᠩᠭᠤᠭᠳᠠᠪᠠ
ᠹᠸᠩ ᠬᠤ᠌ ᠠ᠋ᠾᠸ ᠪᠦᠬᠦ ᠤᠯᠤᠰ᠎ᠤᠨ ᠠᠷᠠᠳ᠎ᠤᠨ ᠶᠠᠪᠤᠳᠠᠯ᠎ᠤᠨ ᠬᠠᠤᠯᠢᠵᠢᠯ᠎ᠤᠨ ᠠᠵᠢᠯ᠎ᠤᠨ ᠪᠤᠯᠪᠠᠰᠤᠷᠠᠯ᠎ᠳᠤ ᠤᠷᠤᠯᠴᠠᠪᠠ
ᠳᠡᠳ᠋ ᠳᠤᠭᠤᠷᠢᠨ ᠪᠠᠢ᠌ᠴᠠᠭ᠋ᠠᠭᠴᠢ ᠴᠡᠩᠭᠡᠯᠳᠤ 2018 ᠤᠨ᠎ᠤ ᠤᠳᠤᠷᠢᠳᠬᠤ ᠺᠠᠳ᠋ᠷ᠎ᠤᠨ ᠬᠠᠤᠯᠢ᠎ᠪᠠᠷ ᠵᠠᠰᠠᠬᠤ ᠪᠤᠯᠪᠠᠰᠤᠷᠠᠯ᠎ᠳᠤ ᠤᠷᠤᠯᠴᠠᠪᠠ
ᠮᠠᠨᠵᠤᠤᠷ ᠬᠤᠳᠠ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢ ᠬᠢᠨᠠᠨ ᠵᠦᠪᠰᠢᠶᠡᠷᠡᠬᠦ ᠭᠠᠷᠳᠠᠮ᠎ᠢ ᠰᠦᠯᠵᠢᠶᠡᠨ ᠳᠡᠭᠡᠷ᠎ᠡ ᠬᠦᠢ᠍ᠴᠡᠳᠭᠡᠬᠦ ᠪᠤᠯᠪᠠ
ᠤᠯᠠᠭ᠋ᠠᠨᠬᠠᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠬᠠᠷᠢᠭᠤᠴᠠᠯᠭ᠋ᠠᠳᠠᠨ᠎ᠤ ᠪᠤᠯᠪᠠᠰᠤᠷᠠᠯ᠎ᠤᠨ ᠠᠩᠬᠢ ᠠ᠋ᠷᠬᠢᠯᠡᠵᠡᠢ
 
            