ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠬᠦᠯᠦᠨ ᠪᠤᠢ᠌ᠷ ᠬᠤᠳᠠ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠠᠳᠠᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠵᠢ ᠪᠠᠶᠠᠯᠡᠬᠦᠯᠪᠡ
ᠨᠡᠶᠢᠲᠡᠯᠡᠭᠰᠡᠨ ᠴᠠᠭ᠄ 2019-01-14

           
     2018 ᠤᠨ᠎ᠤ 12 ᠳ᠋ᠤᠭ᠋ᠠᠷ ᠰᠠᠷ᠎ᠠ᠎ᠳᠤ᠂ ᠠᠷᠠᠳ᠎ᠤᠨ ᠶᠠᠪᠤᠳᠠᠯ᠎ᠤᠨ ᠶᠠᠮᠤᠨ ᠪᠤᠯᠤᠨ ᠳᠤᠮᠳᠠᠳᠤ ᠤᠯᠤᠰ᠎ᠤᠨ ᠵᠡᠮᠳᠡᠭᠴᠤᠳ᠎ᠤᠨ ᠬᠤᠯᠪᠤᠭ᠎ᠠ ᠬᠠᠮᠳᠤᠷᠠᠨ ᠮᠠᠨ᠎ᠤ ᠤᠷᠤᠨ᠎ᠢ ᠪᠦᠬᠦ ᠤᠯᠤᠰ᠎ᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠮᠡᠳᠡᠭᠡ ᠵᠠᠩᠬᠢ ᠵᠢᠨ ᠰᠢᠰᠲᠸᠮ᠎ᠢ ᠠᠰᠢᠭᠯᠠᠬᠤ ᠠᠩᠬᠠᠳᠠᠭᠴᠢ ᠮᠤᠵᠢ ᠤᠷᠤᠨ ᠵᠶ᠋ᠡᠷ ᠳᠤᠭᠳᠠᠭ᠋ᠠᠵᠠᠢ᠃ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢ ᠤᠨᠤᠴᠢᠳᠠᠢ ᠳᠤᠭᠳᠠᠭ᠋ᠠᠬᠤ ᠪᠠ ᠬᠠᠮᠢᠶᠠᠷᠤᠯᠳᠠ ᠵᠢ ᠨᠠᠷᠢᠯᠢᠭᠵᠢᠭᠤᠯᠬᠤ ᠵᠢᠨ ᠳᠤᠯᠠᠳᠠ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ ᠪᠤᠯᠤᠨ ᠦᠪᠡᠷᠳᠡᠭᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠬᠠᠮᠳᠤᠷᠠᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠮᠡᠳᠡᠭᠡ ᠵᠠᠩᠬᠢ ᠵᠢᠨ ᠰᠢᠰᠲᠸᠮ᠎ᠢ ᠠᠰᠢᠭᠯᠠᠬᠤ ᠪᠤᠯᠪᠠᠰᠤᠷᠠᠯ᠎ᠤᠨ ᠠᠩᠬᠢ ᠠ᠋ᠷᠬᠢᠯᠡᠬᠦ᠎ᠠᠴᠠ ᠭᠠᠷᠳᠠᠨ ᠡᠯ᠎ᠡ ᠠᠢ᠌ᠮᠠᠭ ᠬᠤᠳᠠ ᠳᠠᠷᠤᠢ ᠳᠦᠷᠭᠡᠨ ᠬᠦᠳᠡᠯᠦᠯᠴᠡᠵᠤ᠂ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢᠨ ᠮᠡᠳᠡᠭᠡ ᠵᠠᠩᠬᠢ ᠵᠢ ᠰᠢᠩᠭᠡᠭᠡᠨ ᠤᠷᠤᠭᠤᠯᠬᠤ ᠠᠵᠢᠯ᠎ᠢ ᠳᠤᠭᠳᠠᠭᠰᠠᠨ ᠴᠠᠭ᠎ᠲᠤ᠎ᠪᠠᠨ ᠪᠡᠶᠡᠯᠡᠬᠦᠯᠬᠦ ᠵᠢ ᠱᠠᠭ᠋ᠠᠷᠳᠠᠪᠠ᠃ ᠬᠦᠯᠦᠨ ᠪᠤᠢ᠌ᠷ ᠬᠤᠳᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠳᠠᠷᠤᠢ ᠳᠦᠷᠭᠡᠨ ᠬᠦᠳᠡᠯᠦᠯᠴᠡᠵᠤ᠂ ᠤᠳᠤ ᠪᠦᠬᠦ ᠬᠤᠳᠠ ᠵᠢᠨ 12 ᠬᠤᠰᠢᠭᠤ ᠬᠤᠳᠠ ᠳᠤᠭᠤᠷᠢᠭ᠎ᠤᠨ 142 ᠰᠤᠮᠤ ᠰᠢᠶᠠᠩ ᠪᠠᠯᠭ᠋ᠠᠰᠤ᠂ ᠵᠡᠭᠡᠯᠢ ᠭᠤᠳᠤᠮᠵᠢ ᠵᠢᠨ ᠭᠡᠷᠡᠭ ᠠ᠋ᠷᠬᠢᠯᠡᠬᠦ ᠭᠠᠵᠠᠷ᠎ᠤᠨ᠎ᠬᠢᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢᠨ ᠮᠡᠳᠡᠭᠡ ᠵᠠᠩᠬᠢ ᠵᠢ ᠰᠢᠩᠭᠡᠭᠡᠨ ᠤᠷᠤᠭᠤᠯᠬᠤ ᠠᠵᠢᠯ ᠵᠶ᠋ᠠᠨ ᠨᠢᠭᠡᠨᠳᠡ ᠪᠡᠶᠡᠯᠡᠬᠦᠯᠦᠭᠰᠡᠨ ᠪᠠᠢ᠌ᠨ᠎ᠠ᠃
      ᠬᠦᠯᠦᠨ ᠪᠤᠢ᠌ᠷ ᠬᠤᠳᠠ ᠵᠢᠨ ᠠᠰᠠᠷᠠᠮᠵᠢ ᠵᠢᠨ ᠰᠢᠰᠲᠸᠮ᠎ᠤᠨ ᠠᠵᠢᠯᠳᠠᠨ ᠴᠠᠭ ᠪᠠᠴᠢᠮ ᠠ᠋ᠬᠦᠷᠭᠡ ᠬᠦᠨᠳᠤ᠂ ᠰᠦᠯᠵᠢᠶᠡᠨ᠎ᠤ ᠳᠤᠬᠢᠶ᠎ᠠ ᠠᠨᠠᠢ᠂ ᠤᠷᠤᠨ ᠬᠤᠪᠢᠶᠡᠷᠢᠯᠡᠯ᠎ᠤᠨ ᠳᠦᠯᠦᠭᠡᠨ᠎ᠤ ᠳ᠋ᠤᠭ᠋ᠠᠷ ᠦᠭᠡᠢ ᠵᠡᠷᠭᠡ ᠬᠦᠴᠢᠷᠳᠡᠯ᠎ᠲᠠᠢ ᠪᠠᠢ᠌ᠳᠠᠯ ᠳᠣᠣᠷ᠎ᠠ᠂ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢᠨ ᠮᠡᠳᠡᠭᠡ ᠵᠠᠩᠬᠢ ᠵᠢ ᠰᠢᠩᠭᠡᠭᠡᠨ ᠤᠷᠤᠭᠤᠯᠬᠤ ᠠᠵᠢᠯ ᠵᠶ᠋ᠡᠨ ᠠᠬᠢᠭᠤᠯᠵᠠᠢ᠃ ᠪᠤᠳᠠᠳᠠᠢ ᠠᠵᠢᠯ᠎ᠤᠨ ᠳᠤᠮᠳᠠ᠂ ᠨᠢᠭᠡ᠎ᠳᠤ ᠳᠡᠷᠤᠢ ᠳᠦᠷᠭᠡᠨ ᠬᠦᠳᠡᠯᠦᠯᠴᠡᠵᠤ᠂ ᠵᠢᠷᠬᠢᠶ᠎ᠠ ᠵᠢᠨ ᠠᠵᠢᠯ᠎ᠤᠨ ᠳᠠᠪᠴᠠᠩ ᠪᠠᠢ᠌ᠭᠤᠯᠤᠨ᠂ ᠬᠠᠷᠢᠯᠴᠠᠨ ᠳᠤᠷᠰᠢᠯᠭ᠎ᠠ᠎ᠪᠠᠨ ᠰᠤᠯᠢᠯᠴᠠᠵᠤ᠂ ᠪᠤᠳᠤᠯᠢᠶᠠᠨᠳᠠᠢ ᠠᠰᠠᠭᠤᠳᠠᠯ᠎ᠢ ᠵᠦᠪᠳᠡᠯᠴᠡᠨ ᠰᠢᠢ᠍ᠳᠪᠤᠷᠯᠡᠵᠤ᠂ ᠰᠢᠩᠭᠡᠭᠡᠨ ᠤᠷᠤᠭᠤᠯᠬᠤ ᠦᠷ᠎ᠡ ᠪᠦᠳᠦᠮᠵᠢ᠎ᠪᠠᠨ ᠳᠡᠭᠡᠭᠰᠢᠯᠡᠬᠦᠯᠵᠡᠢ; ᠬᠤᠶᠠᠷ᠎ᠲᠤ᠂ ᠨᠠᠷᠢᠨ ᠨᠢᠮᠪᠠᠢ ᠪᠠᠢ᠌ᠷᠢᠯᠠᠭᠤᠯᠵᠤ᠂ 12 ᠬᠤᠰᠢᠭᠤ ᠬᠤᠳᠠ ᠳᠤᠭᠤᠷᠢᠭ᠎ᠢ ᠱᠠᠭ᠋ᠠᠷᠳᠠᠨ ᠬᠠᠷᠢᠶ᠎ᠠ ᠰᠤᠮᠤ ᠰᠢᠶᠠᠩ ᠪᠠᠯᠭ᠋ᠠᠰᠤ᠂ ᠵᠡᠭᠡᠯᠢ ᠭᠤᠳᠤᠮᠵᠢ ᠵᠢᠨ ᠭᠡᠷᠡᠭ ᠠ᠋ᠷᠬᠢᠯᠡᠬᠦ ᠭᠠᠵᠠᠷ᠎ᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢᠨ ᠮᠡᠳᠡᠭᠡ ᠵᠠᠩᠬᠢ ᠵᠢ ᠰᠢᠩᠭᠡᠭᠡᠨ ᠤᠷᠤᠭᠤᠯᠬᠤ ᠠᠵᠢᠯᠳᠠᠨ᠎ᠢ ᠪᠤᠯᠪᠠᠰᠤᠷᠠᠭᠤᠯᠵᠤ᠂ ᠠ᠋ᠬᠦᠷᠭᠡ᠎ᠪᠠᠨ ᠳᠤᠭᠳᠠᠭᠰᠠᠨ ᠴᠠᠭ᠎ᠲᠤ᠎ᠪᠠᠨ ᠪᠡᠶᠡᠯᠡᠬᠦᠯᠬᠦ ᠵᠢ ᠪᠠᠳᠤᠯᠠᠵᠠᠢ; ᠭᠤᠷᠪᠠ᠎ᠳᠤ᠂ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠪᠤᠯᠤᠨ ᠵᠡᠮᠳᠡᠭᠴᠤᠳ᠎ᠤᠨ ᠬᠤᠯᠪᠤᠭ᠎ᠠ ᠬᠠᠮᠳᠤᠷᠠᠨ ᠪᠢᠴᠢᠭ ᠮᠠᠲᠸᠷᠢᠶᠠᠯ ᠪᠠᠭᠤᠯᠭ᠋ᠠᠵᠤ᠂ ᠠ᠋ᠬᠦᠷᠭᠡ ᠬᠠᠷᠢᠭᠤᠴᠠᠯᠭ᠎ᠠ ᠵᠢ ᠳᠤᠳᠤᠷᠬᠠᠢ᠌ᠯᠠᠨ᠂ ᠮᠡᠳᠡᠭᠡ ᠵᠠᠩᠬᠢ ᠵᠢ ᠬᠠᠮᠳᠤ᠎ᠪᠠᠷ ᠠ᠋ᠳ᠋ᠯᠡᠬᠦ ᠵᠢ ᠴᠢᠩᠭ᠋ᠠᠳᠬᠠᠵᠤ᠂ ᠵᠡᠮᠳᠡᠭᠴᠤᠳ᠎ᠤᠨ ᠳ᠋ᠠᠢ᠌ᠲ᠋ᠠ᠎ᠳᠠᠬᠢ ᠵᠡᠮᠳᠡᠭ ᠬᠦᠮᠦᠨ᠎ᠤ ᠠᠵᠤ ᠠᠬᠤᠢ ᠵᠢᠨ ᠪᠠᠢ᠌ᠳᠠᠯ᠂ ᠤᠪᠤᠭ ᠨᠡᠷ᠎ᠡ ᠵᠢ ᠦᠨᠠᠨ ᠪᠤᠳᠠᠳᠠᠢ ᠪᠠᠢ᠌ᠯᠭ᠋ᠠᠬᠤ ᠵᠢ ᠪᠠᠳᠤᠯᠠᠵᠠᠢ; ᠳᠦᠷᠪᠡ᠎ᠳᠤ᠂ ᠳ᠋ᠠᠢ᠌ᠲ᠋ᠠ ᠵᠢ ᠬᠠᠷᠭᠤᠭᠤᠯᠬᠤ᠎ᠪᠠᠨ ᠴᠢᠩᠭ᠋ᠠᠳᠬᠠᠵᠤ᠂ ᠬᠦᠴᠢᠷᠳᠡᠯ᠎ᠤᠨ ᠪᠠᠢ᠌ᠳᠠᠯ᠂ ᠵᠡᠮᠳᠡᠭ᠎ᠤᠨ ᠳᠡᠰ᠎ᠤᠨ ᠬᠤᠪᠢᠷᠠᠯ᠂ ᠠ᠋ᠷᠦᠭᠡ ᠠᠮᠠᠨ ᠰᠢᠯᠵᠢᠯᠳᠡ᠂ ᠨᠠᠰᠤ ᠪᠠᠷᠠᠭᠰᠠᠨ ᠵᠡᠷᠭᠡ ᠰᠢᠯᠳᠠᠭ᠋ᠠᠨ᠎ᠠᠴᠠ ᠪᠤᠯᠤᠭᠰᠠᠨ ᠬᠤᠪᠢᠷᠠᠯᠳᠠ ᠵᠢ ᠴᠠᠭ ᠳᠠᠷᠤᠢ᠎ᠳᠤ᠎ᠨᠢ ᠡᠵᠡᠮᠰᠢᠨ᠂ ᠰᠢᠰᠲᠸᠮ᠎ᠳᠤ ᠤᠨᠤᠪᠴᠢᠳᠠᠢ ᠰᠢᠩᠭᠡᠭᠡᠨ ᠤᠷᠤᠭᠤᠯᠬᠤ ᠵᠢ ᠪᠠᠳᠤᠯᠠᠵᠠᠢ᠃


ᠢᠷᠡᠯᠲᠡ᠄
          
ᠬᠠᠮᠢᠶ᠎ᠡ ᠪᠦᠬᠦᠢ ᠰᠣᠨᠢᠨ
ᠬᠦᠯᠦᠨ ᠪᠤᠢ᠌ᠷ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠱᠦᠵᠢ ᠵᠢᠨ 2018 ᠤᠨ᠎ᠳᠤ ᠦᠨᠳᠦᠰᠤᠨ ᠱᠠᠳᠤᠨ᠎ᠤ ᠨᠠᠮ᠎ᠤᠨ ᠪᠠᠢ᠌ᠭᠤᠯᠤᠯᠳᠠ ᠵᠢ ᠠᠳᠬᠤᠭᠰᠠᠨ ᠳᠤᠬᠠᠢ ᠳᠤᠰᠢᠶᠠᠯ᠎ᠤᠨ ᠮᠡᠳᠡᠬᠦᠯᠦᠯᠳᠡ ᠵᠢᠨ ᠬᠤᠷᠠᠯ ᠬᠢᠪᠠ
ᠬᠢᠩᠭ᠋ᠠᠨ ᠠᠢ᠌ᠮᠠᠭ ᠠ᠋ᠷᠡᠭᠦᠯᠵᠢᠯ᠎ᠤᠨ ᠲᠣᠭᠣᠷᠢᠨ ᠵᠤᠭ᠋ᠠᠴᠠᠬᠤ ᠨᠠᠰᠤᠲᠠᠳ᠎ᠢ ᠠᠰᠠᠷᠠᠬᠤ ᠠᠵᠤ ᠦᠢ᠍ᠯᠡᠰ᠎ᠢ ᠬᠦᠭᠵᠢᠬᠦᠯᠬᠦ ᠶᠡᠷᠢᠶᠡᠨ᠎ᠤ ᠳᠠᠪᠴᠠᠩ ᠠ᠋ᠷᠬᠢᠯᠡᠪᠡ
ᠪᠤᠭᠤᠳᠤ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠮᠤᠷ ᠳᠦᠪᠰᠢᠨ᠎ᠤ ᠬᠠᠮᠢᠶᠠᠷᠤᠯᠳᠠ ᠵᠢ ᠪᠠᠢ᠌ᠴᠠᠭ᠋ᠠᠨ ᠵᠢᠯᠤᠭᠤᠳᠪᠠ
ᠤᠯᠠᠭ᠋ᠠᠨᠴᠠᠪ ᠬᠤᠳᠠ ᠳᠦᠷᠦᠯ ᠬᠤᠪᠢᠶᠠᠨ ᠪᠠᠳᠤᠯᠠᠪᠤᠷᠢ ᠤᠯᠭᠤᠬᠤ ᠳᠦᠷᠢᠮ ᠵᠶ᠋ᠠᠨ ᠳᠡᠬᠦᠯᠳᠡᠷᠵᠢᠬᠦᠯᠦᠨ ᠬᠦᠴᠢᠷᠳᠡᠯ᠎ᠲᠠᠢ ᠭᠡᠤᠭᠡᠳ᠎ᠤᠨ ᠠᠮᠢᠳᠤᠷᠠᠯ᠎ᠢ ᠰᠠᠢ᠌ᠵᠢᠷᠠᠭᠤᠯᠵᠠᠢ
ᠤᠯᠠᠭ᠋ᠠᠨᠴᠠᠪ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠱᠦᠵᠢ ᠵᠢᠨ 2018 ᠤᠨ᠎ᠳᠤ ᠦᠨᠳᠦᠰᠤᠨ ᠱᠠᠳᠤᠨ᠎ᠤ ᠨᠠᠮ᠎ᠤᠨ ᠪᠠᠢ᠌ᠭᠤᠯᠤᠯᠳᠠ ᠵᠢ ᠬᠡᠷᠬᠢᠨ ᠠᠳᠬᠤᠭᠰᠠᠨ ᠳᠤᠬᠠᠢ ᠳᠤᠰᠢᠶᠠᠯ᠎ᠤᠨ ᠮᠡᠳᠡᠬᠦᠯᠦᠯᠳᠡ ᠵᠢᠨ ᠬᠤᠷᠠᠯ ᠬᠢᠪᠠ
 
            