2018 ᠤᠨ᠎ᠤ 12 ᠳ᠋ᠤᠭ᠋ᠠᠷ ᠰᠠᠷ᠎ᠠ ᠵᠢᠨ 25᠎ᠤ ᠠ᠋ᠳᠤᠷ᠂ ᠬᠦᠯᠦᠨ ᠪᠤᠢ᠌ᠷ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ ᠦᠷᠭᠡᠳᠬᠡᠭᠰᠡᠨ ᠬᠤᠷᠠᠯ ᠬᠢᠵᠤ᠂ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠱᠦᠵᠢ ᠵᠢᠨ 2018 ᠤᠨ᠎ᠳᠤ ᠨᠠᠮ᠎ᠤᠨ ᠪᠠᠢ᠌ᠭᠤᠯᠤᠯᠳᠠ ᠵᠢᠨ ᠠᠵᠢᠯ᠎ᠢ ᠠᠳᠬᠤᠭᠰᠠᠨ ᠳᠤᠬᠠᠢ ᠳᠤᠰᠢᠶᠠᠯ᠎ᠤᠨ ᠮᠡᠳᠡᠬᠦᠯᠦᠯᠳᠡ ᠵᠢ ᠰᠤᠨᠤᠰᠴᠤ ᠬᠢᠨᠠᠨ ᠦᠨᠡᠯᠡᠪᠡ᠃ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠬᠠᠷᠢᠶ᠎ᠠ ᠡᠯ᠎ᠡ ᠨᠢᠭᠡᠴᠢ ᠵᠢᠨ ᠨᠠᠮ᠎ᠤᠨ ᠠ᠋ᠬᠦᠷ᠎ᠤᠨ ᠱᠦᠵᠢ᠂ ᠨᠠᠮ᠎ᠤᠨ ᠪᠠᠢ᠌ᠭᠤᠯᠤᠯᠳᠠ ᠵᠢᠨ ᠠᠵᠢᠯᠳᠠᠨ᠂ ᠳᠤᠪᠴᠢᠶᠠᠨ᠎ᠤ ᠪᠠᠢ᠌ᠭᠤᠯᠭ᠎ᠠ ᠵᠢᠨ ᠬᠤᠯᠪᠤᠭᠳᠠᠯ ᠪᠦᠬᠦᠢ ᠠᠯᠪᠠᠨ ᠭᠡᠷ ᠰᠠᠯᠠᠭ᠎ᠠ ᠵᠢᠨ ᠠᠵᠢᠯᠳᠠᠨ ᠨᠡᠢ᠌ᠳᠡ 30 ᠭᠠᠷᠤᠢ ᠬᠦᠮᠦᠨ ᠬᠤᠷᠠᠯ᠎ᠳᠤ ᠤᠷᠤᠯᠴᠠᠵᠠᠢ᠃
ᠬᠤᠷᠠᠯ ᠳᠡᠭᠡᠷ᠎ᠡ᠂ ᠡᠯ᠎ᠡ ᠨᠡᠮ᠎ᠤᠨ ᠠ᠋ᠬᠦᠷ᠎ᠤᠨ ᠱᠦᠵᠢ ᠨᠡᠷ ᠬᠦᠯᠦᠨ ᠪᠤᠢ᠌ᠷ ᠬᠤᠳᠠ ᠵᠢᠨ ᠨᠠᠮ᠎ᠤᠨ ᠬᠤᠷᠢᠶ᠎ᠠ᠂ ᠬᠤᠳᠠ ᠵᠢᠨ ᠰᠢᠭᠤᠳ ᠬᠠᠷᠢᠶ᠎ᠠ ᠨᠠᠮ᠎ᠤᠨ ᠠᠵᠢᠯ᠎ᠤᠨ ᠬᠤᠷᠢᠶ᠎ᠠ ᠵᠢᠨ ᠪᠠᠢ᠌ᠷᠢᠯᠠᠭᠤᠯᠤᠯᠳᠠ ᠶᠤᠰᠤᠭ᠋ᠠᠷ᠂ ᠨᠠᠮ᠎ᠨᠢ ᠨᠠᠮ ᠵᠶ᠋ᠡᠨ ᠬᠠᠮᠢᠶᠠᠷᠬᠤ᠂ ᠨᠠᠮ᠎ᠢ ᠴᠢᠩᠭ᠎ᠠ᠎ᠪᠠᠷ ᠵᠠᠰᠠᠬᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠭᠤᠤᠯ ᠴᠤᠭᠴᠠ ᠵᠢᠨ ᠬᠠᠷᠢᠭᠤᠴᠠᠯᠭ᠎ᠠ ᠪᠤᠯᠤᠨ ᠨᠡᠮ᠎ᠤᠨ ᠠ᠋ᠬᠦᠷ᠎ᠤᠨ ᠱᠦᠵᠢ᠎ᠨᠢ ᠨᠠᠮ᠎ᠤᠨ ᠪᠠᠢ᠌ᠭᠤᠯᠤᠯᠳᠠ ᠵᠢ ᠠᠳᠬᠤᠬᠤ ᠨᠢᠭᠡᠳᠦᠭᠡᠷ ᠬᠠᠷᠢᠭᠤᠴᠠᠯᠭ᠋ᠠᠳᠠᠨ ᠪᠤᠯᠬᠤ ᠵᠢ ᠳᠤᠭᠤᠰᠢᠯᠠᠭᠤᠯᠤᠨ ᠨᠠᠢ᠌ᠳᠠᠪᠤᠷᠢᠵᠢᠭᠤᠯᠬᠤ ᠱᠠᠭ᠋ᠠᠷᠳᠠᠯᠭ᠎ᠠ ᠵᠢᠨ ᠳᠤᠭᠤᠷᠢᠨ᠎ᠳᠤ 2018 ᠤᠨ᠎ᠤ ᠨᠠᠮ᠎ᠤᠨ ᠪᠠᠢ᠌ᠭᠤᠯᠤᠯᠳᠠ ᠵᠢ ᠬᠡᠷᠬᠢᠨ ᠠᠳᠬᠤᠭᠰᠠᠨ ᠳᠤᠬᠠᠢ ᠳᠤᠰᠢᠶᠠᠯ᠎ᠤᠨ ᠮᠡᠳᠡᠬᠦᠯᠦᠯᠳᠡ ᠬᠢᠵᠤ᠂ ᠦᠨᠳᠦᠰᠤᠨ ᠱᠠᠳᠤᠨ᠎ᠤ ᠨᠠᠮ᠎ᠤᠨ ᠪᠠᠢ᠌ᠭᠤᠯᠤᠯᠳᠠ ᠵᠢᠨ ᠠᠵᠢᠯ᠎ᠤᠨ ᠪᠠᠢ᠌ᠳᠠᠯ᠎ᠢ ᠳ᠋ᠦᠩᠨᠡᠨ᠂ ᠦᠪᠡᠷ᠎ᠤᠨ ᠪᠡᠶ᠎ᠡ ᠳᠡᠭᠡᠷ᠎ᠡ ᠤᠷᠤᠰᠢᠵᠤ ᠪᠠᠢ᠌ᠭ᠎ᠠ ᠬᠦᠷᠦᠯᠴᠡᠬᠦ ᠦᠭᠡᠢ ᠳᠠᠯ᠎ᠠ᠎ᠪᠠᠨ ᠠ᠋ᠷᠢᠵᠤ ᠭᠠᠷᠭ᠋ᠠᠨ᠂ ᠬᠠᠯᠠᠨ ᠵᠠᠯᠠᠷᠠᠭᠤᠯᠬᠤ ᠠᠷᠭ᠎ᠠ ᠭᠡᠮᠵᠢᠶ᠎ᠡ᠎ᠪᠠᠨ ᠳᠤᠷᠠᠳᠴᠤ᠂ ᠬᠠᠷᠢᠯᠴᠠᠨ ᠰᠤᠷᠤᠯᠴᠠᠵᠠᠢ᠃ ᠬᠤᠷᠠᠯ᠎ᠳᠤ ᠤᠷᠤᠯᠴᠠᠭᠰᠠᠳ ᠡᠯ᠎ᠡ ᠨᠡᠮ᠎ᠤᠨ ᠠ᠋ᠬᠦᠷ᠎ᠤᠨ ᠱᠦᠵᠢ ᠵᠢᠨ ᠳᠤᠰᠢᠶᠠᠯ᠎ᠤᠨ ᠮᠡᠳᠡᠬᠦᠯᠦᠯᠳᠡ ᠵᠢ ᠨᠡᠷᠢᠨ ᠬᠢᠨᠠᠮᠠᠭ᠋ᠠᠢ ᠰᠤᠨᠤᠰᠴᠤ ᠬᠢᠨᠠᠨ ᠦᠨᠡᠯᠡᠪᠡ᠃ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠹᠠᠨ ᠶᠤᠸᠠᠢ ᠡᠯ᠎ᠡ ᠨᠠᠮ᠎ᠤᠨ ᠠ᠋ᠬᠦᠷ᠎ᠤᠨ ᠱᠦᠵᠢ ᠵᠢᠨ ᠳᠤᠰᠢᠶᠠᠯ᠎ᠤᠨ ᠮᠡᠳᠡᠬᠦᠯᠦᠯᠳᠡ ᠵᠢ ᠦᠨᠡᠯᠡᠭᠰᠡᠨ ᠪᠦᠭᠡᠳ ᠬᠤᠷᠠᠯ᠎ᠤᠨ ᠳ᠋ᠦᠩᠨᠡᠯᠳᠡ ᠬᠢᠪᠡ᠃
ᠹᠠᠨ ᠶᠤᠸᠠᠢ᠂ ᠡᠯ᠎ᠡ ᠨᠡᠮ᠎ᠤᠨ ᠠ᠋ᠬᠦᠷ᠎ᠤᠨ ᠱᠦᠵᠢ ᠵᠤᠷᠢᠭᠳᠠᠢ᠎ᠪᠠᠷ ᠠᠰᠠᠭᠤᠳᠠᠯ᠎ᠢ ᠳᠤᠷᠠᠳᠤᠨ ᠭᠠᠷᠭ᠋ᠠᠵᠤ᠂ ᠠᠰᠠᠭᠤᠳᠠᠯ᠎ᠳᠤ᠎ᠪᠠᠨ ᠵᠦᠪ ᠵᠶ᠋ᠡᠷ ᠬᠠᠨᠳᠤᠨ᠂ ᠤᠯᠤᠰ ᠳᠦᠷᠦ ᠵᠢᠨ ᠬᠠᠷᠢᠭᠤᠴᠠᠯᠭ᠎ᠠ᠎ᠪᠠᠨ ᠤᠯᠠᠮ ᠵᠶ᠋ᠡᠷ ᠴᠢᠩᠭ᠋ᠠᠳᠬᠠᠵᠤ᠂ ᠦᠨᠳᠦᠰᠤᠨ ᠱᠠᠳᠤᠨ᠎ᠤ ᠨᠠᠮ᠎ᠤᠨ ᠪᠠᠢ᠌ᠭᠤᠯᠤᠯᠳᠠ᠎ᠳᠤ ᠤᠷᠤᠰᠢᠵᠤ ᠪᠠᠢ᠌ᠭ᠎ᠠ ᠠᠰᠠᠭᠤᠳᠠᠯ᠎ᠢ ᠰᠢᠢ᠍ᠳᠪᠤᠷᠢᠯᠡᠬᠦ ᠬᠠᠷᠢᠭᠤᠴᠠᠯᠭ᠋ᠠᠳᠤ ᠤᠪᠤᠷ ᠵᠶ᠋ᠡᠨ ᠦᠨᠡᠨ ᠬᠦ᠌ ᠴᠢᠩᠭ᠋ᠠᠳᠬᠠᠪᠠ᠃ ᠨᠢᠭᠡ᠎ᠪᠠᠷ ᠵᠦᠢ᠍ᠷᠯᠡᠵᠤ ᠨᠦᠬᠦᠭᠡ ᠵᠢ ᠮᠡᠳᠡᠬᠦᠯᠦᠨ᠂ ᠠᠰᠠᠭᠤᠳᠠᠯ᠎ᠢ ᠰᠢᠯᠤᠭᠤᠳᠬᠠᠵᠤ᠂ ᠰᠢᠯᠳᠠᠭ᠋ᠠᠨ᠎ᠢ ᠵᠠᠳᠠᠯᠤᠨ᠂ ᠠᠰᠠᠭᠤᠳᠠᠯ᠎ᠢ ᠰᠢᠢ᠍ᠳᠪᠤᠷᠢᠯᠡᠬᠦ ᠦᠨᠳᠦᠰᠤᠨ ᠠᠷᠭ᠎ᠠ ᠵᠢ ᠠ᠋ᠷᠢᠵᠤ᠂ ᠠ᠋ᠨᠡ ᠵᠢᠯ ᠢᠯᠡᠷᠡᠭᠰᠡᠨ ᠠᠰᠠᠭᠤᠳᠠᠯ ᠳᠠᠷᠠᠭ᠎ᠠ ᠵᠢᠯ᠎ᠳᠤ ᠳᠠᠬᠢᠨ ᠢᠯᠡᠷᠡᠬᠦ᠎ᠠᠴᠠ ᠰᠡᠷᠭᠡᠢ᠌ᠯᠡᠬᠦ ᠭᠡᠷᠡᠭᠳᠡᠢ᠃ ᠤᠷᠤᠰᠢᠵᠤ ᠪᠠᠢ᠌ᠭ᠎ᠠ ᠠᠰᠠᠭᠤᠳᠠᠯ᠎ᠢ ᠴᠢᠳᠠᠮᠠᠭ᠋ᠠᠢ᠎ᠪᠠᠷ ᠰᠢᠢ᠍ᠳᠪᠤᠷᠢᠯᠡᠵᠤ᠂ ᠠ᠋ᠷᠢᠵᠤ ᠭᠠᠷᠭ᠋ᠠᠭᠰᠠᠨ ᠠᠰᠠᠭᠤᠳᠠᠯ᠎ᠳᠤ ᠠ᠋ᠭᠡ ᠳᠠᠩᠰᠠ ᠪᠠᠢ᠌ᠭᠤᠯᠤᠨ᠂ ᠨᠢᠭᠡᠳ ᠨᠢᠭᠡ᠎ᠪᠠᠷ ᠰᠢᠢ᠍ᠳᠪᠤᠷᠢᠯᠡᠵᠤ ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠬᠤ ᠭᠡᠷᠡᠭᠳᠡᠢ᠃ ᠳᠠᠷᠠᠭ᠋ᠠᠴᠢ ᠵᠢᠨ ᠠᠵᠢᠯ᠎ᠤᠨ ᠶᠠᠪᠤᠴᠠ᠎ᠳᠤ ᠨᠠᠮ᠎ᠤᠨ ᠤᠯᠤᠰ ᠳᠦᠷᠦ ᠵᠢᠨ ᠪᠠᠢ᠌ᠭᠤᠯᠤᠯᠳᠠ ᠵᠢ ᠳᠡᠷᠢᠬᠦᠨ ᠪᠠᠢ᠌ᠷᠢᠨ᠎ᠳᠤ ᠳᠠᠯᠪᠢᠵᠤ᠂ ᠨᠠᠢ᠌ᠳᠠᠪᠤᠷᠢᠵᠢᠭᠤᠯᠤᠯᠳᠠ ᠵᠢ ᠠᠳᠬᠤᠬᠤ ᠭᠡᠷᠡᠭᠳᠡᠢ᠃ 《ᠨᠠᠮ᠎ᠤᠨ ᠠ᠋ᠬᠦᠷ᠎ᠤᠨ ᠠᠵᠢᠯ᠎ᠤᠨ ᠳᠦᠷᠢᠮ》᠎ᠢ ᠨᠠᠷᠢᠨ ᠬᠢᠨᠠᠮᠠᠭ᠋ᠠᠢ ᠰᠤᠷᠤᠯᠴᠠᠨ ᠨᠠᠢ᠌ᠳᠠᠪᠤᠷᠢᠵᠢᠭᠤᠯᠵᠤ᠂ ᠨᠡᠮ᠎ᠤᠨ ᠠ᠋ᠬᠦᠷ᠎ᠤᠨ ᠳᠤᠰ ᠪᠡᠶ᠎ᠡ ᠵᠢᠨ ᠪᠦᠳᠦᠭᠡᠨ ᠪᠠᠢ᠌ᠭᠤᠯᠤᠯᠳᠠ ᠵᠢ ᠴᠢᠩᠭ᠋ᠠᠳᠬᠠᠨ᠂ ᠳᠤᠬᠠᠢ᠌ᠯᠠᠭᠰᠠᠨ ᠠᠵᠢᠯ ᠪᠤᠯᠤᠨ ᠨᠠᠮ᠎ᠤᠨ ᠪᠠᠢ᠌ᠭᠤᠯᠤᠯᠳᠠ ᠵᠢᠨ ᠠᠵᠢᠯ᠎ᠢ ᠠᠭᠤᠰᠤᠯᠴᠠᠭᠤᠯᠤᠨ ᠬᠦᠭᠵᠢᠬᠦᠯᠬᠦ ᠵᠢ ᠴᠢᠷᠮᠠᠢ᠌ᠨ ᠠᠬᠢᠭᠤᠯᠬᠤ ᠭᠡᠷᠡᠭᠳᠡᠢ ᠭᠡᠵᠤ ᠱᠠᠭ᠋ᠠᠷᠳᠠᠪᠠ᠃
