ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠪᠤᠭᠤᠳᠤ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠬᠤᠳᠠ ᠪᠠᠯᠭ᠋ᠠᠰᠤᠨ᠎ᠤ ᠨᠡᠢ᠌ᠭᠡᠮ ᠳᠤᠭᠤᠷᠢᠭ᠎ᠤᠨ ᠠᠵᠢᠯᠳᠠᠨ᠎ᠤ ᠳᠤᠬᠠᠢ᠌ᠯᠠᠭᠰᠠᠨ ᠠᠵᠢᠯ᠎ᠤᠨ ᠪᠤᠯᠪᠠᠰᠤᠷᠠᠯ᠎ᠤᠨ ᠠᠩᠬᠢ ᠠ᠋ᠷᠬᠢᠯᠡᠵᠡᠢ
ᠨᠡᠶᠢᠲᠡᠯᠡᠭᠰᠡᠨ ᠴᠠᠭ᠄ 2019-01-21

             
      ᠪᠤᠭᠤᠳᠤ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ 1 ᠳ᠋ᠤᠭᠡᠷ ᠰᠠᠷ᠎ᠠ ᠵᠢᠨ 10᠎ᠤ ᠠ᠋ᠳᠤᠷ᠎ᠠᠴᠠ 11᠎ᠤ ᠠ᠋ᠳᠤᠷ ᠪᠤᠯᠳᠠᠯ᠎ᠠ᠂ 2019 ᠤᠨ᠎ᠤ ᠪᠦᠬᠦ ᠬᠤᠳᠠ ᠵᠢᠨ ᠬᠤᠳᠠ ᠪᠠᠯᠭ᠋ᠠᠰᠤᠨ᠎ᠤ ᠨᠡᠢ᠌ᠭᠡᠮ ᠳᠤᠭᠤᠷᠢᠭ᠎ᠤᠨ ᠠᠵᠢᠯᠳᠠᠨ᠎ᠤ ᠳᠤᠬᠠᠢ᠌ᠯᠠᠭᠰᠠᠨ ᠠᠵᠢᠯ᠎ᠤᠨ ᠪᠤᠯᠪᠠᠰᠤᠷᠠᠯ᠎ᠤᠨ ᠠᠩᠬᠢ ᠠ᠋ᠷᠬᠢᠯᠡᠵᠤ᠂ ᠪᠦᠬᠦ ᠬᠤᠳᠠ ᠵᠢᠨ 10 ᠬᠤᠰᠢᠭᠤ ᠰᠢᠶᠠᠨ ᠳᠤᠭᠤᠷᠢᠭ᠎ᠤᠨ 272 ᠨᠡᠷ᠎ᠡ ᠨᠡᠢ᠌ᠭᠡᠮ ᠳᠤᠭᠤᠷᠢᠭ᠎ᠤᠨ ᠠᠵᠢᠯᠳᠠᠨ᠎ᠳᠤ ᠳᠤᠬᠠᠢ᠌ᠯᠠᠬᠰᠠᠨ ᠠᠵᠢᠯ᠎ᠤᠨ ᠮᠡᠷᠭᠡᠵᠢᠯ᠎ᠤᠨ ᠪᠤᠯᠪᠠᠰᠤᠷᠠᠯ ᠬᠦᠷᠳᠡᠭᠡᠵᠡᠢ᠃
      ᠪᠤᠯᠪᠠᠰᠤᠷᠠᠯ᠎ᠤᠨ ᠬᠤᠭᠤᠴᠠᠭ᠋ᠠᠨ᠎ᠳᠤ᠂ ᠬᠤᠳᠠ ᠵᠢᠨ ᠬᠤᠳᠠ ᠬᠦᠳᠡᠭᠡ ᠨᠡᠢ᠌ᠭᠡᠮ ᠳᠤᠭᠤᠷᠢᠭ᠎ᠤᠨ ᠪᠦᠳᠦᠭᠡᠨ ᠪᠠᠢ᠌ᠭᠤᠯᠤᠯᠳᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ᠎ᠬᠢᠨ ᠠ᠋ᠷᠳᠡᠮᠳᠡᠨ ᠮᠡᠷᠭᠡᠵᠢᠯᠳᠡᠨ ᠤᠷᠢᠨ ᠵᠠᠯᠠᠵᠤ᠂ ᠳᠦᠷᠦ ᠵᠢᠨ ᠪᠤᠳᠤᠯᠭ᠎ᠠ᠎ᠪᠠᠷ ᠵᠢᠯᠤᠭᠤᠳᠤᠮᠵᠢ ᠪᠤᠯᠭ᠋ᠠᠬᠤ ᠵᠢ ᠬᠦᠨᠵᠡᠭᠡᠢ᠌ᠷᠡᠬᠦᠯᠵᠤ ᠨᠡᠢ᠌ᠭᠡᠮ ᠳᠤᠭᠤᠷᠢᠭ᠎ᠤᠨ ᠵᠠᠰᠠᠯᠳᠠ ᠪᠠ ᠦᠢ᠍ᠯᠡᠴᠢᠯᠡᠭᠡᠨ᠎ᠤ ᠰᠢᠨᠡᠴᠢᠯᠡᠯᠲᠡ ᠵᠢ ᠴᠢᠩᠭ᠋ᠠᠳᠬᠠᠬᠤ᠂ ᠨᠡᠢ᠌ᠭᠡᠮ᠎ᠤᠨ ᠠᠰᠠᠷᠠᠮᠵᠢ ᠵᠢᠨ ᠠᠵᠢᠯ᠎ᠢ ᠤᠯᠠᠨ ᠳᠠᠪᠬᠤᠷᠭ᠎ᠠ ᠤᠯᠠᠨ ᠳᠠᠯ᠎ᠠ᠎ᠠᠴᠠ ᠰᠤᠳᠤᠯᠬᠤ᠂ ᠬᠤᠳᠠ ᠪᠠᠯᠭ᠋ᠠᠰᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠤᠯᠭᠤᠬᠤ ᠬᠦᠮᠤᠰ᠎ᠢ ᠨᠣᠲᠠᠯᠠᠨ ᠳᠤᠭᠳᠠᠭ᠋ᠠᠬᠤ ᠠᠷᠭ᠎ᠠ ᠪᠠᠷᠢᠮᠵᠢᠶ᠎ᠠ ᠵᠢᠴᠢ ᠬᠤᠯᠪᠤᠭᠳᠠᠯ ᠪᠦᠬᠦᠢ ᠳᠦᠷᠦ ᠵᠢᠨ ᠪᠤᠳᠤᠯᠭ᠎ᠠ ᠵᠡᠷᠭᠡ ᠳᠡᠯ᠎ᠡ᠎ᠪᠠᠷ ᠨᠠᠷᠢᠨ ᠳᠠᠢ᠌ᠯᠤᠮᠵᠢ ᠬᠢᠯᠭᠡᠵᠡᠢ᠃ ᠳᠤᠬᠠᠢ᠌ᠯᠠᠭᠰᠠᠨ ᠠᠵᠢᠯ᠎ᠤᠨ ᠤᠨᠤᠯ ᠮᠡᠳᠡᠯᠭᠡ ᠵᠢ ᠰᠤᠷᠤᠯᠴᠠᠭᠤᠯᠬᠤ ᠪᠠ ᠳᠡᠷᠢᠬᠦᠨ᠎ᠤ ᠳᠤᠷᠰᠢᠯᠭ᠎ᠠ᠎ᠪᠠᠨ ᠳᠠᠨᠢᠯᠴᠠᠭᠤᠯᠬᠤ᠂ ᠳᠤᠬᠠᠢ ᠵᠢᠨ ᠭᠠᠵᠠᠷ ᠵᠶ᠋ᠡᠷ᠎ᠨᠢ ᠳᠤᠭᠤᠷᠢᠨ ᠰᠤᠷᠤᠯᠴᠠᠭᠤᠯᠬᠤ ᠵᠢ ᠤᠶᠠᠯᠳᠤᠭᠤᠯᠤᠨ ᠪᠤᠯᠪᠠᠰᠤᠷᠠᠯ ᠬᠦᠷᠳᠡᠭᠡᠵᠡᠢ᠃
      ᠪᠤᠯᠪᠠᠰᠤᠷᠠᠯ ᠵᠶ᠋ᠡᠷ ᠳᠡᠮᠵᠢᠨ ᠨᠡᠢ᠌ᠭᠡᠮ ᠳᠤᠭᠤᠷᠢᠭ᠎ᠤᠨ ᠠᠵᠢᠯᠳᠠᠨ᠎ᠤ ᠠᠵᠢᠯ᠎ᠤᠨ ᠰᠡᠳᠬᠢᠴᠡ᠂ ᠠ᠋ᠬᠦᠷᠭᠡ᠂ ᠬᠠᠷᠠᠯᠳᠠ ᠵᠢ ᠤᠯᠠᠮ ᠳᠤᠳᠤᠷᠬᠠᠢ ᠪᠤᠯᠭ᠋ᠠᠨ᠂ ᠳᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠳᠡᠭᠡᠭᠰᠢᠯᠡᠬᠦᠯᠵᠤ᠂ ᠳᠠᠷᠠᠭ᠋ᠠᠴᠢ ᠵᠢᠨ ᠠᠷᠠᠳ᠎ᠤᠨ ᠶᠠᠪᠤᠳᠠᠯ᠎ᠤᠨ ᠳᠤᠬᠠᠢ᠌ᠯᠠᠭᠰᠠᠨ ᠠᠵᠢᠯ ᠵᠶ᠋ᠡᠨ ᠰᠠᠢ᠌ᠳᠤᠷ ᠬᠢᠬᠦ᠎ᠳᠤ ᠰᠠᠢ᠌ᠨ ᠰᠠᠭᠤᠷᠢ ᠳᠠᠯᠪᠢᠭᠰᠠᠨ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠳᠢᠩᠬᠢᠮ ᠬᠦᠬᠡᠬᠤᠳᠠ ᠵᠢᠨ ᠳᠡᠷᠭᠡᠨ ᠦᠷᠳᠡᠭᠡᠨ᠎ᠤ ᠵᠡᠬᠦᠨ ᠵᠠᠮ᠎ᠤᠨ ᠨᠡᠢ᠌ᠭᠡᠮ ᠳᠤᠭᠤᠷᠢᠭ᠎ᠤᠨ ᠨᠠᠮ᠎ᠤᠨ ᠬᠤᠷᠢᠶ᠎ᠠ᠎ᠲᠠᠢ ᠬᠠᠮᠳᠤᠷᠠᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ 《ᠬᠠᠢ᠌ᠷ᠎ᠡ ᠬᠠᠯᠠᠮᠵᠢ ᠬᠦᠷᠭᠡᠬᠦ》 ᠭᠤᠤᠯ ᠰᠡᠳᠤᠪᠳᠤ ᠨᠠᠮ᠎ᠤᠨ ᠠ᠋ᠳᠤᠷ᠎ᠤᠨ ᠠᠵᠢᠯᠯᠠᠭ᠎ᠠ ᠦᠷᠨᠢᠬᠦᠯᠵᠡᠢ
ᠤᠯᠠᠭ᠋ᠠᠨᠴᠠᠪ ᠬᠤᠳᠠ ᠵᠢᠨ ᠤᠳᠤᠷᠢᠳᠤᠯᠭ᠎ᠠ ᠭᠡᠤᠭᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠦᠨᠦᠴᠢᠨ ᠵᠡᠮᠳᠡᠭ ᠭᠡᠤᠭᠡᠳ᠎ᠢ ᠠ᠋ᠷᠬᠢᠨ ᠦᠵᠡᠵᠤ ᠪᠤᠯᠭᠤᠭ᠋ᠠᠪᠠ
ᠠᠯᠠᠱ᠌ᠠ ᠠᠢ᠌ᠮᠠᠭ ᠬᠤᠳᠠ ᠬᠦᠳᠡᠭᠡ ᠵᠢᠨ ᠬᠦᠴᠢᠷᠳᠡᠯ᠎ᠲᠠᠢ ᠤᠯᠠᠨ ᠳᠦᠮᠡᠨ᠎ᠳᠤ ᠨᠢᠭᠡ ᠤᠳᠠᠭ᠋ᠠᠨ᠎ᠤ ᠴᠢᠨᠠᠷ ᠪᠦᠬᠦᠢ ᠠᠮᠢᠳᠤᠷᠠᠯ᠎ᠤᠨ ᠨᠦᠬᠦᠪᠤᠷᠢ ᠦᠭᠪᠡ
ᠤᠯᠠᠭ᠋ᠠᠨᠴᠠᠪ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ 2018 ᠤᠨ᠎ᠤ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠴᠢᠨᠠᠷ᠎ᠢ ᠳᠡᠭᠡᠭᠰᠢᠯᠡᠬᠦᠯᠦᠭᠰᠡᠨ ᠠᠵᠢᠯ᠎ᠢ ᠰᠢᠯᠭ᠋ᠠᠨ ᠦᠨᠡᠯᠡᠪᠡ
ᠯᠢ ᠺᠸ ᠴᠢᠶᠠᠩ᠄ ᠳᠤᠮᠳᠠᠳᠤ ᠤᠯᠤᠰ᠎ᠲᠤ ᠢᠷᠡᠵᠤ ᠠᠵᠢᠯᠯᠠᠵᠤ ᠠᠮᠢᠳᠤᠷᠠᠵᠤ ᠪᠠᠢ᠌ᠭ᠎ᠠ ᠭᠠᠳᠠᠭ᠋ᠠᠳᠤ ᠵᠢᠨ ᠬᠦᠮᠤᠰ᠎ᠲᠤ ᠤᠯᠠᠮ ᠰᠠᠢ᠌ᠨ ᠨᠦᠬᠦᠴᠡᠯ ᠬᠠᠩᠭ᠋ᠠᠵᠤ ᠳᠦᠬᠦᠮ ᠦᠵᠡᠬᠦᠯᠦᠨ᠎ᠡ ᠭᠡᠪᠡ
 
            