ᠠᠷᠠᠳ᠎ᠤᠨ ᠶᠠᠪᠤᠳᠠᠯ᠎ᠤᠨ ᠶᠠᠮᠤᠨ᠎ᠤ ᠳᠤᠤᠷ᠎ᠠ ᠤᠷᠤᠯᠭ᠋ᠠᠳᠤ ᠭᠡᠷ ᠪᠦᠯᠢ ᠵᠢ ᠨᠣᠲᠠᠯᠠᠨ ᠳᠤᠭᠳᠠᠭ᠋ᠠᠬᠤ ᠵᠢ ᠵᠢᠯᠤᠭᠤᠳᠬᠤ ᠳᠦᠪ᠎ᠤᠨ ᠮᠡᠳᠡᠭᠡ ᠵᠠᠩᠬᠢ ᠵᠢ ᠬᠠᠷᠭᠤᠭᠤᠯᠬᠤ ᠭᠡᠯᠳᠡᠰ᠎ᠤᠨ ᠳᠦᠷᠪᠡᠨ ᠮᠡᠷᠭᠡᠵᠢᠯᠳᠡᠨ ᠵᠶ᠋ᠡᠷ ᠪᠦᠷᠢᠯᠳᠦᠭᠰᠡᠨ ᠪᠠᠢ᠌ᠴᠠᠭ᠋ᠠᠨ ᠰᠤᠳᠤᠯᠬᠤ ᠳᠤᠭᠤᠢ᠌ᠯᠠᠩ 2018 ᠤᠨ᠎ᠤ 11 ᠳ᠋ᠤᠭ᠋ᠠᠷ ᠰᠠᠷ᠎ᠠ ᠵᠢᠨ 12᠎ᠠᠴᠠ 15᠎ᠤ ᠠ᠋ᠳᠤᠷ ᠪᠤᠯᠳᠠᠯ᠎ᠠ ᠮᠠᠨ᠎ᠤ ᠤᠷᠤᠨ᠎ᠤ ᠨᠡᠢ᠌ᠭᠡᠮ᠎ᠤᠨ ᠳᠤᠰᠠᠯᠠᠮᠵᠢ ᠵᠢᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠤᠨ ᠬᠢᠨᠠᠨ ᠬᠠᠷᠭᠤᠭᠤᠯᠬᠤ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠤᠭᠤᠳᠴᠠᠢ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠶᠠᠷᠢᠯᠴᠠᠬᠤ ᠬᠤᠷᠠᠯ ᠬᠢᠬᠦ᠂ ᠳᠤᠬᠠᠢ ᠵᠢᠨ ᠭᠠᠵᠠᠷ᠎ᠲᠤᠨᠢ ᠰᠢᠨᠵᠢᠯᠠᠨ ᠪᠠᠢ᠌ᠴᠠᠭ᠋ᠠᠬᠤ ᠭᠡᠯᠪᠡᠷᠢ᠎ᠪᠠᠷ ᠮᠠᠨ᠎ᠤ ᠤᠷᠤᠨ᠎ᠤ ᠳᠤᠰᠠᠯᠠᠮᠵᠢ ᠵᠢᠨ ᠭᠡᠷ ᠪᠦᠯᠢ ᠵᠢᠨ ᠮᠡᠳᠡᠭᠡ ᠵᠠᠩᠬᠢ ᠵᠢ ᠬᠠᠷᠭᠤᠭᠤᠯᠤᠭᠰᠠᠨ ᠪᠠᠢ᠌ᠳᠠᠯ᠂ ᠳᠤᠬᠠᠢ᠌ᠯᠠᠭᠰᠠᠨ ᠠᠵᠢᠯ᠎ᠤᠨ ᠰᠢᠰᠲᠸᠮ᠎ᠤᠨ ᠪᠠᠢ᠌ᠭᠤᠯᠤᠯᠳᠠ᠂ ᠠᠰᠢᠭᠯᠠᠯᠳᠠ᠂ ᠬᠠᠮᠢᠶᠠᠷᠤᠯᠳᠠ᠂ ᠰᠠᠭᠤᠷᠢ ᠳᠦᠬᠦᠭᠡᠷᠦᠮᠵᠢ ᠳᠤᠨᠤᠭ᠎ᠤᠨ ᠳᠡᠬᠦᠯᠳᠡᠷᠵᠢᠬᠦᠯᠦᠭᠰᠡᠨ ᠵᠡᠷᠭᠡ ᠵᠢᠨ ᠪᠠᠢ᠌ᠳᠠᠯ᠎ᠢ ᠪᠠᠢ᠌ᠴᠠᠭ᠋ᠠᠨ ᠤᠢ᠌ᠯᠠᠭ᠋ᠠᠪᠠ᠃
ᠠᠷᠠᠳ᠎ᠤᠨ ᠶᠠᠪᠤᠳᠠᠯ᠎ᠤᠨ ᠶᠠᠮᠤᠨ᠎ᠤ ᠳᠤᠤᠷ᠎ᠠ ᠤᠷᠤᠯᠭ᠋ᠠᠳᠤ ᠭᠡᠷ ᠪᠦᠯᠢ ᠵᠢ ᠨᠣᠲᠠᠯᠠᠨ ᠳᠤᠭᠳᠠᠭ᠋ᠠᠬᠤ ᠵᠢ ᠵᠢᠯᠤᠭᠤᠳᠬᠤ ᠳᠦᠪ᠎ᠤᠨ ᠮᠡᠷᠭᠡᠵᠢᠯᠳᠡᠨ ᠮᠠᠨ᠎ᠤ ᠤᠷᠤᠨ᠎ᠤ ᠰᠠᠭᠤᠭ᠋ᠠᠯᠢ ᠠᠷᠠᠳ᠎ᠤᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠤᠨ ᠬᠢᠨᠠᠨ ᠬᠠᠷᠭᠤᠭᠤᠯᠬᠤ ᠰᠢᠰᠲᠸᠮ᠎ᠢ ᠶᠠᠮᠤᠨ᠎ᠤ ᠢᠨᠲᠸᠷ ᠰᠦᠯᠵᠢᠶ᠎ᠠ᠎ᠲᠠᠢ ᠵᠠᠯᠭ᠋ᠠᠨ ᠳ᠋ᠠᠢ᠌ᠲ᠋ᠠ᠎ᠪᠠᠨ ᠬᠠᠷᠢᠯᠴᠠᠨ ᠰᠤᠯᠢᠯᠴᠠᠭᠰᠠᠨ᠂ ᠤᠷᠤᠨ ᠠᠯᠤᠰᠯᠠᠭᠰᠠᠨ ᠢᠨᠲᠸᠷ ᠰᠦᠯᠵᠢᠶ᠎ᠠ᠎ᠲᠠᠢ ᠵᠠᠯᠭ᠋ᠠᠨ ᠳ᠋ᠠᠢ᠌ᠲ᠋ᠠ᠎ᠪᠠᠨ ᠬᠠᠷᠢᠯᠴᠠᠨ ᠰᠤᠯᠢᠯᠴᠠᠭᠰᠠᠨ᠂ ᠳᠤᠤᠷ᠎ᠡ ᠱᠠᠳᠤᠨ᠎ᠤ ᠢᠨᠲᠸᠷ ᠰᠦᠯᠵᠢᠶ᠎ᠠ᠎ᠲᠠᠢ ᠵᠠᠯᠭ᠋ᠠᠨ ᠳ᠋ᠠᠢ᠌ᠲ᠋ᠠ᠎ᠪᠠᠨ ᠬᠠᠷᠢᠯᠴᠠᠨ ᠰᠤᠯᠢᠯᠴᠠᠭᠰᠠᠨ ᠵᠡᠷᠭᠡ ᠵᠢ ᠪᠠᠢ᠌ᠴᠠᠭ᠋ᠠᠨ ᠵᠢᠯᠤᠭᠤᠳᠬᠤ ᠵᠢᠨ ᠬᠠᠮᠳᠤ ᠬᠢᠨᠠᠨ ᠬᠠᠷᠭᠤᠭᠤᠯᠬᠤ ᠰᠢᠰᠲᠸᠮ᠎ᠤᠨ ᠳᠦᠷᠢᠮ᠎ᠤᠨ ᠪᠠᠢ᠌ᠭᠤᠯᠤᠯᠳᠠ᠂ ᠳᠤᠤᠷ ᠰᠦᠯᠵᠢᠶᠠᠨ᠎ᠤ ᠪᠠᠢ᠌ᠭᠤᠯᠤᠯᠳᠠ᠂ ᠮᠡᠳᠡᠭᠡ ᠵᠠᠩᠬᠢ ᠵᠢᠨ ᠠᠮᠤᠷ ᠳᠦᠪᠰᠢᠨ᠂ ᠭᠤᠤᠯᠳᠠᠯᠭ᠎ᠠ᠎ᠲᠠᠢ ᠬᠢᠨᠠᠨ ᠰᠢᠯᠭ᠋ᠠᠬᠤ ᠰᠢᠰᠲᠸᠮ᠎ᠢ ᠬᠦᠢ᠍ᠴᠡᠳ ᠦᠨᠡᠯᠡᠵᠤ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠠ᠋ᠷᠦᠭᠡ ᠵᠢ ᠬᠢᠨᠠᠨ ᠬᠠᠷᠭᠤᠭᠤᠯᠬᠤ ᠳᠠᠪᠴᠠᠩ᠎ᠤᠨ ᠪᠠᠢ᠌ᠭᠤᠯᠤᠯᠳᠠ ᠵᠢ ᠦᠷᠬᠦᠯᠵᠢᠯᠡᠨ ᠴᠢᠩᠭ᠋ᠠᠳᠬᠠᠬᠤ ᠳᠤᠬᠠᠢ ᠰᠠᠨᠠᠯ ᠵᠦᠪᠯᠡᠯᠭᠡ ᠦᠭᠴᠡᠢ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ 13᠎ᠤ ᠠ᠋ᠳᠤᠷ ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ᠎ᠪᠠᠷ ᠬᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠳᠠ ᠬᠢᠪᠡ᠃