ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠤᠯᠠᠭ᠋ᠠᠨᠴᠠᠪ ᠬᠤᠳᠠ ᠵᠢᠨ ᠤᠳᠤᠷᠢᠳᠤᠯᠭ᠎ᠠ ᠭᠡᠤᠭᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠦᠨᠦᠴᠢᠨ ᠵᠡᠮᠳᠡᠭ ᠭᠡᠤᠭᠡᠳ᠎ᠢ ᠠ᠋ᠷᠬᠢᠨ ᠦᠵᠡᠵᠤ ᠪᠤᠯᠭᠤᠭ᠋ᠠᠪᠠ
ᠨᠡᠶᠢᠲᠡᠯᠡᠭᠰᠡᠨ ᠴᠠᠭ᠄ 2019-01-30

         
      ᠴᠠᠭ᠋ᠠᠨ ᠰᠠᠷ᠎ᠡ ᠬᠦᠷᠴᠤ ᠢᠷᠡᠬᠦ᠎ᠠᠴᠠ ᠠ᠋ᠮᠤᠨᠡᠭᠡᠨ᠂ ᠤᠯᠠᠭ᠋ᠠᠨᠴᠠᠪ ᠬᠤᠳᠠ ᠵᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠳᠠ ᠵᠢᠨ ᠳᠠᠷᠤᠭ᠎ᠠ ᠹᠸᠢ ᠳ᠋ᠦᠩ ᠪᠢᠨ ᠬᠤᠯᠪᠤᠭᠳᠠᠯ ᠪᠦᠬᠦᠢ ᠠᠵᠢᠯᠳᠠᠨ᠎ᠢ ᠳᠠᠭ᠋ᠠᠭᠤᠯᠤᠨ ᠬᠤᠳᠠ ᠵᠢᠨ ᠭᠡᠤᠭᠡᠳ᠎ᠤᠨ ᠠᠰᠠᠷᠠᠮᠵᠢ ᠵᠢᠨ ᠬᠦᠷᠢᠶᠡᠯᠡᠩ᠎ᠳᠤ ᠬᠦᠷᠴᠤ᠂ ᠳᠡᠨᠳᠡᠬᠢ ᠦᠨᠦᠴᠢᠨ ᠵᠡᠮᠳᠡᠭ ᠭᠡᠤᠭᠡᠳ᠎ᠢ ᠠ᠋ᠷᠬᠢᠨ ᠦᠵᠡᠵᠤ ᠪᠤᠯᠭᠤᠭ᠋ᠠᠨ᠂ ᠬᠤᠳᠠ ᠵᠢᠨ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠢ ᠳᠦᠯᠦᠭᠡᠯᠡᠨ ᠦᠨᠦᠴᠢᠨ ᠵᠡᠮᠳᠡᠭ ᠭᠡᠤᠭᠡᠳ᠎ᠲᠤ ᠳᠤᠬᠤᠨᠢᠭᠤᠯᠤᠯ᠎ᠤᠨ ᠵᠤᠭᠤᠰ ᠮᠦᠩᠬᠦ ᠠ᠋ᠳ᠋ ᠪᠤᠳᠠᠰ ᠬᠦᠷᠭᠡᠨ ᠦᠭᠴᠤ᠂ ᠨᠠᠮ ᠵᠠᠰᠠᠭ᠎ᠤᠨ ᠬᠠᠢ᠌ᠷ᠎ᠠ ᠬᠠᠯᠠᠮᠵᠢ ᠵᠢ ᠬᠦᠷᠳᠡᠭᠡᠵᠡᠢ᠃
      ᠤᠯᠠᠭ᠋ᠠᠨᠴᠠᠪ ᠬᠤᠳᠠ ᠵᠢᠨ ᠨᠠᠮ᠎ᠤᠨ ᠬᠤᠷᠢᠶᠠᠨ᠎ᠤ ᠪᠠᠢ᠌ᠩᠭᠤ ᠵᠢᠨ ᠭᠡᠰᠢᠬᠦᠨ᠂ ᠬᠠᠤᠯᠢ ᠴᠠᠭ᠋ᠠᠵᠠ ᠵᠢᠨ ᠬᠤᠷᠢᠶᠠᠨ᠎ᠤ ᠱᠦᠵᠢ ᠰᠢᠶᠤᠤ ᠵᠢᠶᠦᠢ᠍ᠨ᠂ ᠬᠤᠳᠠ ᠵᠢᠨ ᠨᠠᠮ᠎ᠤᠨ ᠬᠤᠷᠢᠶᠠᠨ᠎ᠤ ᠪᠠᠢ᠌ᠩᠭᠤ ᠵᠢᠨ ᠭᠡᠰᠢᠬᠦᠨ᠂ ᠬᠤᠳᠠ ᠵᠢᠨ ᠳᠡᠳ᠋ ᠳᠠᠷᠤᠭ᠎ᠠ ᠬᠦᠸᠸ ᠵᠢᠩ᠂ ᠬᠤᠳᠠ ᠵᠢᠨ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠩᠭᠤ ᠵᠢᠨ ᠬᠤᠷᠢᠶ᠎ᠠ ᠵᠢᠨ ᠳᠡᠳ᠋ ᠠ᠋ᠷᠬᠢᠯᠡᠭᠴᠢ ᠵᠠᠢ ᠴᠸᠨ ᠸᠸᠨ᠂ ᠬᠤᠳᠠ ᠵᠢᠨ ᠤᠯᠤᠰ ᠳᠦᠷᠦ ᠵᠢᠨ ᠵᠦᠪᠯᠡᠯᠭᠡᠨ᠎ᠤ ᠳᠡᠳ᠋ ᠳᠡᠷᠢᠬᠦᠯᠡᠭᠴᠢ ᠶᠠᠨ ᠢᠦᠢ ᠳ᠋ᠦᠩ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ ᠳᠤᠬᠤᠨᠢᠭᠤᠯᠬᠤ ᠠᠵᠢᠯᠯᠠᠭ᠎ᠠ᠎ᠳᠤ ᠤᠷᠤᠯᠴᠠᠵᠠᠢ᠃


ᠢᠷᠡᠯᠲᠡ᠄
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ ᠬᠤᠳᠠ ᠬᠦᠳᠡᠭᠡ ᠵᠢᠨ ᠬᠦᠴᠢᠷᠳᠡᠯ᠎ᠲᠠᠢ ᠤᠯᠠᠨ ᠳᠦᠮᠡᠨ᠎ᠳᠤ ᠨᠢᠭᠡ ᠤᠳᠠᠭ᠋ᠠᠨ᠎ᠤ ᠴᠢᠨᠠᠷ ᠪᠦᠬᠦᠢ ᠠᠮᠢᠳᠤᠷᠠᠯ᠎ᠤᠨ ᠨᠦᠬᠦᠪᠤᠷᠢ ᠦᠭᠪᠡ
ᠤᠯᠠᠭ᠋ᠠᠨᠴᠠᠪ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ 2018 ᠤᠨ᠎ᠤ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠴᠢᠨᠠᠷ᠎ᠢ ᠳᠡᠭᠡᠭᠰᠢᠯᠡᠬᠦᠯᠦᠭᠰᠡᠨ ᠠᠵᠢᠯ᠎ᠢ ᠰᠢᠯᠭ᠋ᠠᠨ ᠦᠨᠡᠯᠡᠪᠡ
ᠯᠢ ᠺᠸ ᠴᠢᠶᠠᠩ᠄ ᠳᠤᠮᠳᠠᠳᠤ ᠤᠯᠤᠰ᠎ᠲᠤ ᠢᠷᠡᠵᠤ ᠠᠵᠢᠯᠯᠠᠵᠤ ᠠᠮᠢᠳᠤᠷᠠᠵᠤ ᠪᠠᠢ᠌ᠭ᠎ᠠ ᠭᠠᠳᠠᠭ᠋ᠠᠳᠤ ᠵᠢᠨ ᠬᠦᠮᠤᠰ᠎ᠲᠤ ᠤᠯᠠᠮ ᠰᠠᠢ᠌ᠨ ᠨᠦᠬᠦᠴᠡᠯ ᠬᠠᠩᠭ᠋ᠠᠵᠤ ᠳᠦᠬᠦᠮ ᠦᠵᠡᠬᠦᠯᠦᠨ᠎ᠡ ᠭᠡᠪᠡ
ᠰᠦᠨ ᠴᠦᠨ ᠯᠠᠨ᠄ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠦᠢ᠍ᠯᠡᠴᠢᠯᠡᠭᠡ ᠪᠠᠳᠤᠯᠠᠭ᠎ᠠ ᠵᠢᠨ ᠰᠢᠰᠲᠸᠮ᠎ᠤᠨ ᠪᠠᠢ᠌ᠭᠤᠯᠤᠯᠳᠠ ᠵᠢ ᠳᠦᠷᠭᠡᠳᠭᠡᠬᠦ ᠭᠡᠷᠡᠭᠳᠡᠢ ᠭᠡᠪᠡ
ᠬᠤ᠌ ᠴᠦᠨ ᠬᠤᠸᠠ᠄ ᠠᠮᠢᠳᠤᠷᠠᠯ᠎ᠤᠨ ᠪᠤᠵᠠᠷ ᠤᠰᠤᠨ᠎ᠤ ᠵᠠᠰᠠᠯᠳᠠ ᠵᠢ ᠴᠢᠩᠭ᠋ᠠᠳᠬᠠᠬᠤ ᠪᠠ ᠬᠦᠳᠡᠭᠡ ᠳᠤᠰᠬᠤᠨ᠎ᠤ ᠵᠤᠷᠯᠤᠩ᠎ᠤᠨ ᠦᠭᠡᠷᠡᠴᠢᠯᠡᠯᠳᠡ ᠵᠢ ᠠᠬᠢᠭᠤᠯᠬᠤ ᠵᠢ ᠳᠦᠷᠭᠡᠳᠭᠡᠬᠦ ᠭᠡᠷᠡᠭᠳᠡᠢ ᠭᠡᠪᠡ
 
            