11 ᠳ᠋ᠤᠭᠡᠷ ᠰᠠᠷ᠎ᠠ ᠵᠢᠨ 9᠎ᠤ ᠠ᠋ᠳᠤᠷ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠪᠤᠯᠤᠨ ᠱᠠᠨ ᠰᠢ ᠮᠤᠵᠢ ᠵᠢᠨ ᠵᠠᠰᠠᠭ ᠵᠠᠬᠢᠷᠭ᠋ᠠᠨ᠎ᠤ ᠤᠷᠤᠨ᠎ᠤ ᠵᠠᠭ᠋ᠠᠭ ᠱᠤᠭᠤᠮ᠎ᠤᠨ ᠳᠦᠷᠪᠡᠳᠦᠭᠡᠷ ᠠ᠋ᠭᠡᠯᠵᠢ ᠵᠢᠨ ᠬᠠᠮᠳᠤᠷᠠᠭᠰᠠᠨ ᠪᠠᠢ᠌ᠴᠠᠭ᠋ᠠᠯᠳᠠ ᠵᠢᠨ ᠠᠵᠢᠯ᠎ᠤᠨ ᠳ᠋ᠦᠩᠨᠡᠯᠳᠡ ᠵᠢᠨ ᠬᠤᠷᠠᠯ ᠬᠦᠭᠡᠬᠤᠳᠠ᠎ᠳᠤ ᠬᠤᠷᠠᠯᠳᠤᠪᠠ᠃ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠳᠡᠳ᠋ ᠳᠠᠷᠤᠭ᠎ᠠ ᠰᠤᠶᠤᠯ᠂ ᠱᠠᠨ ᠰᠢ ᠮᠤᠵᠢ ᠵᠢᠨ ᠠᠷᠠᠳ᠎ᠤᠨ ᠶᠠᠪᠤᠳᠠᠯ᠎ᠤᠨ ᠳᠢᠩᠬᠢᠮ᠎ᠤᠨ ᠳᠡᠳ᠋ ᠳᠠᠷᠤᠭ᠎ᠠ ᠵᠠᠩ ᠷᠦᠢ ᠬᠤᠷᠠᠯ᠎ᠳᠤ ᠤᠷᠤᠯᠴᠠᠨ᠂ ᠬᠦᠬᠡᠬᠤᠳᠠ ᠵᠢᠨ ᠵᠠᠰᠠᠭ᠎ᠤᠨ ᠤᠷᠳᠤᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠺᠠᠩ ᠹᠸᠩ ᠬᠤᠳᠠ ᠵᠢᠨ ᠵᠠᠰᠠᠭ᠎ᠤᠨ ᠤᠷᠳᠤᠨᠢ ᠳᠦᠯᠦᠭᠡᠯᠡᠨ ᠦᠭᠡ ᠶᠡᠷᠢᠪᠡ᠃ ᠦᠪᠦᠷ ᠮᠤᠩᠭᠤᠯ ᠪᠤᠯᠤᠨ ᠱᠠᠨ ᠰᠢ ᠮᠤᠵᠢ ᠵᠢᠨ ᠬᠦᠷᠰᠢ ᠵᠡᠷᠭᠡᠯᠡᠳᠡᠭᠡ ᠬᠤᠯᠪᠤᠭᠳᠠᠯ ᠪᠦᠬᠦᠢ ᠠᠢ᠌ᠮᠠᠭ ᠬᠤᠳᠠ᠂ ᠬᠤᠰᠢᠭᠤ ᠰᠢᠶᠠᠨ (ᠬᠤᠳᠠ ᠳᠤᠭᠤᠷᠢᠭ)᠎ᠤ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠬᠤᠪᠢᠳᠠᠨ ᠬᠠᠷᠢᠭᠤᠴᠠᠵᠤ ᠪᠠᠢ᠌ᠭ᠎ᠠ ᠬᠠᠷᠢᠭᠤᠴᠠᠯᠭ᠋ᠠᠳᠠᠨ᠂ ᠵᠠᠰᠠᠭ ᠵᠠᠬᠢᠷᠭ᠋ᠠᠨ᠎ᠤ ᠤᠷᠤᠨ᠎ᠤ ᠬᠤᠪᠢᠶᠠᠷᠢᠯᠠᠯᠳᠠ ᠪᠠ ᠭᠠᠵᠠᠷ᠎ᠤᠨ ᠨᠡᠷᠡᠰ᠎ᠤᠨ ᠰᠠᠯᠠᠭ᠋ᠠᠨ᠎ᠤ ᠬᠠᠷᠢᠭᠤᠴᠠᠯᠭ᠋ᠠᠳᠠᠨ ᠵᠢᠴᠢ ᠵᠠᠭ᠋ᠠᠭ ᠱᠤᠭᠤᠮ᠎ᠤᠨ ᠬᠠᠮᠢᠶᠠᠷᠤᠯᠳᠠ ᠵᠢᠨ ᠠᠵᠢᠯᠳᠠᠨ ᠬᠤᠷᠠᠯ᠎ᠳᠤ ᠤᠷᠤᠯᠴᠠᠪᠠ᠃
ᠬᠤᠷᠠᠯ ᠳᠡᠭᠡᠷ᠎ᠠ ᠦᠪᠦᠷ ᠮᠤᠩᠭᠤᠯ ᠪᠤᠯᠤᠨ ᠱᠠᠨ ᠰᠢ ᠮᠤᠵᠢ ᠵᠢᠨ ᠬᠦᠷᠰᠢ ᠵᠡᠷᠭᠡᠯᠡᠳᠡᠭᠡ ᠠᠢ᠌ᠮᠠᠭ ᠬᠤᠳᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠬᠤᠪᠢᠳᠠᠨ ᠬᠠᠷᠢᠭᠤᠴᠠᠵᠤ ᠪᠠᠢ᠌ᠭ᠎ᠠ ᠬᠠᠷᠢᠭᠤᠴᠠᠯᠭ᠋ᠠᠳᠠᠨ ᠲᠤᠰ ᠲᠤᠰ᠎ᠤᠨ ᠳᠦᠷᠪᠡᠳᠦᠭᠡᠷ ᠠ᠋ᠭᠡᠯᠵᠢ ᠵᠢᠨ ᠵᠠᠰᠠᠭ ᠵᠠᠬᠢᠷᠭ᠋ᠠᠨ᠎ᠤ ᠤᠷᠤᠨ᠎ᠤ ᠵᠠᠭ᠋ᠠᠭ ᠱᠤᠭᠤᠮ᠎ᠢ ᠬᠠᠮᠳᠤᠷᠠᠨ ᠪᠠᠢ᠌ᠴᠠᠭ᠋ᠠᠭᠰᠠᠨ ᠠᠵᠢᠯ᠎ᠤᠨ ᠪᠠᠢ᠌ᠳᠠᠯ᠂ ᠢᠯᠡᠷᠡᠭᠰᠡᠨ ᠠᠰᠠᠭᠤᠳᠠᠯ ᠪᠤᠯᠤᠨ ᠠᠮᠵᠢᠯᠳᠠ ᠪᠦᠳᠦᠮᠵᠢ᠎ᠪᠠᠨ ᠬᠠᠷᠢᠭᠤ ᠮᠡᠳᠡᠬᠦᠯᠵᠤ᠂ ᠱᠠᠨ ᠰᠢ ᠮᠤᠵᠢ ᠵᠢᠨ ᠠᠷᠠᠳ᠎ᠤᠨ ᠶᠠᠪᠤᠳᠠᠯ᠎ᠤᠨ ᠳᠢᠩᠬᠢᠮ᠎ᠤᠨ ᠵᠠᠰᠠᠭ ᠵᠠᠬᠢᠷᠭ᠋ᠠᠨ᠎ᠤ ᠤᠷᠤᠨ᠎ᠤ ᠬᠤᠪᠢᠶᠠᠷᠢᠯᠠᠯᠳᠠ ᠪᠠ ᠭᠠᠵᠠᠷ᠎ᠤᠨ ᠨᠡᠷᠡᠰ᠎ᠤᠨ ᠭᠠᠵᠠᠷ᠎ᠤᠨ ᠳᠠᠷᠤᠭ᠎ᠠ ᠶᠠᠩ ᠵᠢᠨ ᠱᠸᠩ᠎ᠠᠴᠠ ᠬᠤᠶᠠᠷ ᠮᠤᠵᠢ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠬᠤᠶᠠᠷ ᠮᠤᠵᠢ ᠤᠷᠤᠨ᠎ᠤ ᠵᠠᠰᠠᠭ᠎ᠤᠨ ᠤᠷᠳᠤᠨᠢ ᠳᠦᠯᠦᠭᠡᠯᠡᠨ ᠨᠤᠤᠷᠠᠭᠯᠠᠭᠰᠠᠨ 《ᠱᠠᠨ ᠰᠢ ᠮᠤᠵᠢ ᠵᠢᠨ ᠠᠷᠠᠳ᠎ᠤᠨ ᠵᠠᠰᠠᠭ᠎ᠤᠨ ᠤᠷᠳᠤᠨ ᠪᠤᠯᠤᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠣᠶᠠᠷ ᠤᠷᠤᠨ᠎ᠤ ᠵᠠᠰᠠᠭ ᠵᠠᠬᠢᠷᠭ᠋ᠠᠨ᠎ᠤ ᠤᠷᠤᠨ᠎ᠤ ᠵᠠᠭ᠋ᠠᠭ ᠱᠤᠭᠤᠮ᠎ᠤᠨ ᠳᠦᠷᠪᠡᠳᠦᠭᠡᠷ ᠠ᠋ᠭᠡᠯᠵᠢ ᠵᠢᠨ ᠬᠠᠮᠳᠤᠷᠠᠭᠰᠠᠨ ᠪᠠᠢ᠌ᠴᠠᠭ᠋ᠠᠯᠳᠠ ᠵᠢᠨ ᠠᠵᠢᠯ᠎ᠤᠨ ᠪᠠᠢ᠌ᠳᠠᠯ᠎ᠤᠨ ᠳᠤᠬᠠᠢ ᠳ᠋ᠦᠩᠨᠡᠯᠳᠡ (ᠤᠷᠤᠯᠠᠨ ᠨᠤᠤᠷᠠᠯᠠᠭᠰᠠᠨ)》 ᠵᠢ ᠨᠡᠢ᠌ᠳᠡᠯᠡᠬᠦ ᠵᠢᠨ ᠬᠠᠮᠳᠤ ᠬᠤᠷᠠᠯ᠎ᠳᠤ ᠳᠡᠪᠰᠢᠬᠦᠯᠦᠨ ᠬᠢᠨᠠᠭᠤᠯᠪᠠ᠃ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠳᠡᠳ᠋ ᠳᠠᠷᠤᠭ᠎ᠠ ᠰᠤᠶᠤᠯ᠂ ᠱᠠᠨ ᠰᠢ ᠮᠤᠵᠢ ᠵᠢᠨ ᠠᠷᠠᠳ᠎ᠤᠨ ᠶᠠᠪᠤᠳᠠᠯ᠎ᠤᠨ ᠳᠢᠩᠬᠢᠮ᠎ᠤᠨ ᠳᠡᠳ᠋ ᠳᠠᠷᠤᠭ᠎ᠠ ᠵᠠᠩ ᠷᠦᠢ ᠳᠤᠰ ᠳᠤᠰ ᠳ᠋ᠦᠩᠨᠡᠯᠳᠡ ᠵᠢᠨ ᠶᠠᠷᠢᠶ᠎ᠠ ᠳᠠᠯᠪᠢᠵᠤ᠂ ᠬᠠᠮᠳᠤᠷᠠᠭᠰᠠᠨ ᠪᠠᠢ᠌ᠴᠠᠭ᠋ᠠᠯᠳᠠ ᠵᠢ ᠦᠨᠡᠯᠡᠨ᠂ ᠵᠠᠭ᠋ᠠᠭ ᠱᠤᠭᠤᠮ᠎ᠤᠨ ᠬᠠᠮᠢᠶᠠᠷᠤᠯᠳᠠ ᠵᠢᠨ ᠠᠵᠢᠯ᠎ᠢ ᠭᠡᠷᠬᠢᠨ ᠴᠢᠩᠭ᠋ᠠᠳᠬᠠᠵᠤ᠂ ᠠᠮᠤᠷ ᠳᠤᠭᠳᠠᠭᠤᠨ ᠵᠠᠭ᠋ᠠᠭ ᠱᠤᠭᠤᠮ᠎ᠤᠨ ᠪᠦᠳᠦᠭᠡᠨ ᠪᠠᠢ᠌ᠭᠤᠯᠤᠯᠳᠠ ᠵᠢ ᠠᠬᠢᠭᠤᠯᠬᠤ ᠳᠤᠬᠠᠢ ᠪᠤᠳᠠᠳᠠᠢ ᠱᠠᠭ᠋ᠠᠷᠳᠠᠯᠭ᠎ᠠ ᠳᠤᠷᠠᠳᠴᠠᠢ᠃

ᠬᠤᠷᠠᠯ᠎ᠳᠤ ᠰᠠᠭ᠋ᠠᠳᠠᠭᠰᠠᠨ ᠤᠳᠤᠷᠢᠳᠤᠯᠭ᠎ᠠ

ᠬᠤᠷᠠᠯ᠎ᠤᠨ ᠠᠬᠤᠢ ᠳᠠᠯᠠᠪᠠᠢ

ᠳᠦᠯᠦᠭᠡᠯᠡᠭᠴᠢᠳ ᠶᠠᠷᠢᠵᠤ ᠪᠠᠢ᠌ᠭ᠎ᠠ᠎ᠨᠢ

ᠠᠮᠤᠷ ᠳᠦᠪᠰᠢᠨ ᠵᠠᠭ᠋ᠠᠭ ᠱᠤᠭᠤᠮ᠎ᠢ ᠪᠠᠢ᠌ᠭᠤᠯᠬᠤ ᠵᠦᠪᠳᠡᠯᠴᠡᠭᠡᠷ ᠵᠶ᠋ᠠᠨ ᠳᠣᠭᠲᠠᠭ᠋ᠠᠵᠤ ᠪᠠᠢ᠌ᠨ᠎ᠠ