ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠤᠯᠠᠭ᠋ᠠᠨᠬᠠᠳᠠ ᠬᠣᠲᠠ ᠵᠢᠨ᠎ᠬᠢᠨ ᠪᠠᠭ᠎ᠠ ᠰᠤᠷᠭ᠋ᠠᠭᠤᠯᠢ ᠵᠢᠨ ᠬᠦᠴᠢᠷᠳᠡᠯ᠎ᠲᠠᠢ ᠬᠡᠤᠬᠡᠳ ᠪᠠ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠤ᠎ᠪᠠᠨ ᠦᠯᠡᠳᠡᠭᠰᠡᠨ ᠬᠡᠤᠬᠡᠳ᠎ᠢ ᠬᠠᠯᠠᠮᠵᠢᠯᠠᠨ ᠬᠠᠮᠠᠭ᠋ᠠᠯᠠᠬᠤ 《ᠭᠡᠤᠭᠡᠳ᠎ᠤᠨ ᠭᠡᠷ ᠪᠦᠯᠢ》 ᠪᠠᠢ᠌ᠭᠤᠯᠬᠤ ᠠᠵᠢᠯ᠎ᠢ ᠠᠬᠢᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2018-12-06

                 
      ᠤᠢ᠌ᠷ᠎ᠡ᠎ᠳᠤ᠂ ᠤᠯᠠᠭ᠋ᠠᠨᠬᠠᠳᠠ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠪᠤᠯᠤᠨ ᠰᠤᠷᠭ᠋ᠠᠨ ᠬᠦᠮᠦᠵᠢᠯ᠎ᠤᠨ ᠳᠤᠪᠴᠢᠶ᠎ᠠ ᠬᠠᠮᠳᠤᠷᠠᠨ ᠪᠢᠴᠢᠭ ᠮᠠᠲᠸᠷᠢᠶᠠᠯ ᠪᠠᠭᠤᠯᠭ᠋ᠠᠵᠤ᠂ 2018 ᠤᠨ᠎ᠤ ᠵᠢᠯ᠎ᠤᠨ ᠡᠴᠣᠰ᠎ᠠᠴᠠ ᠠ᠋ᠮᠤᠨ᠎ᠠ ᠪᠦᠬᠦ ᠬᠤᠳᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠬᠦᠴᠢᠷᠳᠡᠯ᠎ᠲᠠᠢ ᠭᠡᠤᠭᠡᠳ ᠪᠤᠯᠤᠨ ᠮᠠᠯᠵᠢᠬᠤ ᠳᠠᠷᠢᠶᠠᠯᠠᠬᠤ ᠤᠷᠤᠨ᠎ᠤ ᠭᠡᠷ᠎ᠲᠤ᠎ᠪᠠᠨ ᠦᠯᠡᠳᠡᠭᠰᠡᠨ ᠭᠡᠤᠭᠡᠳ᠎ᠢ ᠬᠠᠯᠠᠮᠵᠢᠯᠠᠨ ᠬᠠᠮᠠᠭ᠋ᠠᠯᠠᠬᠤ 《ᠭᠡᠤᠭᠡᠳ᠎ᠤᠨ ᠭᠡᠷ ᠪᠦᠯᠢ》 ᠵᠢ ᠪᠠᠢ᠌ᠭᠤᠯᠬᠤ ᠭᠡᠷᠡᠭᠳᠡᠢ ᠭᠡᠵᠤ ᠱᠠᠭ᠋ᠠᠷᠳᠠᠭᠰᠠᠨ ᠪᠠᠢ᠌ᠨ᠎ᠠ᠃
      ᠳᠤᠮᠳᠠᠳᠤ ᠪᠠᠭ᠎ᠠ ᠰᠤᠷᠭ᠋ᠠᠭᠤᠯᠢ ᠵᠢᠨ ᠬᠦᠴᠢᠷᠳᠡᠯ᠎ᠲᠠᠢ ᠭᠡᠤᠭᠡᠳ ᠪᠤᠯᠤᠨ ᠮᠠᠯᠵᠢᠬᠤ ᠳᠠᠷᠢᠶᠠᠯᠠᠬᠤ ᠤᠷᠤᠨ᠎ᠤ ᠭᠡᠷ᠎ᠲᠤ᠎ᠪᠠᠨ ᠦᠯᠡᠳᠡᠭᠰᠡᠨ ᠭᠡᠤᠭᠡᠳ᠎ᠢ ᠬᠠᠯᠠᠮᠵᠢᠯᠠᠨ ᠬᠠᠮᠠᠭ᠋ᠠᠯᠠᠬᠤ ᠭᠡᠷ ᠪᠦᠯᠢ ᠪᠠᠢ᠌ᠭᠤᠯᠬᠤ᠎ᠳᠤ᠎ᠪᠠᠨ ᠳᠤᠤᠷᠠᠬᠢ ᠱᠠᠭ᠋ᠠᠷᠳᠠᠯᠭ᠎ᠠ᠎ᠳᠤ ᠨᠡᠢ᠌ᠴᠡᠬᠦᠯᠬᠦ ᠭᠡᠷᠡᠭᠳᠡᠢ᠃ ᠳᠠᠷᠤᠢ᠄ ᠳᠤᠭᠳᠠᠮᠠᠯ ᠭᠠᠵᠠᠷ ᠤᠷᠤᠨ᠎ᠲᠠᠢ ᠪᠠᠢ᠌ᠬᠤ᠂ ᠰᠤᠷᠭ᠋ᠠᠨ ᠬᠦᠮᠦᠵᠢᠯ᠎ᠤᠨ ᠰᠠᠯᠠᠭ᠎ᠠ ᠮᠦᠴᠢᠷ ᠪᠤᠯᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠠᠴᠠ ᠤᠯᠭᠤᠭᠰᠠᠨ 《ᠭᠡᠤᠭᠡᠳ᠎ᠤᠨ ᠭᠡᠷ ᠪᠦᠯᠢ》 ᠭᠡᠰᠡᠨ ᠫᠠᠢ᠌ᠰᠠ ᠢᠯᠡᠷᠭᠡᠢ᠌ᠯᠡᠯ᠎ᠢ ᠢᠯᠠ ᠳᠤᠳᠤᠷᠬᠠᠢ ᠭᠠᠵᠠᠷ᠎ᠲᠤ ᠠ᠋ᠯᠬᠦᠬᠦ᠂ ᠰᠤᠷᠭ᠋ᠠᠭᠤᠯᠢ ᠵᠢᠨ ᠬᠦᠴᠢᠷᠳᠡᠯ᠎ᠲᠠᠢ ᠭᠡᠤᠭᠡᠳ ᠪᠤᠯᠤᠨ ᠮᠠᠯᠵᠢᠬᠤ ᠳᠠᠷᠢᠶᠠᠯᠠᠬᠤ ᠤᠷᠤᠨ᠎ᠤ ᠭᠡᠷ᠎ᠲᠤ᠎ᠪᠠᠨ ᠦᠯᠡᠳᠡᠭᠰᠡᠨ ᠭᠡᠤᠭᠡᠳ᠎ᠲᠤ ᠳᠠᠩᠰᠠ ᠡᠪᠭᠡᠮᠡᠯ ᠪᠠᠢ᠌ᠭᠤᠯᠬᠤ᠂ ᠬᠠᠯᠠᠮᠵᠢᠯᠠᠨ ᠬᠠᠮᠠᠭ᠋ᠠᠯᠠᠬᠤ ᠦᠢ᠍ᠯᠡᠴᠢᠯᠡᠭᠡ ᠬᠠᠩᠭ᠋ᠠᠬᠤ ᠳᠤᠨᠤᠭ ᠳᠦᠬᠦᠭᠡᠷᠦᠮᠵᠢ᠎ᠲᠠᠢ ᠪᠠᠢ᠌ᠬᠤ ᠭᠡᠷᠡᠭᠳᠡᠢ ᠭᠡᠵᠤ ᠱᠠᠭ᠋ᠠᠷᠳᠠᠵᠠᠢ᠃ ᠠ᠋ᠨᠡᠬᠦ ᠠᠵᠢᠯ᠎ᠢ ᠰᠠᠢ᠌ᠳᠤᠷ ᠬᠢᠬᠦ᠎ᠳᠤ᠂ ᠰᠤᠷᠭ᠋ᠠᠭᠤᠯᠢ ᠵᠢᠨ ᠬᠦᠴᠢᠷᠳᠡᠯ᠎ᠲᠠᠢ ᠭᠡᠤᠭᠡᠳ ᠪᠤᠯᠤᠨ ᠮᠠᠯᠵᠢᠬᠤ ᠳᠠᠷᠢᠶᠠᠯᠠᠬᠤ ᠤᠷᠤᠨ᠎ᠤ ᠭᠡᠷ᠎ᠲᠤ᠎ᠪᠠᠨ ᠦᠯᠡᠳᠡᠭᠰᠡᠨ ᠭᠡᠤᠭᠡᠳ᠎ᠢ ᠪᠠᠢ᠌ᠴᠠᠭ᠋ᠠᠨ ᠤᠢ᠌ᠯᠠᠭ᠋ᠠᠵᠤ ᠳᠡᠩᠰᠡ ᠺᠠᠷᠲ ᠪᠠᠢ᠌ᠭᠤᠯᠬᠤ᠂ ᠳᠤᠭ᠎ᠠ ᠪᠠᠷᠢᠮᠳᠠ ᠵᠢ ᠰᠢᠨᠡᠳᠭᠡᠬᠦ᠂ 《ᠭᠡᠤᠭᠡᠳ᠎ᠤᠨ ᠭᠡᠷ ᠪᠦᠯᠢ》 ᠵᠢ ᠬᠠᠪᠰᠤᠷᠤᠨ ᠳᠡᠳᠬᠦᠬᠦ ᠬᠦᠮᠦᠰ᠎ᠢ ᠳᠤᠭᠳᠠᠭ᠋ᠠᠬᠤ ᠵᠡᠷᠭᠡ ᠠᠵᠢᠯ᠎ᠢ ᠴᠢᠩᠭ᠋ᠠᠳᠬᠠᠬᠤ ᠭᠡᠷᠡᠭᠳᠡᠢ; ᠤᠯᠠᠨ ᠵᠦᠢ᠍ᠯ᠎ᠤᠨ ᠠᠷᠭ᠎ᠠ ᠭᠡᠮᠵᠢᠶ᠎ᠡ᠎ᠪᠠᠷ 《ᠭᠡᠤᠭᠡᠳ᠎ᠤᠨ ᠭᠡᠷ ᠪᠦᠯᠢ》᠎ᠳᠠᠬᠢ ᠳᠠᠩᠰᠠ ᠺᠠᠷᠲ᠎ᠲᠠᠢ ᠭᠡᠤᠭᠡᠳ᠎ᠢ ᠬᠠᠯᠠᠮᠵᠢᠯᠠᠨ ᠬᠠᠮᠠᠭ᠋ᠠᠯᠠᠬᠤ ᠭᠡᠷᠡᠭᠳᠡᠢ ᠭᠡᠰᠡᠨ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠶᠠᠮᠤᠨ᠎ᠤ ᠪᠠᠢ᠌ᠴᠠᠭ᠋ᠠᠨ ᠰᠤᠳᠤᠯᠬᠤ ᠳᠤᠭᠤᠢ᠌ᠯᠠᠩ ᠪᠤᠭᠤᠳᠤ ᠬᠤᠳᠠ ᠵᠢᠨ ᠦᠨᠳᠦᠰᠤᠨ ᠱᠠᠳᠤᠨ᠎ᠤ ᠠᠷᠠᠳ᠎ᠤᠨ ᠶᠠᠪᠤᠳᠠᠯ᠎ᠤᠨ ᠠᠵᠢᠯ᠎ᠢ ᠪᠠᠢ᠌ᠴᠠᠭ᠋ᠠᠨ ᠰᠤᠳᠤᠯᠪᠠ
ᠪᠤᠭᠤᠳᠤ ᠬᠤᠳᠠ ᠵᠢᠨ ᠵᠠᠰᠠᠭ᠎ᠤᠨ ᠤᠷᠳᠤᠨ᠎ᠤ ᠭᠤᠤᠯ ᠤᠳᠤᠷᠢᠳᠤᠯᠭ᠎ᠠ ᠬᠤᠳᠠ ᠵᠢᠨ ᠠᠷᠠᠳ᠎ᠤᠨ ᠶᠠᠪᠤᠳᠠᠯ᠎ᠤᠨ ᠠᠰᠠᠷᠠᠮᠵᠢ ᠵᠢᠨ ᠬᠦᠷᠢᠶᠡᠯᠡᠩ ᠳᠤᠭᠤᠷᠢᠭ᠎ᠤᠨ ᠪᠦᠳᠦᠭᠡᠨ ᠪᠠᠢ᠌ᠭᠤᠯᠤᠯᠳᠠ ᠵᠢᠨ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠤᠭᠤᠳᠪᠠ
ᠬᠢᠩᠭ᠋ᠠᠨ ᠠᠢ᠌ᠮᠠᠭ᠎ᠤᠨ᠎ᠬᠢᠨ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠡᠢ᠌ᠭᠡᠮ᠎ᠤᠨ ᠠᠵᠢᠯᠳᠡᠨ᠎ᠤ ᠴᠢᠳᠠᠪᠤᠷᠢ ᠵᠢ ᠳᠡᠭᠡᠭᠰᠢᠯᠡᠬᠦᠯᠬᠦ ᠪᠤᠯᠪᠠᠰᠤᠷᠠᠯ᠎ᠤᠨ ᠠᠩᠬᠢ ᠠ᠋ᠷᠬᠢᠯᠡᠵᠡᠢ
ᠳᠦᠩᠯᠢᠶᠤᠤ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠪᠦᠬᠦ ᠬᠤᠳᠠ ᠵᠢᠨ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ 2018 ᠤᠨ᠎ᠤ ᠠᠮᠤᠷ ᠳᠦᠪᠰᠢᠨ᠎ᠤ ᠳᠤᠰᠬᠠᠢ ᠪᠠᠢ᠌ᠴᠠᠭ᠋ᠠᠯᠳᠠ ᠬᠢᠵᠠᠢ
ᠬᠦᠯᠦᠨ ᠪᠤᠢ᠌ᠷ ᠬᠤᠳᠠ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠵᠠᠬ᠎ᠠ ᠳᠡᠯᠭᠡᠬᠦᠷ᠎ᠢ ᠴᠢᠯᠦᠭᠡᠳᠡᠢ ᠪᠤᠯᠭ᠋ᠠᠵᠠᠢ
 
            