ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠦᠪᠡᠷᠳᠡᠭᠡᠨ ᠵᠠᠰᠠᠬᠤ ᠤᠷᠤᠨ᠎ᠤ 15 ᠬᠤᠰᠢᠭᠤ ᠰᠢᠶᠠᠨ ᠬᠤᠳᠠ ᠳᠤᠭᠤᠷᠢᠭ᠎ᠢ ᠨᠡᠢ᠌ᠭᠡᠮ᠎ᠤᠨ ᠳᠤᠰᠠᠯᠠᠮᠵᠢ ᠵᠢᠨ ᠶᠡᠷᠦᠩᠭᠡᠢ᠌ᠯᠡᠭᠰᠡᠨ ᠦᠭᠡᠷᠡᠴᠢᠯᠡᠯᠳᠡ ᠵᠢᠨ ᠳᠤᠷᠰᠢᠯᠳᠠ ᠵᠢᠨ ᠴᠢᠭ ᠪᠤᠯᠭ᠋ᠠᠪᠠ
ᠨᠡᠶᠢᠲᠡᠯᠡᠭᠰᠡᠨ ᠴᠠᠭ᠄ 2019-01-14

       
      ᠤᠢ᠌ᠷ᠎ᠡ᠎ᠳᠤ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ ᠰᠤᠳᠤᠯᠤᠨ ᠶᠠᠷᠢᠯᠴᠠᠭ᠋ᠠᠳ ᠮᠠᠨ᠎ᠤ ᠤᠷᠤᠨ᠎ᠤ ᠬᠦᠬᠡᠬᠤᠳᠠ ᠵᠢᠨ ᠰᠢᠨ᠎ᠠ ᠬᠤᠳᠠ ᠳᠤᠭᠤᠷᠢᠭ᠂ ᠪᠤᠭᠤᠳᠤ ᠬᠤᠳᠠ ᠵᠢᠨ ᠴᠢᠩᠱ᠌ᠠᠨ ᠳᠤᠭᠤᠷᠢᠭ᠂ ᠬᠦᠯᠦᠨ ᠪᠤᠢ᠌ᠷ ᠬᠤᠳᠠ ᠵᠢᠨ ᠠ᠋ᠷᠬᠦᠨ᠎ᠡ ᠬᠤᠳᠠ᠂ ᠬᠢᠩᠭ᠋ᠠᠨ ᠠᠢ᠌ᠮᠠᠭ᠎ᠤᠨ ᠤᠯᠠᠭ᠋ᠠᠨᠬᠤᠳᠠ᠂ ᠳᠦᠩᠯᠢᠶᠤᠤ ᠬᠤᠳᠠ ᠵᠢᠨ ᠺᠠᠢ᠌ᠯᠦ ᠰᠢᠶᠠᠨ᠂ ᠤᠯᠠᠭ᠋ᠠᠨᠬᠠᠳᠠ ᠬᠤᠳᠠ ᠵᠢᠨ ᠪᠠᠭ᠋ᠠᠷᠢᠨ ᠵᠡᠬᠦᠨ ᠬᠤᠰᠢᠭᠤ᠂ ᠬᠤᠩᠱ᠌ᠠᠨ ᠳᠤᠭᠤᠷᠢᠭ᠂ ᠯᠢᠨᠰᠢ ᠰᠢᠶᠠᠨ᠂ ᠰᠢᠯᠢ ᠵᠢᠨ ᠭᠤᠤᠯ ᠠᠢ᠌ᠮᠠᠭ᠎ᠤᠨ ᠰᠢᠯᠢᠩᠬᠤᠳᠠ᠂ ᠤᠯᠠᠭ᠋ᠠᠨᠴᠠᠪ ᠬᠤᠳᠠ ᠵᠢᠨ ᠵᠢᠨᠢᠩ ᠳᠤᠭᠤᠷᠢᠭ᠂ ᠤᠷᠳᠤᠰ ᠬᠤᠳᠠ ᠵᠢᠨ ᠳᠠᠯᠠᠳ ᠬᠤᠰᠢᠭᠤ᠂ ᠪᠠᠶᠠᠨᠨᠠᠭᠤᠷ ᠬᠤᠳᠠ ᠵᠢᠨ ᠤᠷᠠᠳ᠎ᠤᠨ ᠬᠤᠢ᠌ᠳᠤ ᠬᠤᠰᠢᠭᠤ᠂ ᠦᠬᠠᠢ ᠬᠤᠳᠠ ᠵᠢᠨ ᠤᠳᠠ ᠳᠤᠭᠤᠷᠢᠭ᠂ ᠠᠯᠠᠱ᠌ᠠ ᠠᠢ᠌ᠮᠠᠭ᠎ᠤᠨ ᠠᠯᠠᠱ᠌ᠠ ᠵᠡᠬᠦᠨ ᠬᠤᠰᠢᠭᠤ᠂ ᠮᠠᠨᠵᠤᠤᠷ ᠬᠤᠳᠠ ᠵᠡᠷᠭᠡ 15 ᠬᠤᠰᠢᠭᠤ ᠰᠢᠶᠠᠨ ᠬᠤᠳᠠ ᠳᠤᠭᠤᠷᠢᠭ᠎ᠢ ᠨᠡᠢ᠌ᠭᠡᠮ᠎ᠤᠨ ᠳᠤᠰᠠᠯᠠᠮᠵᠢ ᠵᠢᠨ ᠶᠡᠷᠦᠩᠭᠡᠢ᠌ᠯᠡᠭᠰᠡᠨ ᠦᠭᠡᠷᠡᠴᠢᠯᠡᠯᠳᠡ ᠵᠢᠨ ᠳᠤᠷᠰᠢᠯᠳᠠ ᠵᠢᠨ ᠴᠢᠭ ᠵᠶ᠋ᠡᠷ ᠳᠤᠭᠳᠠᠭ᠋ᠠᠪᠠ᠃
      ᠠ᠋ᠨᠡ ᠤᠳᠠᠭ᠋ᠠᠨ᠎ᠤ ᠨᠠᠢ᠌ᠭᠡᠮ᠎ᠤᠨ ᠳᠤᠰᠠᠯᠠᠮᠵᠢ ᠵᠢᠨ ᠶᠡᠷᠦᠩᠭᠡᠢ᠌ᠯᠡᠭᠰᠡᠨ ᠦᠭᠡᠷᠡᠴᠢᠯᠡᠯᠳᠡ ᠵᠢᠨ ᠳᠤᠷᠰᠢᠯᠳᠠ ᠵᠢᠨ ᠠᠵᠢᠯ᠎ᠢ ᠨᠢᠭᠡ ᠵᠢᠯ᠎ᠤᠨ ᠬᠤᠭᠤᠴᠠᠭ᠎ᠠ᠎ᠲᠠᠢ ᠶᠠᠪᠤᠭᠳᠠᠭᠤᠯᠵᠤ᠂ ᠳᠤᠷᠰᠢᠯᠳᠠ ᠵᠢᠨ ᠬᠤᠭᠤᠴᠠᠭ᠋ᠠᠨ᠎ᠳᠤ ᠠ᠋ᠳᠡᠭᠡᠷ 15 ᠬᠤᠰᠢᠭᠤ ᠰᠢᠶᠠᠨ ᠬᠤᠳᠠ ᠳᠤᠭᠤᠷᠢᠭ᠎ᠨᠢ ᠨᠡᠢ᠌ᠭᠡᠮ᠎ᠤᠨ ᠳᠤᠰᠠᠠᠯᠠᠮᠵᠢ ᠵᠢᠨ ᠳᠦᠷᠢᠮ᠎ᠢ ᠳᠡᠬᠦᠯᠳᠡᠷᠵᠢᠬᠦᠯᠬᠦ᠂ ᠨᠡᠢ᠌ᠭᠡᠮ᠎ᠤᠨ ᠳᠤᠰᠠᠯᠠᠮᠵᠢ ᠵᠢᠨ ᠠ᠋ᠬᠢ ᠪᠠᠶᠠᠯᠢᠭ᠎ᠢ ᠨᠢᠭᠡᠳᠤᠯᠳᠠᠢ ᠳᠤᠬᠢᠷᠠᠭᠤᠯᠬᠤ ᠵᠢ ᠴᠢᠩᠭ᠋ᠠᠳᠬᠠᠬᠤ᠂ ᠨᠡᠢ᠌ᠭᠡᠮ᠎ᠤᠨ ᠳᠤᠰᠠᠯᠠᠮᠵᠢ ᠵᠢᠨ ᠶᠠᠪᠤᠴᠠ ᠵᠢ ᠰᠢᠯᠢᠳᠡᠭᠵᠢᠬᠦᠯᠬᠦ᠂ ᠨᠡᠢ᠌ᠭᠡᠮ᠎ᠤᠨ ᠳᠤᠰᠠᠯᠠᠮᠵᠢ ᠵᠢᠨ ᠴᠢᠳᠠᠪᠤᠷᠢ ᠵᠢᠨ ᠪᠠᠢ᠌ᠭᠤᠯᠤᠯᠳᠠ ᠪᠤᠯᠤᠨ ᠨᠡᠢ᠌ᠭᠡᠮ᠎ᠤᠨ ᠳᠤᠰᠠᠯᠠᠮᠵᠢ ᠵᠢ ᠬᠢᠨᠠᠯᠳᠠ ᠳᠠᠯᠪᠢᠨ ᠬᠠᠮᠢᠶᠠᠷᠬᠤ ᠵᠢ ᠰᠢᠨᠡᠴᠢᠯᠡᠬᠦ ᠵᠡᠷᠭᠡ ᠳᠠᠪᠤᠨ ᠵᠦᠢ᠍ᠯ᠎ᠳᠤ ᠳᠤᠬᠢᠷᠠᠬᠤᠢ᠌ᠴᠠ ᠠᠷᠭ᠎ᠠ ᠭᠡᠮᠵᠢᠶ᠎ᠡ ᠳᠤᠭᠳᠠᠭ᠋ᠠᠨ ᠭᠡᠷᠡᠭᠵᠢᠬᠦᠯᠬᠦ ᠪᠤᠯᠤᠨ᠎ᠠ᠃ ᠠ᠋ᠬᠦᠨ ᠵᠶ᠋ᠡᠷ ᠳᠠᠮᠵᠢᠨ ᠨᠡᠢ᠌ᠭᠡᠮ᠎ᠤᠨ ᠳᠤᠰᠠᠯᠠᠮᠵᠢ ᠵᠢᠨ ᠡᠯ᠎ᠡ ᠵᠦᠢ᠍ᠯ᠎ᠤᠨ ᠠᠵᠢᠯ᠎ᠢ ᠢᠳᠡᠪᠬᠢᠳᠡᠢ ᠦᠷᠨᠢᠬᠦᠯᠵᠤ᠂ ᠮᠠᠨ᠎ᠤ ᠤᠷᠤᠨ᠎ᠤ ᠨᠡᠢ᠌ᠭᠡᠮ᠎ᠤᠨ ᠳᠤᠰᠠᠯᠠᠮᠵᠢ ᠵᠢᠨ ᠦᠢ᠍ᠯᠡᠰ᠎ᠤᠨ ᠰᠢᠨ᠎ᠠ ᠵᠢ ᠠ᠋ᠬᠦᠳᠤᠨ ᠬᠦᠭᠵᠢᠬᠦ᠎ᠳᠤ ᠵᠤᠬᠢᠴᠠᠬᠤᠢ᠌ᠴᠠ ᠳᠦᠷᠢᠮ ᠳᠤᠭᠳᠠᠭ᠋ᠠᠯ᠂ ᠬᠠᠷᠠᠯᠳᠠ ᠴᠢᠭᠯᠡᠯ᠂ ᠳᠦᠷᠦ ᠵᠢᠨ ᠪᠤᠳᠤᠯᠭ᠎ᠠ᠂ ᠨᠢᠭᠡ ᠪᠦᠯᠦᠭ ᠠᠰᠢᠭᠯᠠᠵᠤ ᠪᠤᠯᠬᠤᠢ᠌ᠴᠠ᠂ ᠳᠡᠯᠭᠡᠷᠡᠬᠦᠯᠵᠤ ᠪᠤᠯᠬᠤᠢ᠌ᠴᠠ ᠠᠷᠭ᠎ᠠ ᠭᠡᠮᠵᠢᠶ᠎ᠡ ᠵᠢ ᠰᠦᠪᠡᠭᠴᠢᠯᠡᠨ ᠳᠤᠭᠳᠠᠭ᠋ᠠᠵᠤ᠂ ᠮᠠᠨ᠎ᠤ ᠤᠷᠤᠨ᠎ᠤ ᠨᠡᠢ᠌ᠭᠡᠮ᠎ᠤᠨ ᠳᠤᠰᠠᠯᠠᠮᠵᠢ ᠵᠢᠨ ᠶᠡᠷᠦᠩᠭᠡᠢ᠌ᠯᠡᠭᠰᠡᠨ ᠦᠭᠡᠷᠡᠴᠢᠯᠡᠯᠳᠡ᠎ᠳᠤ ᠠᠷᠭ᠎ᠠ ᠳᠤᠷᠰᠢᠯᠭ᠎ᠠ ᠬᠠᠩᠭ᠋ᠠᠬᠤ ᠪᠤᠯᠤᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠦᠯᠦᠨ ᠪᠤᠢ᠌ᠷ ᠬᠤᠳᠠ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠠᠳᠠᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠵᠢ ᠪᠠᠶᠠᠯᠡᠬᠦᠯᠪᠡ
ᠬᠦᠯᠦᠨ ᠪᠤᠢ᠌ᠷ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠱᠦᠵᠢ ᠵᠢᠨ 2018 ᠤᠨ᠎ᠳᠤ ᠦᠨᠳᠦᠰᠤᠨ ᠱᠠᠳᠤᠨ᠎ᠤ ᠨᠠᠮ᠎ᠤᠨ ᠪᠠᠢ᠌ᠭᠤᠯᠤᠯᠳᠠ ᠵᠢ ᠠᠳᠬᠤᠭᠰᠠᠨ ᠳᠤᠬᠠᠢ ᠳᠤᠰᠢᠶᠠᠯ᠎ᠤᠨ ᠮᠡᠳᠡᠬᠦᠯᠦᠯᠳᠡ ᠵᠢᠨ ᠬᠤᠷᠠᠯ ᠬᠢᠪᠠ
ᠬᠢᠩᠭ᠋ᠠᠨ ᠠᠢ᠌ᠮᠠᠭ ᠠ᠋ᠷᠡᠭᠦᠯᠵᠢᠯ᠎ᠤᠨ ᠲᠣᠭᠣᠷᠢᠨ ᠵᠤᠭ᠋ᠠᠴᠠᠬᠤ ᠨᠠᠰᠤᠲᠠᠳ᠎ᠢ ᠠᠰᠠᠷᠠᠬᠤ ᠠᠵᠤ ᠦᠢ᠍ᠯᠡᠰ᠎ᠢ ᠬᠦᠭᠵᠢᠬᠦᠯᠬᠦ ᠶᠡᠷᠢᠶᠡᠨ᠎ᠤ ᠳᠠᠪᠴᠠᠩ ᠠ᠋ᠷᠬᠢᠯᠡᠪᠡ
ᠪᠤᠭᠤᠳᠤ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠮᠤᠷ ᠳᠦᠪᠰᠢᠨ᠎ᠤ ᠬᠠᠮᠢᠶᠠᠷᠤᠯᠳᠠ ᠵᠢ ᠪᠠᠢ᠌ᠴᠠᠭ᠋ᠠᠨ ᠵᠢᠯᠤᠭᠤᠳᠪᠠ
ᠤᠯᠠᠭ᠋ᠠᠨᠴᠠᠪ ᠬᠤᠳᠠ ᠳᠦᠷᠦᠯ ᠬᠤᠪᠢᠶᠠᠨ ᠪᠠᠳᠤᠯᠠᠪᠤᠷᠢ ᠤᠯᠭᠤᠬᠤ ᠳᠦᠷᠢᠮ ᠵᠶ᠋ᠠᠨ ᠳᠡᠬᠦᠯᠳᠡᠷᠵᠢᠬᠦᠯᠦᠨ ᠬᠦᠴᠢᠷᠳᠡᠯ᠎ᠲᠠᠢ ᠭᠡᠤᠭᠡᠳ᠎ᠤᠨ ᠠᠮᠢᠳᠤᠷᠠᠯ᠎ᠢ ᠰᠠᠢ᠌ᠵᠢᠷᠠᠭᠤᠯᠵᠠᠢ
 
            