ᠡᠪᠤᠯ ᠪᠤᠯᠤᠭᠰᠠᠨ᠎ᠠᠴᠠ ᠨᠠᠭ᠋ᠠᠰᠢ᠂ ᠰᠢᠯᠢ ᠵᠢᠨ ᠭᠤᠤᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ ᠤᠯᠠᠨ ᠵᠦᠢ᠍ᠯ᠎ᠤᠨ ᠪᠤᠳᠠᠳᠠᠢ ᠠᠷᠭ᠎ᠠ ᠭᠡᠮᠵᠢᠶ᠎ᠡ ᠠᠪᠴᠤ ᠬᠦᠴᠢᠷᠳᠡᠯ᠎ᠲᠠᠢ ᠤᠯᠠᠨ ᠳᠦᠮᠡᠨ᠎ᠤ ᠳᠤᠯᠠᠭ᠋ᠠᠨ ᠪᠦᠯᠢᠶᠡᠨ ᠡᠪᠤᠯᠵᠢᠬᠦ ᠵᠢ ᠪᠠᠳᠤᠯᠠᠵᠤ ᠪᠠᠢ᠌ᠨ᠎ᠠ᠃
ᠬᠦᠴᠢᠷᠳᠡᠯ᠎ᠲᠠᠢ ᠤᠯᠠᠨ ᠳᠦᠮᠡᠨ᠎ᠤ ᠦᠨᠳᠦᠰᠤᠨ ᠠᠮᠢᠳᠤᠷᠠᠯ᠎ᠢ ᠪᠠᠳᠤᠯᠠᠪᠠ
ᠨᠢᠭᠡ᠎ᠳᠤ ᠪᠠᠢ᠌ᠴᠠᠭ᠋ᠠᠨ ᠤᠢ᠌ᠯᠠᠭ᠋ᠠᠬᠤ ᠠᠵᠢᠯ᠎ᠢ ᠰᠠᠢ᠌ᠳᠤᠷ ᠬᠢᠪᠡ᠃ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ᠎ᠨᠢ 《ᠬᠦᠴᠢᠷᠳᠡᠯ᠎ᠲᠠᠢ ᠤᠯᠠᠨ ᠳᠦᠮᠡᠨ᠎ᠢ ᠳᠤᠯᠠᠭ᠋ᠠᠨ ᠪᠦᠯᠢᠶᠡᠨ ᠡᠪᠤᠯᠵᠢᠬᠦᠯᠬᠦ ᠵᠢ ᠪᠠᠳᠤᠯᠠᠬᠤ ᠳᠤᠬᠠᠢ ᠮᠡᠳᠡᠭᠳᠡᠯ》 ᠪᠠᠭᠤᠯᠭ᠋ᠠᠵᠤ᠂ ᠡᠯ᠎ᠡ ᠱᠠᠳᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠢ ᠵᠤᠬᠢᠶᠠᠨ ᠪᠠᠢ᠌ᠭᠤᠯᠤᠨ ᠬᠤᠳᠠ ᠬᠦᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠵᠤ ᠪᠠᠢ᠌ᠭ᠎ᠠ ᠬᠦᠮᠦᠰ᠂ ᠳᠠᠷᠠᠬᠠᠢ ᠪᠤᠳᠠᠷᠬᠠᠢ᠎ᠪᠠᠷ ᠠᠰᠠᠷᠠᠨ ᠬᠠᠷᠠᠭ᠋ᠠᠯᠵᠠᠵᠤ ᠪᠠᠢ᠌ᠭ᠎ᠠ ᠤᠨᠴᠠ ᠬᠦᠴᠢᠷᠳᠡᠯ᠎ᠲᠠᠢ ᠬᠦᠮᠦᠰ᠂ ᠬᠦᠨᠳᠤ ᠵᠡᠮᠳᠡᠭ ᠬᠦᠮᠦᠰ᠂ ᠦᠨᠳᠦᠰᠦᠨ᠎ᠳᠤ᠎ᠪᠠᠨ ᠬᠦᠳᠡᠯᠮᠦᠷᠢᠯᠡᠬᠦ ᠴᠢᠳᠠᠪᠤᠷᠢ ᠦᠭᠡᠢ ᠪᠤᠯᠤᠭᠰᠠᠳ ᠵᠢᠴᠢ ᠪᠡᠶ᠎ᠡ ᠵᠡᠮᠳᠡᠭ ᠠᠮᠢᠳᠤᠷᠠᠯ ᠬᠦᠴᠢᠷᠳᠡᠯ᠎ᠲᠠᠢ ᠬᠦᠮᠦᠰ ᠵᠡᠷᠭᠡ ᠤᠨᠴᠠ ᠬᠦᠴᠢᠷᠳᠡᠯ᠎ᠲᠠᠢ ᠬᠦᠮᠦᠰ᠎ᠤᠨ ᠪᠠᠢ᠌ᠳᠠᠯ᠎ᠢ ᠪᠠᠢ᠌ᠴᠠᠭ᠋ᠠᠨ ᠤᠢ᠌ᠯᠠᠭ᠋ᠠᠬᠤ ᠠᠵᠢᠯ᠎ᠢ ᠦᠷᠨᠢᠬᠦᠯᠵᠡᠢ᠃ ᠡᠯ᠎ᠡ ᠬᠤᠰᠢᠭᠤ ᠰᠢᠶᠠᠨ ᠬᠤᠳᠠ ᠳᠤᠭᠤᠷᠢᠭ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠤᠨᠴᠠ ᠬᠦᠴᠢᠷᠳᠡᠯ᠎ᠲᠠᠢ ᠬᠦᠮᠦᠰ᠎ᠢ ᠠᠰᠠᠷᠠᠨ ᠬᠠᠷᠠᠭ᠋ᠠᠯᠵᠠᠬᠤ ᠪᠠᠢ᠌ᠭᠤᠯᠤᠮᠵᠢ ᠵᠢᠨ ᠭᠠᠯ ᠰᠡᠷᠭᠡᠢ᠌ᠯᠡᠵᠤ ᠭᠠᠯ ᠤᠨᠳᠠᠷᠠᠭ᠋ᠠᠬᠤ᠂ ᠳᠤᠯᠠᠭ᠋ᠠᠴᠠᠯ᠂ ᠢᠳᠡᠭᠡᠨ ᠤᠮᠳᠠᠭ᠋ᠠᠨ ᠵᠡᠷᠭᠡ ᠵᠢᠨ ᠠᠮᠤᠷ ᠳᠦᠪᠰᠢᠨ᠎ᠤ ᠬᠠᠮᠢᠶᠠᠷᠤᠯᠳᠠ ᠵᠢ ᠪᠠᠢ᠌ᠴᠠᠭ᠋ᠠᠨ᠂ ᠠᠰᠠᠭᠤᠳᠠᠯ ᠢᠯᠡᠷᠡᠪᠡᠯ ᠳᠠᠷᠤᠢ᠎ᠳᠤ᠎ᠨᠢ ᠰᠢᠢ᠍ᠳᠪᠤᠷᠢᠯᠡᠵᠤ᠂ ᠠᠰᠠᠷᠠᠮᠵᠢ ᠵᠢᠨ ᠪᠠᠢ᠌ᠭᠤᠯᠤᠮᠵᠢ ᠪᠤᠯᠤᠨ ᠠ᠋ᠨᠳᠡ ᠰᠠᠭᠤᠵᠤ ᠪᠠᠢ᠌ᠭ᠎ᠠ ᠬᠦᠮᠦᠰ᠎ᠤᠨ ᠠᠮᠤᠷ ᠳᠦᠪᠰᠢᠨ᠎ᠢ ᠪᠠᠳᠤᠯᠠᠬᠤ ᠵᠢ ᠴᠢᠩᠭ᠋ᠠᠳᠬᠠᠵᠠᠢ᠃ ᠬᠤᠶᠠᠷ᠎ᠲᠤ ᠪᠡᠯᠡ ᠤᠷᠤᠭᠤᠯᠤᠯᠳᠠ᠎ᠪᠠᠨ ᠨᠡᠮᠡᠭᠳᠡᠬᠦᠯᠪᠡ᠃ 2018 ᠤᠨ᠎ᠳᠤ ᠠᠢ᠌ᠮᠠᠭ᠎ᠤᠨ ᠠ᠋ᠳ᠋᠎ᠤᠨ ᠵᠠᠰᠠᠭ᠎ᠠᠴᠠ ᠡᠯ᠎ᠡ ᠬᠤᠰᠢᠭᠤ ᠰᠢᠶᠠᠨ ᠬᠤᠳᠠ ᠳᠤᠭᠤᠷᠢᠭ᠎ᠲᠤ 3.47 ᠳ᠋ᠦᠩᠰᠢᠭᠤᠷ ᠳᠦᠬᠦᠷᠢᠭ᠎ᠤᠨ ᠨᠡᠢ᠌ᠭᠡᠮ᠎ᠤᠨ ᠳᠤᠰᠠᠯᠠᠮᠵᠢ ᠵᠢᠨ ᠵᠤᠭᠤᠰ ᠮᠦᠩᠬᠦ ᠪᠠᠭᠤᠯᠭ᠋ᠠᠨ ᠦᠭᠬᠦᠭᠰᠡᠨ ᠪᠠᠢ᠌ᠨ᠎ᠠ᠃ ᠬᠤᠳᠠ ᠪᠠᠯᠭ᠋ᠠᠰᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠠ᠋ᠷᠦᠭᠡ ᠵᠢᠨ ᠡᠪᠤᠯ᠎ᠤᠨ ᠳᠤᠯᠠᠭ᠋ᠠᠴᠠᠯᠤᠨ ᠨᠦᠬᠦᠪᠤᠷᠢ ᠵᠢ ᠴᠠᠭ ᠳᠠᠷᠤᠢ᠎ᠳᠤ᠎ᠨᠢ ᠪᠠᠭᠤᠯᠭ᠋ᠠᠨ ᠦᠭᠴᠤ᠂ ᠬᠦᠮᠦᠨ ᠳᠤᠳᠤᠮ 350 ᠳᠦᠬᠦᠷᠢᠭ ᠵᠶ᠋ᠡᠷ ᠪᠠᠷᠢᠮᠵᠢᠶᠠᠯᠠᠨ᠂ ᠨᠡᠢ᠌ᠳᠡ 2.1 ᠳᠦᠮᠡᠨ ᠬᠦᠮᠦᠨ᠎ᠤ ᠳᠤᠯᠠᠭ᠋ᠠᠴᠠᠠᠯᠤᠨ ᠨᠦᠬᠦᠪᠤᠷᠢ ᠵᠢ 《ᠪᠦᠷᠢᠨ ᠴᠢᠳᠠᠮᠵᠢᠳᠤ ᠺᠠᠷᠲ》 ᠵᠶ᠋ᠡᠷ ᠦᠭᠴᠤ ᠨᠠᠢ᠌ᠳᠠᠪᠤᠷᠢᠵᠢᠭᠤᠯᠵᠠᠢ᠃ ᠭᠤᠷᠪᠠ᠎ᠳᠤ ᠳᠤᠰᠠᠯᠠᠮᠵᠢ ᠵᠢᠨ ᠵᠤᠭᠤᠰ᠎ᠢ ᠴᠠᠭ ᠳᠠᠷᠤᠢ᠎ᠳᠤ᠎ᠨᠢ ᠨᠠᠢ᠌ᠳᠠᠪᠤᠷᠢᠵᠢᠭᠤᠯᠪᠠ᠃ ᠡᠯ᠎ᠡ ᠵᠦᠢ᠍ᠯ᠎ᠤᠨ ᠨᠡᠢ᠌ᠭᠡᠮ᠎ᠤᠨ ᠳᠤᠰᠠᠯᠠᠮᠵᠢ ᠵᠢᠨ ᠵᠤᠭᠤᠰ᠎ᠢ ᠦᠭᠴᠤ ᠨᠠᠢ᠌ᠳᠠᠪᠤᠷᠢᠵᠢᠭᠤᠯᠬᠤ ᠵᠢ ᠳᠦᠷᠭᠡᠳᠭᠡᠵᠤ᠂ ᠣᠳᠣ ᠨᠢᠭᠡᠨᠲᠡ ᠬᠤᠳᠠ ᠬᠦᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠵᠤ ᠪᠠᠢ᠌ᠭ᠎ᠠ 7.65 ᠳᠦᠮᠡᠨ ᠬᠦᠮᠦᠨ᠎ᠳᠤ 2.13 ᠳ᠋ᠦᠩᠰᠢᠭᠤᠷ ᠳᠦᠬᠦᠷᠢᠭ᠎ᠤᠨ ᠪᠠᠳᠤᠯᠠᠪᠤᠷᠢ ᠵᠢᠨ ᠵᠤᠭᠤᠰ ᠦᠭᠴᠤ᠂ ᠠᠰᠠᠷᠠᠨ ᠬᠠᠷᠠᠭ᠋ᠠᠯᠵᠠᠵᠤ ᠪᠠᠢ᠌ᠭ᠎ᠠ ᠤᠨᠴᠠ ᠬᠦᠴᠢᠷᠳᠡᠯ᠎ᠲᠠᠢ 2173 ᠬᠦᠮᠦᠨ᠎ᠳᠤ 2074 ᠳᠦᠮᠡᠨ ᠳᠦᠬᠦᠷᠢᠭ᠎ᠤᠨ ᠨᠦᠬᠦᠪᠤᠷᠢ ᠦᠭᠬᠦᠨ᠂ ᠳᠦᠷ ᠴᠠᠭ᠎ᠤᠨ ᠬᠦᠴᠢᠷᠳᠡᠯ᠎ᠳᠤ ᠳᠤᠯᠭ᠋ᠠᠷᠠᠭᠰᠠᠨ 10173 ᠬᠦᠮᠦᠨ᠎ᠢ 918 ᠳᠦᠮᠡᠨ ᠳᠦᠬᠦᠷᠢᠭ ᠵᠶ᠋ᠡᠷ ᠳᠤᠰᠠᠯᠠᠵᠤ᠂ ᠬᠦᠨᠳᠤ ᠡᠪᠡᠳᠴᠢᠨ᠎ᠳᠤ ᠨᠡᠷᠪᠡᠭᠳᠡᠭᠰᠡᠨ ᠬᠦᠴᠢᠷᠳᠡᠯ᠎ᠲᠠᠢ ᠤᠯᠠᠨ ᠳᠦᠮᠡᠨ᠎ᠢ 4100 ᠳᠦᠮᠡᠨ ᠳᠦᠬᠦᠷᠢᠭ ᠵᠶ᠋ᠡᠷ ᠳᠤᠰᠠᠯᠠᠵᠠᠢ᠃
ᠭᠠᠮᠰᠢᠭᠳᠠᠭᠰᠠᠨ ᠤᠷᠤᠨ᠎ᠤ ᠤᠯᠠᠨ ᠳᠦᠮᠡᠨ᠎ᠤ ᠦᠨᠳᠦᠰᠤᠨ ᠠᠮᠢᠳᠤᠷᠠᠯ᠎ᠢ ᠪᠠᠳᠤᠯᠠᠪᠠ
ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ᠎ᠨᠢ ᠠ᠋ᠨᠡ ᠵᠢᠯ᠎ᠠᠴᠠ ᠨᠠᠭ᠋ᠠᠰᠢ 11 ᠬᠤᠰᠢᠭᠤ ᠰᠢᠶᠠᠨ ᠬᠤᠳᠠ ᠵᠢᠨ ᠠᠳᠠᠯᠢ ᠪᠤᠰᠤ ᠭᠡᠮᠵᠢᠶᠡᠨ᠎ᠤ ᠭᠠᠩ ᠬᠠᠭᠰᠠᠷᠠᠭ᠋ᠠᠨ ᠪᠤᠯᠤᠨ ᠵᠠᠷᠢᠮ ᠭᠠᠵᠠᠷ᠎ᠨᠢ ᠦᠶᠡᠷ ᠤᠰᠤᠳᠤᠯ᠎ᠤᠨ ᠭᠠᠮᠰᠢᠭ᠎ᠲᠤ ᠳᠠᠭ᠋ᠠᠷᠢᠭᠳᠠᠭᠰᠠᠨ ᠪᠤᠳᠠᠳᠤ ᠪᠠᠢ᠌ᠳᠠᠯ᠎ᠢ ᠦᠨᠳᠦᠰᠦᠯᠡᠨ᠂ ᠡᠯ᠎ᠡ ᠭᠠᠵᠠᠷ᠎ᠤᠨ᠎ᠬᠢᠨ᠎ᠢ ᠵᠤᠬᠢᠶᠠᠨ ᠪᠠᠢ᠌ᠭᠤᠯᠤᠨ ᠭᠠᠮᠰᠢᠭᠳᠠᠭᠰᠠᠨ ᠭᠡᠷ ᠪᠦᠯᠢ ᠵᠢᠨ ᠢᠳᠡᠬᠦ ᠠᠮᠤ ᠪᠤᠳᠠᠭ᠎ᠠ᠂ ᠬᠤᠪᠴᠠᠰᠤ ᠬᠤᠨᠠᠷ᠂ ᠬᠦᠨᠵᠢᠯᠡ ᠳᠡᠪᠢᠰᠭᠡᠷ᠂ ᠳᠤᠯᠠᠭ᠋ᠠᠴᠠᠯ ᠵᠡᠷᠭᠡ ᠵᠢᠨ ᠪᠠᠢ᠌ᠳᠠᠯ᠎ᠢ ᠪᠠᠢ᠌ᠴᠠᠭ᠋ᠠᠨ ᠤᠢ᠌ᠯᠠᠭ᠋ᠠᠵᠤ᠂ ᠳᠤᠰᠠᠯᠠᠮᠵᠢ ᠦᠭᠬᠦ ᠬᠦᠮᠦᠨ᠎ᠤ ᠳᠤᠭ᠎ᠠ᠂ ᠭᠡᠷᠡᠭᠯᠡᠬᠦ ᠵᠤᠭᠤᠰ ᠮᠦᠩᠬᠦ ᠵᠢ ᠳᠤᠳᠤᠷᠬᠠᠢ᠌ᠯᠠᠨ᠂ ᠳᠡᠭᠡᠳᠤ ᠱᠠᠳᠤᠨ᠎ᠤ ᠪᠠᠢ᠌ᠭ᠋ᠠᠯᠢ ᠵᠢᠨ ᠭᠠᠮᠰᠢᠭ᠎ᠠᠴᠠ ᠠᠪᠤᠷᠠᠬᠤ ᠵᠤᠭᠤᠰ᠎ᠠᠴᠠ 273 ᠳᠦᠮᠡᠨ ᠳᠦᠬᠦᠷᠢᠭ᠎ᠢ ᠪᠠᠭᠤᠯᠭ᠋ᠠᠨ ᠦᠭᠴᠤ᠂ ᠭᠠᠮᠰᠢᠭᠳᠠᠭᠰᠠᠨ ᠤᠯᠠᠨ ᠳᠦᠮᠡᠨ᠎ᠤ ᠳᠤᠯᠠᠭ᠋ᠠᠨ ᠪᠦᠯᠢᠶᠠᠨ ᠡᠪᠤᠯᠵᠢᠬᠦ ᠵᠢ ᠪᠠᠳᠤᠯᠠᠵᠠᠢ᠃
ᠦᠨᠦᠴᠢᠨ ᠦᠷᠦᠭᠡᠰᠤᠨ ᠨᠠᠰᠤᠳᠠᠢ ᠵᠡᠮᠳᠡᠭ ᠵᠡᠷᠭᠡ ᠤᠨᠴᠠ ᠬᠦᠴᠢᠷᠳᠡᠯ᠎ᠲᠠᠢ ᠬᠦᠮᠦᠨ᠎ᠳᠤ ᠦᠢ᠍ᠯᠡᠴᠢᠯᠡᠬᠦ ᠵᠢ ᠴᠢᠩᠭ᠋ᠠᠳᠬᠠᠪᠠ
ᠪᠦᠬᠦ ᠠᠢ᠌ᠮᠠᠭ᠎ᠤᠨ 160 ᠦᠨᠦᠴᠢᠨ ᠭᠡᠤᠭᠡᠳ᠎ᠢ ᠠᠰᠠᠷᠠᠨ ᠬᠠᠷᠠᠭ᠋ᠠᠯᠵᠠᠬᠤ ᠭᠡᠪᠴᠢᠶᠠᠨ᠎ᠳᠤ ᠤᠷᠤᠭᠤᠯᠵᠤ᠂ ᠮᠠᠯᠵᠢᠬᠤ ᠳᠠᠷᠢᠶᠠᠯᠠᠬᠤ ᠤᠷᠤᠨ᠎ᠤ ᠭᠡᠷ᠎ᠲᠤ᠎ᠪᠠᠨ ᠦᠯᠡᠳᠡᠭᠰᠡᠨ ᠭᠡᠤᠭᠡᠳ ᠪᠤᠯᠤᠨ ᠬᠦᠴᠢᠷᠳᠡᠯ᠎ᠲᠠᠢ ᠭᠡᠤᠭᠡᠳ᠎ᠢ ᠴᠦᠮ ᠬᠢᠨᠠᠨ ᠬᠠᠮᠢᠶᠠᠷᠬᠤ ᠪᠡ ᠳᠦᠷᠦᠯ ᠬᠤᠪᠢᠶᠠᠨ ᠪᠠᠳᠤᠯᠠᠪᠤᠷᠢ ᠬᠠᠩᠭ᠋ᠠᠬᠤ᠎ᠪᠠᠷ ᠪᠣᠯᠵᠠᠢ᠃ ᠳᠡᠨᠦᠬᠦᠴᠢᠯᠡᠨ ᠪᠠᠳᠢᠷᠯᠠᠭᠰᠠᠳᠢ ᠳᠤᠰᠠᠯᠠᠵᠤ ᠳᠤᠯᠠᠭ᠋ᠠᠨ ᠪᠦᠯᠢᠶᠡᠨ ᠡᠪᠤᠯᠵᠢᠬᠦᠯᠬᠦ ᠠᠵᠢᠯᠯᠠᠭ᠎ᠠ ᠦᠷᠨᠢᠬᠦᠯᠵᠤ᠂ ᠨᠡᠢ᠌ᠳᠡ 747 ᠬᠦᠮᠦᠨ (ᠤᠳᠠᠭ᠎ᠠ)᠎ᠢ ᠳᠤᠰᠠᠯᠠᠵᠠᠢ᠃ ᠪᠦᠬᠦ ᠠᠢ᠌ᠮᠠᠭ᠎ᠤᠨ ᠬᠦᠴᠢᠷᠳᠡᠯ᠎ᠲᠠᠢ ᠵᠡᠮᠳᠡᠭ ᠬᠦᠮᠦᠰ ᠪᠤᠯᠤᠨ ᠬᠦᠨᠳᠤ ᠵᠡᠮᠳᠡᠭ ᠬᠦᠮᠦᠰ᠎ᠲᠤ ᠠᠮᠢᠳᠤᠷᠠᠯ ᠪᠤᠯᠤᠨ ᠰᠤᠪᠢᠯᠠᠬᠤ ᠨᠦᠬᠦᠪᠤᠷᠢ ᠦᠭᠬᠦ ᠵᠢ ᠦᠷᠬᠦᠯᠵᠢᠯᠡᠨ ᠨᠠᠢ᠌ᠳᠠᠪᠤᠷᠢᠵᠢᠭᠤᠯᠵᠤ᠂ ᠣᠳᠣ ᠨᠡᠢ᠌ᠳᠡ 2917 ᠳᠦᠮᠡᠨ ᠳᠦᠬᠦᠷᠢᠭ ᠦᠭᠴᠤ ᠨᠠᠢ᠌ᠳᠠᠪᠤᠷᠢᠵᠢᠭᠤᠯᠵᠠᠢ᠃ ᠨᠤᠳᠤᠭ᠎ᠲᠤ᠎ᠪᠠᠨ ᠪᠠᠢ᠌ᠭ᠎ᠠ ᠴᠡᠷᠢᠭ᠎ᠠᠴᠠ ᠬᠠᠯᠠᠭᠳᠠᠭᠰᠠᠨ ᠨᠠᠰᠤᠳᠠᠢ᠌ᠴᠤᠳ᠎ᠲᠤ ᠬᠦᠮᠦᠨ ᠳᠤᠳᠤᠮ ᠰᠠᠷ᠎ᠠ ᠪᠦᠷᠢ 2266 ᠳᠦᠬᠦᠷᠢᠭ᠎ᠤᠨ ᠠᠮᠢᠳᠤᠷᠠᠯ᠎ᠤᠨ ᠨᠦᠬᠦᠪᠤᠷᠢ ᠦᠭᠴᠤ᠂ ᠠᠮᠢᠳᠤᠷᠠᠯ᠎ᠢ᠎ᠨᠢ ᠪᠠᠳᠤᠯᠠᠵᠤ ᠪᠠᠢ᠌ᠨ᠎ᠠ᠃