ᠪᠡᠭᠡᠵᠢᠩ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ᠂ ᠪᠡᠭᠡᠵᠢᠩ ᠬᠤᠳᠠ ᠵᠢᠨ ᠨᠠᠰᠤᠳᠠᠢ᠌ᠴᠤᠳ᠎ᠤᠨ ᠠᠵᠢᠯ᠎ᠤᠨ ᠵᠦᠪᠯᠡᠯ᠎ᠤᠨ ᠠᠯᠪᠠᠨ ᠭᠡᠷ᠂ ᠪᠡᠭᠡᠵᠢᠩ ᠬᠤᠳᠠ ᠵᠢᠨ ᠨᠡᠢ᠌ᠭᠡᠮ᠎ᠤᠨ ᠪᠦᠳᠦᠭᠡᠨ ᠪᠠᠢ᠌ᠭᠤᠯᠤᠯᠳᠠ ᠵᠢᠨ ᠠᠵᠢᠯ᠎ᠤᠨ ᠠᠯᠪᠠᠨ ᠭᠡᠷ᠎ᠠᠴᠠ ᠵᠢᠯᠤᠭᠤᠳᠤᠨ᠂ ᠪᠡᠭᠡᠵᠢᠩ ᠬᠤᠳᠠ ᠵᠢᠨ ᠨᠠᠰᠤᠳᠠᠢ᠌ᠴᠤᠳ᠎ᠤᠨ ᠠᠵᠤ ᠦᠢ᠍ᠯᠡᠰ᠎ᠤᠨ ᠨᠡᠢ᠌ᠭᠡᠮᠯᠢᠭ᠂ ᠪᠡᠭᠡᠵᠢᠩ᠎ᠤᠨ ᠢ ᠨᠢᠶᠠᠨ ᠨᠠᠰᠤᠳᠠᠢ᠌ᠴᠤᠳ᠎ᠤᠨ ᠠᠵᠤ ᠦᠢ᠍ᠯᠡᠰ᠎ᠢ ᠠᠬᠢᠭᠤᠯᠬᠤ ᠳᠦᠪ᠂ ᠳᠤᠮᠳᠠᠳᠤ ᠤᠯᠤᠰ᠎ᠤᠨ ᠪᠠᠷᠢᠯᠭ᠎ᠠ ᠵᠠᠰᠠᠯ ᠴᠢᠮᠡᠭᠯᠡᠯ᠎ᠤᠨ ᠨᠡᠢ᠌ᠭᠡᠮᠯᠢᠭ᠂ ᠪᠡᠭᠡᠵᠢᠩ᠎ᠤᠨ ᠤᠯᠢᠮᠫᠢᠺ᠎ᠤᠨ ᠳᠠᠮᠢᠷ᠎ᠤᠨ ᠴᠤᠭᠯᠠᠭ᠋ᠠᠨ᠎ᠤ ᠦᠵᠡᠰᠬᠦᠯᠡᠩ᠎ᠤᠨ ᠬᠢᠵᠠᠭ᠋ᠠᠷᠳᠤ ᠺᠤᠮᠫᠠᠨᠢ ᠭᠤᠤᠯᠯᠠᠨ ᠠ᠋ᠷᠬᠢᠯᠡᠭᠰᠡᠨ ᠳᠤᠯᠤᠳᠤᠭ᠋ᠠᠷ ᠬᠤᠭᠤᠴᠠᠭ᠋ᠠᠨ᠎ᠤ ᠪᠡᠭᠡᠵᠢᠩ᠎ᠤᠨ ᠤᠯᠠᠨ ᠤᠯᠤᠰ᠎ᠤᠨ ᠨᠡᠰᠤᠳᠠᠢ᠌ᠴᠤᠳᠤᠨ ᠦᠵᠡᠰᠬᠦᠯᠡᠩ 2018 ᠤᠨ᠎ᠤ 11 ᠳ᠋ᠤᠭᠡᠷ ᠰᠠᠷ᠎ᠠ ᠵᠢᠨ 9᠎ᠤ ᠠ᠋ᠳᠤᠷ᠎ᠠᠴᠠ 11᠎ᠤ ᠠ᠋ᠳᠤᠷ ᠪᠤᠯᠳᠠᠯ᠎ᠠ ᠪᠡᠭᠡᠵᠢᠩ᠎ᠳᠤ ᠶᠠᠪᠤᠭᠳᠠᠵᠤ᠂ ᠮᠠᠨ᠎ᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ ᠪᠦᠯᠬᠦᠮ ᠳᠤᠮᠢᠯᠠᠨ ᠠ᠋ᠨᠡ ᠤᠳᠠᠭ᠋ᠠᠨ᠎ᠤ ᠦᠵᠡᠰᠬᠦᠯᠡᠩ᠎ᠳᠤ ᠤᠷᠤᠯᠴᠠᠵᠠᠢ᠃
ᠳᠤᠯᠤᠭ᠋ᠠᠨ ᠵᠢᠯ᠎ᠤᠨ ᠬᠦᠭᠵᠢᠯᠲᠡ ᠵᠢ ᠳᠠᠮᠵᠢᠭ᠋ᠠᠳ ᠪᠡᠭᠡᠵᠢᠩ᠎ᠤᠨ ᠤᠯᠠᠨ ᠤᠯᠤᠰ᠎ᠤᠨ ᠨᠡᠰᠤᠳᠠᠢ᠌ᠴᠤᠳᠤᠨ ᠦᠵᠡᠰᠬᠦᠯᠡᠩ᠎ᠳᠤ ᠮᠢᠩᠭ᠎ᠠ ᠭᠠᠷᠤᠢ ᠠᠵᠤ ᠠᠬᠤᠢ᠌ᠯᠠᠯ ᠤᠷᠤᠯᠴᠠᠨ᠂ ᠳᠤᠭᠤᠷᠢᠨ ᠦᠵᠡᠭᠰᠡᠳ 30 ᠳᠦᠮᠡ ᠵᠢ ᠳᠠᠪᠠᠵᠤ᠂ ᠡᠯ᠎ᠡ ᠵᠦᠢ᠍ᠯ᠎ᠤᠨ ᠦᠭᠦᠯᠡᠯ᠎ᠤᠨ ᠳᠠᠪᠴᠠᠩ ᠪᠠ ᠤᠨ᠎ᠤ ᠠᠵᠢᠯᠯᠠᠭ᠎ᠠ ᠵᠢ ᠵᠠᠭᠤ ᠭᠠᠷᠤᠢ ᠤᠳᠠᠭ᠎ᠠ ᠠ᠋ᠷᠬᠢᠯᠡᠨ ᠬᠢᠵᠡᠢ᠃
ᠠ᠋ᠨᠡ ᠤᠳᠠᠭ᠋ᠠᠨ᠎ᠤ ᠦᠵᠡᠰᠬᠦᠯᠡᠩ᠎ᠤᠨ ᠳᠠᠯᠠᠪᠠᠢ᠎ᠨᠢ ᠬᠤᠶᠠᠷ ᠳᠦᠮᠠᠨ ᠳᠡᠭᠰᠢ ᠳᠦᠷᠪᠡᠯᠵᠢᠨ ᠮᠸᠲᠷ᠎ᠲᠤ ᠬᠦᠷᠴᠤ᠂ ᠳᠤᠳᠤᠷ᠎ᠠ᠎ᠨᠢ ᠨᠠᠰᠤᠳᠠᠢ᠌ᠴᠤᠳ᠎ᠤᠨ ᠲᠠᠭ᠋ᠠᠯᠠᠮᠵᠢᠲᠠᠢ ᠤᠷᠤᠨ ᠰᠠᠭᠤᠴᠠ᠂ ᠨᠠᠰᠤᠳᠠᠢ᠌ᠴᠤᠳ᠎ᠤᠨ ᠠ᠋ᠷᠡᠭᠦᠯᠵᠢᠯ᠎ᠤᠨ ᠰᠤᠪᠢᠯᠠᠯᠲᠠ ᠪᠡ ᠠ᠋ᠮᠴᠢᠯᠡᠭᠡ᠂ ᠨᠠᠰᠤᠳᠠᠢ᠌ᠴᠤᠳ᠎ᠤᠨ ᠬᠡᠷᠡᠭᠯᠡᠭᠡᠨ ᠪᠤᠯᠤᠨ ᠦᠢ᠍ᠯᠡᠴᠢᠯᠡᠭᠡᠨ᠎ᠤ ᠰᠢᠨ᠎ᠡ ᠰᠢᠨ᠎ᠡ ᠦᠢ᠍ᠯᠡᠳᠭᠦᠨ᠎ᠢ ᠲᠡᠯᠭᠡᠨ ᠦᠵᠡᠬᠦᠯᠵᠡᠢ᠃
ᠠ᠋ᠨᠡ ᠤᠳᠠᠭ᠋ᠠᠨ᠎ᠤ ᠦᠵᠡᠰᠬᠦᠯᠡᠩ᠎ᠳᠤ ᠲᠢᠶᠠᠨᠵᠢᠨ᠂ ᠠ᠋ᠾᠸᠪᠸᠢ᠂ ᠦᠪᠦᠷ ᠮᠤᠩᠭᠤᠯ ᠳᠤᠰ ᠳᠤᠰ ᠪᠦᠯᠬᠦᠮ ᠳᠤᠮᠢᠯᠠᠨ ᠤᠷᠤᠯᠴᠠᠭᠤᠯᠵᠤ᠂ ᠭᠡᠳᠤᠨ ᠠᠷᠪᠠᠨ ᠠᠵᠤ ᠠᠬᠤᠢ᠌ᠯᠠᠯ ᠳᠤᠬᠠᠢ ᠵᠢᠨ ᠳᠠᠯᠠᠪᠠᠢ᠎ᠳᠤ ᠦᠵᠡᠬᠦᠯᠭᠡ ᠬᠢᠵᠡᠢ᠃
ᠭᠤᠤᠯᠯᠠᠨ ᠠ᠋ᠷᠬᠢᠯᠡᠵᠤ ᠪᠠᠢ᠌ᠭ᠎ᠠ ᠨᠢᠭᠡᠴᠢ᠎ᠨᠢ ᠲᠦᠷᠤᠭᠦᠴᠤᠳ᠎ᠤᠨ ᠦᠭᠦᠯᠡᠯ᠎ᠤᠨ ᠳᠠᠪᠴᠠᠩ ᠪᠤᠯᠤᠨ ᠳᠤᠬᠠᠢ᠌ᠯᠠᠭᠰᠠᠨ ᠠᠵᠢᠯ᠎ᠤᠨ ᠳᠤᠬᠠᠢ ᠲᠠᠢ᠌ᠯᠤᠮᠵᠢ ᠠ᠋ᠷᠬᠢᠯᠡᠨ᠂ ᠨᠠᠰᠤᠲᠠᠳ᠎ᠢ ᠠᠰᠠᠷᠠᠬᠤ ᠬᠦᠷᠢᠶ᠎ᠠ ᠴᠠᠷᠠᠭ᠋ᠠᠨ᠎ᠤ ᠵᠠᠭᠤᠭ᠋ᠠᠳ ᠳᠤᠰᠬᠠᠢ ᠮᠡᠷᠭᠡᠵᠢᠯᠳᠡᠨ᠎ᠢ ᠵᠠᠯᠠᠨ᠂ ᠵᠠᠰᠠᠭ᠎ᠤᠨ ᠤᠷᠳᠤᠨ᠎ᠤ ᠳᠦᠷᠦ ᠵᠢᠨ ᠪᠤᠳᠤᠯᠭ᠎ᠠ ᠵᠢ ᠳᠠᠢ᠌ᠯᠪᠤᠷᠢᠯᠠᠬᠤ᠂ ᠨᠠᠰᠤᠲᠠᠳ᠎ᠢ ᠭᠡᠷ᠎ᠲᠤ᠎ᠨᠢ ᠠᠰᠠᠷᠠᠬᠤ᠂ ᠨᠠᠰᠤᠲᠠᠳ᠎ᠢ ᠠᠰᠠᠷᠠᠬᠤ ᠭᠡᠷ ᠬᠦᠷᠦᠩᠭᠡ᠂ ᠪᠡᠯᠡ ᠤᠷᠤᠭᠤᠯᠤᠯᠳᠠ᠂ ᠪᠠᠢ᠌ᠭᠤᠯᠤᠮᠵᠢ ᠵᠢᠨ ᠠᠵᠢᠯᠯᠠᠭ᠋ᠠᠨ᠂ ᠵᠤᠭ᠋ᠠᠴᠠᠯ᠂ ᠠ᠋ᠷᠡᠬᠦᠯᠵᠢᠯ ᠵᠡᠷᠭᠡ ᠤᠯᠠᠨ ᠳᠠᠯ᠎ᠠ ᠵᠢᠨ ᠠᠭᠤᠯᠭ᠎ᠠ ᠵᠢ ᠪᠠᠭᠳᠠᠭ᠋ᠠᠭᠰᠠᠨ ᠳᠠᠢ᠌ᠯᠤᠮᠵᠢ ᠳᠠᠢ᠌ᠯᠪᠤᠷᠢ ᠬᠢᠯᠭᠡᠵᠤ᠂ ᠭᠡᠷᠡᠭᠴᠡᠭᠡ ᠱᠠᠭ᠋ᠠᠷᠳᠠᠯᠭ᠎ᠠ ᠵᠢ ᠵᠣᠯᠭ᠋ᠠᠭᠤᠯᠬᠤ ᠳᠠᠪᠴᠠᠩ ᠬᠠᠩᠭ᠋ᠠᠨ᠂ ᠬᠠᠮᠳᠤᠷᠠᠯᠴᠠᠭ᠎ᠠ᠎ᠪᠠᠨ ᠠᠬᠢᠭᠤᠯᠤᠭᠰᠠᠨ ᠪᠠᠢ᠌ᠨ᠎ᠠ᠃
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠰᠤᠳᠠᠢ᠌ᠴᠤᠳ᠎ᠤᠨ ᠠᠵᠢᠯ᠎ᠤᠨ ᠵᠦᠪᠯᠡᠯ᠎ᠤᠨ ᠳᠤᠰᠬᠠᠢ ᠳᠤᠰᠢᠶᠠᠯ᠎ᠳᠤ ᠳᠡᠳ᠋ ᠠ᠋ᠷᠬᠢᠯᠡᠭᠴᠢ ᠭᠤᠤ ᠵᠢᠶᠠᠨ ᠬᠤᠸᠠ ᠪᠦᠯᠬᠦᠮ ᠵᠶ᠋ᠠᠨ ᠳᠠᠭ᠋ᠠᠭᠤᠯᠤᠨ ᠳᠤᠰ ᠤᠳᠠᠭ᠋ᠠᠨ᠎ᠤ ᠦᠵᠡᠰᠬᠦᠯᠡᠩ᠎ᠳᠤ ᠤᠷᠤᠯᠴᠠᠭᠰᠠᠨ ᠪᠦᠭᠡᠳ ᠲᠦᠷᠣᠭᠦᠴᠤᠳᠤᠨ ᠦᠭᠦᠯᠡᠯ᠎ᠤᠨ ᠳᠠᠪᠴᠠᠩ ᠳᠡᠭᠡᠷ᠎ᠠ ᠭᠤᠤᠯ ᠵᠣᠷᠢᠯᠲᠠ ᠵᠢᠨ ᠳᠤᠬᠠᠢ ᠶᠠᠷᠢᠶ᠎ᠠ ᠳᠠᠯᠪᠢᠵᠠᠢ᠃

ᠪᠡᠭᠡᠵᠢᠩ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠳᠠᠷᠤᠭ᠎ᠠ ᠯᠢ ᠸᠠᠨ ᠵᠢᠶᠦᠢ᠍ᠨ ᠮᠠᠨ᠎ᠤ ᠤᠷᠤᠨ᠎ᠤ ᠦᠵᠡᠬᠦᠯᠭᠡ ᠵᠢᠨ ᠳᠠᠯᠠᠪᠠᠢ ᠵᠢ ᠳᠤᠭᠤᠷᠢᠨ ᠦᠵᠡᠵᠤ ᠭᠤᠤ ᠵᠢᠶᠠᠨ ᠬᠤᠸᠠ᠎ᠲᠠᠢ ᠰᠠᠨᠨᠠᠯ ᠵᠶ᠋ᠡᠨ ᠰᠤᠯᠢᠯᠴᠠᠵᠤ ᠪᠠᠢ᠌ᠭ᠎ᠠ᠎ᠨᠢ

ᠦᠵᠡᠰᠬᠦᠯᠡᠩ᠎ᠤᠨ ᠠᠬᠤᠢ ᠳᠠᠯᠠᠪᠠᠢ

ᠦᠪᠦᠷ ᠮᠤᠩᠭᠤᠯ᠎ᠤᠨ ᠨᠠᠰᠤᠳᠠᠢ᠌ᠴᠤᠳ᠎ᠤᠨ ᠠᠵᠢᠯ᠎ᠤᠨ ᠵᠦᠪᠯᠡᠯ᠎ᠤᠨ ᠳᠤᠰᠬᠠᠢ ᠳᠤᠰᠢᠶᠠᠯ᠎ᠳᠤ ᠳᠡᠳ᠋ ᠠ᠋ᠷᠬᠢᠯᠡᠭᠴᠢ ᠭᠤᠤ ᠵᠢᠶᠠᠨ ᠬᠤᠸᠠ ᠶᠠᠷᠢᠶ᠎ᠠ ᠳᠠᠯᠪᠢᠵᠤ ᠪᠠᠢ᠌ᠭ᠎ᠠ᠎ᠨᠢ
