ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠬᠠᠮᠳᠤ ᠵᠢᠨ ᠴᠢᠭᠡᠴᠢ ᠵᠠᠰᠠᠭ᠎ᠤᠨ ᠳᠤᠬᠠᠢ ᠶᠠᠷᠢᠯᠴᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄ 2018-11-28

         
      ᠨᠠᠮ᠎ᠢ ᠪᠦᠬᠦ ᠳᠠᠯ᠎ᠠ᠎ᠪᠠᠷ ᠴᠢᠩᠭ᠎ᠠ ᠵᠠᠰᠠᠬᠤ 《ᠭᠤᠤᠯ ᠴᠤᠭᠴᠠ ᠵᠢᠨ ᠬᠠᠷᠢᠭᠤᠴᠠᠯᠭ᠎ᠠ》 ᠵᠢ ᠨᠠᠢ᠌ᠳᠠᠪᠤᠷᠢᠵᠢᠭᠤᠯᠵᠤ᠂ ᠨᠠᠮ᠎ᠤᠨ ᠭᠡᠰᠢᠬᠦᠨ ᠤᠳᠤᠷᠢᠳᠬᠤ ᠺᠠᠳ᠋ᠷ᠎ᠤᠨ 《ᠨᠢᠭᠡ ᠪᠠᠢ᠌ᠷᠢ ᠬᠤᠤᠰ ᠬᠠᠷᠢᠭᠤᠴᠠᠯᠭ᠎ᠠ》 ᠵᠢᠨ ᠤᠬᠠᠮᠰᠠᠷ ᠪᠤᠯᠤᠨ ᠠᠷᠢᠭᠤᠨ ᠴᠢᠭᠡᠴᠢ᠎ᠪᠠᠷ ᠪᠠᠶ᠎ᠠ᠎ᠪᠠᠨ ᠪᠠᠷᠢᠬᠤ ᠤᠬᠠᠮᠰᠠᠷ᠎ᠢ ᠴᠢᠩᠭ᠋ᠠᠳᠬᠠᠬᠤ ᠵᠢᠨ ᠳᠤᠯᠠᠳᠠ᠂ 11 ᠳ᠋ᠤᠭᠡᠷ ᠰᠠᠷ᠎ᠠ ᠵᠢᠨ 16᠎ᠤ ᠠ᠋ᠳᠤᠷ ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠳᠤᠪᠴᠢᠶᠠᠨ ᠳᠠᠷᠤᠭ᠎ᠠ ᠹᠠᠨ ᠠᠢ ᠵᠢᠢ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠪᠠᠢ᠌ᠭᠤᠯᠭ᠎ᠠ ᠵᠢᠨ ᠡᠯ᠎ᠡ ᠰᠠᠯᠠᠭ᠎ᠠ ᠠᠯᠪᠠᠨ ᠭᠡᠷ᠎ᠤᠨ ᠬᠠᠷᠢᠭᠤᠴᠠᠯᠭ᠋ᠠᠳᠠᠨ᠂ ᠳᠤᠪᠴᠢᠶᠠᠨ᠎ᠤ ᠰᠢᠭᠤᠳ ᠬᠠᠷᠢᠶ᠎ᠠ ᠡᠯ᠎ᠡ ᠨᠢᠭᠡᠴᠢ ᠵᠢᠨ ᠨᠠᠮ ᠵᠠᠰᠠᠭ᠎ᠤᠨ ᠭᠤᠤᠯ ᠬᠠᠷᠢᠭᠤᠴᠠᠯᠭ᠋ᠠᠳᠠᠨ 50 ᠭᠠᠷᠤᠢ ᠬᠦᠮᠦᠨ᠎ᠢ ᠴᠤᠭᠯᠠᠭᠤᠯᠤᠨ ᠬᠠᠮᠳᠤ ᠵᠢᠨ ᠴᠢᠭᠡᠴᠢ ᠵᠠᠰᠠᠭ᠎ᠤᠨ ᠳᠤᠬᠠᠢ ᠶᠠᠷᠢᠯᠴᠠᠭ᠎ᠠ ᠬᠢᠵᠠᠢ᠃
      ᠹᠠᠨ ᠠᠢ ᠵᠢᠢ ᠶᠠᠷᠢᠶᠠᠨ᠎ᠳᠤ᠎ᠪᠠᠨ᠂ ᠤᠯᠤᠰ ᠳᠦᠷᠦ ᠳᠡᠭᠡᠷ᠎ᠡ᠎ᠪᠠᠨ ᠠ᠋ᠷᠡᠰ ᠭᠣᠢ᠌ᠪᠢᠰᠢ ᠦᠭᠡᠢ ᠪᠠᠢ᠌ᠵᠤ᠂ ᠤᠯᠤᠰ ᠳᠦᠷᠦ ᠪᠤᠯᠤᠨ ᠦᠢ᠍ᠯᠡ ᠠᠵᠢᠯᠯᠠᠭ᠎ᠠ ᠳᠡᠭᠡᠷ᠎ᠠ ᠤᠬᠠᠮᠰᠠᠷ᠎ᠠᠴᠠ᠎ᠪᠠᠨ ᠨᠠᠮ᠎ᠤᠨ ᠳᠦᠪ ᠬᠤᠷᠢᠶ᠎ᠠ᠎ᠲᠠᠢ ᠳᠡᠭᠡᠳᠤ ᠭᠡᠮᠵᠢᠶ᠎ᠡ᠎ᠪᠠᠷ ᠨᠢᠭᠡᠳᠦᠯᠳᠡᠢ ᠪᠠᠢ᠌ᠬᠤ ᠵᠢ ᠪᠠᠷᠢᠮᠳᠠᠯᠠᠨ᠂ ᠤᠯᠤᠰ ᠳᠦᠷᠦ ᠵᠢ ᠠᠵᠢᠯ ᠰᠤᠷᠤᠯᠭ᠎ᠠ ᠪᠤᠯᠤᠨ ᠠᠮᠢᠳᠤᠷᠠᠯ ᠠᠬᠤᠢ ᠵᠡᠷᠭᠡ ᠤᠯᠠᠨ ᠳᠠᠯ᠎ᠠ᠎ᠳᠤ ᠨᠠᠢ᠌ᠳᠠᠪᠤᠷᠢᠵᠢᠭᠤᠯᠬᠤ ᠭᠡᠷᠡᠭᠳᠡᠢ᠃ ᠦᠵᠡᠯ ᠰᠠᠨᠠᠭ᠋ᠠᠨ᠎ᠤ ᠳᠠᠯ᠎ᠠ᠎ᠪᠠᠷ ᠬᠤᠷᠴᠠ ᠰᠡᠷᠭᠡᠭ᠂ ᠤᠪᠤᠷ᠎ᠤᠨ ᠳᠠᠯ᠎ᠠ᠎ᠪᠠᠷ ᠳᠤᠭ ᠳᠡᠮᠳᠡᠭ ᠳᠤᠳᠤᠷᠬᠠᠢ ᠪᠠᠢ᠌ᠵᠤ᠂ ᠴᠢᠭᠡᠴᠢ ᠵᠠᠰᠠᠭ᠎ᠤᠨ ᠳᠤᠬᠠᠢ ᠳᠦᠷᠢᠮ ᠳᠤᠭᠳᠠᠭ᠋ᠠᠯ᠎ᠢ ᠢᠳᠡᠪᠬᠢᠳᠡᠢ᠎ᠪᠠᠷ ᠭᠡᠷᠡᠭᠵᠢᠬᠦᠯᠤᠨ᠂ ᠡᠯ᠎ᠡ ᠵᠦᠢ᠍ᠯ᠎ᠤᠨ ᠬᠠᠮᠢᠶᠠᠷᠤᠯᠳᠠ ᠵᠢᠨ ᠳᠦᠷᠢᠮ᠎ᠢ ᠨᠠᠷᠢᠯᠢᠭᠵᠢᠭᠤᠯᠵᠤ᠂ ᠠ᠋ᠷᠭᠡ ᠠᠰᠢᠭ᠎ᠢ ᠳᠦᠷᠢᠮ ᠵᠶ᠋ᠡᠷ ᠬᠠᠮᠢᠶᠠᠷᠬᠤ ᠭᠡᠷᠡᠭᠳᠡᠢ᠃ ᠴᠢᠭᠡᠴᠢ ᠵᠠᠰᠠᠭ᠎ᠤᠨ ᠪᠠᠢ᠌ᠭᠤᠯᠤᠯᠳᠠ ᠵᠢ ᠱᠠᠳᠤ ᠱᠠᠳᠤ᠎ᠪᠠᠷ ᠨᠠᠢ᠌ᠳᠠᠪᠤᠷᠢᠵᠢᠭᠤᠯᠤᠨ᠂ ᠠᠰᠠᠭᠤᠳᠠᠯ᠎ᠢ ᠠ᠋ᠷᠳᠡ᠎ᠠᠴᠠ ᠰᠡᠷᠡᠮᠵᠢᠯᠡᠬᠦᠯᠵᠤ ᠠ᠋ᠷᠳᠡ᠎ᠠᠴᠠ ᠵᠠᠯᠠᠷᠠᠭᠤᠯᠵᠤ᠂ ᠭᠤᠤᠯ ᠴᠤᠭᠴᠠ ᠵᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠬᠦᠢ᠍ᠴᠡᠳᠭᠡᠬᠦ ᠭᠡᠷᠡᠭᠳᠡᠢ᠃ 《ᠬᠠᠳᠠᠭ᠋ᠠᠰᠤ ᠬᠠᠳᠠᠬᠤ》 ᠵᠤᠷᠢᠭ ᠰᠠᠨᠠᠭ᠎ᠠ᠎ᠪᠠᠷ ᠰᠤᠷᠳᠠᠯ᠎ᠤᠨ ᠪᠠᠢ᠌ᠭᠤᠯᠤᠯᠳᠠ ᠵᠢ ᠴᠢᠩᠭ᠋ᠠᠳᠬᠠᠵᠤ᠂ 《ᠳᠦᠷᠪᠡᠨ ᠰᠤᠷᠳᠠᠯ》᠎ᠤᠨ ᠠᠰᠠᠭᠤᠳᠠᠯ᠎ᠢ ᠤᠬᠠᠮᠰᠠᠷ᠎ᠠᠴᠠ᠎ᠪᠠᠨ ᠵᠠᠯᠠᠷᠠᠭᠤᠯᠤᠨ᠂ ᠨᠠᠮ᠎ᠤᠨ ᠳᠦᠪ ᠬᠤᠷᠢᠶᠠᠨ᠎ᠤ ᠨᠠᠢ᠍ᠮᠠᠨ ᠵᠣᠷᠪᠣᠰ ᠳᠤᠭᠳᠠᠭ᠋ᠠᠯ᠂ ᠦᠪᠡᠷᠳᠡᠭᠡᠨ ᠵᠠᠰᠠᠬᠤ ᠤᠷᠤᠨ᠎ᠤ 28 ᠵᠤᠷᠪᠤᠰ ᠳᠦᠬᠦᠷᠵᠢᠬᠦᠯᠦᠭᠰᠡᠨ ᠳᠤᠭᠳᠠᠭ᠋ᠠᠯ ᠪᠤᠯᠤᠨ ᠬᠦᠬᠡᠬᠤᠳᠠ ᠵᠢᠨ 30 ᠵᠤᠷᠪᠤᠰ ᠪᠤᠳᠠᠳᠠᠢ ᠳᠤᠭᠳᠠᠭ᠋ᠠᠯ᠎ᠢ ᠠ᠋ᠷᠡᠰ ᠴᠢᠩᠭ᠎ᠠ ᠨᠠᠢ᠌ᠳᠠᠪᠤᠷᠢᠵᠢᠭᠤᠯᠬᠤ ᠭᠡᠷᠡᠭᠳᠡᠢ᠃ ᠬᠠᠤᠯᠢ ᠴᠠᠭ᠋ᠠᠵᠠ ᠳᠦᠷᠢᠮ ᠳᠤᠭᠳᠠᠭ᠋ᠠᠯ᠎ᠢ ᠵᠦᠷᠢᠴᠡᠭᠰᠡᠨ ᠭᠡᠷᠡᠭ᠎ᠢ ᠪᠠᠢ᠌ᠴᠠᠭ᠋ᠠᠨ ᠰᠢᠢ᠍ᠳᠪᠤᠷᠢᠯᠡᠬᠦ ᠬᠦᠴᠤᠨ ᠵᠶ᠋ᠡᠨ ᠴᠢᠩᠭ᠋ᠠᠷᠠᠭᠤᠯᠵᠤ᠂ ᠠᠷᠠᠳ᠎ᠤᠨ ᠶᠠᠪᠤᠳᠠᠯ᠎ᠳᠤ ᠬᠤᠯᠪᠤᠭᠳᠠᠬᠤ ᠪᠡᠯᠡ ᠮᠦᠩᠬᠦᠨ᠎ᠤ ᠭᠡᠷᠡᠭᠯᠡᠯᠳᠡ ᠬᠠᠮᠢᠶᠠᠷᠤᠯᠳᠠ᠂ ᠭᠤᠤᠯᠳᠠᠯᠭ᠎ᠠ᠎ᠲᠠᠢ ᠳᠦᠷᠦᠯ ᠵᠦᠢ᠍ᠯ᠎ᠤᠨ ᠪᠦᠳᠦᠭᠡᠨ ᠪᠠᠢ᠌ᠭᠤᠯᠤᠯᠳᠠ ᠪᠤᠯᠤᠨ ᠠᠷᠠᠳ᠎ᠤᠨ ᠶᠠᠪᠤᠳᠠᠯ᠎ᠤᠨ ᠳᠤᠬᠠᠢ᠌ᠯᠠᠭᠰᠠᠨ ᠠᠵᠢᠯ ᠵᠡᠷᠭᠡ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠢᠯᠵᠡᠷᠡᠯ᠎ᠢ ᠵᠠᠰᠠᠨ ᠴᠡᠭᠴᠡᠯᠡᠬᠦ ᠵᠢ ᠠ᠋ᠷᠴᠢᠮᠵᠢᠬᠦᠯᠦᠨ᠂ ᠤᠯᠠᠨ ᠳᠦᠮᠡᠨ᠎ᠤ ᠳᠤᠰᠬᠠᠯ ᠶᠡᠭᠡᠳᠡᠢ ᠠᠰᠠᠭᠤᠳᠠᠯ ᠪᠠ ᠳᠦᠪᠯᠡᠷᠡᠩᠬᠦᠢ ᠠᠰᠠᠭᠤᠳᠠᠯ᠎ᠢ ᠭᠤᠤᠯᠳᠠᠯᠭ᠎ᠠ᠎ᠲᠠᠢ ᠪᠠᠢ᠌ᠴᠠᠭ᠋ᠠᠨ ᠰᠢᠢ᠍ᠳᠪᠤᠷᠢᠯᠡᠬᠦ ᠭᠡᠷᠡᠭᠳᠡᠢ ᠭᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠰᠢᠯᠢ ᠵᠢᠨ ᠭᠤᠤᠯ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠬᠦᠴᠢᠷᠳᠡᠯ᠎ᠲᠠᠢ ᠤᠯᠠᠨ ᠳᠦᠮᠡᠨ᠎ᠢ ᠳᠤᠯᠠᠭ᠋ᠠᠨ ᠪᠦᠯᠢᠶᠡᠨ ᠡᠪᠤᠯᠵᠢᠬᠦᠯᠬᠦ᠎ᠪᠠᠷ ᠴᠢᠷᠮᠠᠢ᠌ᠵᠤ ᠪᠠᠢ᠌ᠨ᠎ᠠ
ᠬᠦᠯᠦᠨ ᠪᠤᠢ᠌ᠷ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ 《ᠬᠦᠯᠦᠨ ᠪᠤᠢ᠌ᠷ ᠬᠤᠳᠠ ᠵᠢᠨ ᠮᠠᠯᠵᠢᠬᠤ ᠳᠠᠷᠢᠶᠠᠯᠠᠬᠤ ᠤᠷᠤᠨ᠎ᠤ ᠭᠡᠷ᠎ᠲᠤ᠎ᠪᠠᠨ ᠦᠯᠡᠳᠡᠭᠰᠡᠨ ᠨᠠᠰᠤᠲᠠᠳ ᠪᠤᠯᠤᠨ ᠭᠡᠷ ᠵᠶ᠋ᠡᠨ ᠰᠠᠬᠢᠭᠰᠠᠨ ᠨᠠᠰᠤᠲᠠᠳ᠎ᠲᠤ ᠦᠢ᠍ᠯᠡᠴᠢᠯᠡᠬᠦ ᠠᠵᠢᠯ᠎ᠢ ᠴᠢᠩᠭ᠋ᠠᠳᠬᠠᠬᠤ ᠳᠤᠬᠠᠢ ᠭᠡᠷᠡᠭᠵᠢᠬᠦᠯᠬᠦ ᠳᠦᠰᠦᠯ》 ᠳᠤᠭᠳᠠᠭ᠋ᠠᠪᠠ
ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ᠎ᠬᠢᠨ ᠬᠦᠴᠢᠷᠳᠡᠯ᠎ᠲᠠᠢ ᠭᠡᠷ ᠪᠦᠯᠢ ᠵᠢᠨ ᠡᠪᠤᠯ᠎ᠤᠨ ᠤᠯᠠᠷᠢᠯ᠎ᠤᠨ ᠳᠤᠯᠠᠭ᠋ᠠᠴᠠᠯ᠎ᠤᠨ ᠨᠦᠬᠦᠪᠤᠷᠢ ᠵᠢ ᠦᠭᠴᠤ ᠨᠠᠢ᠌ᠳᠠᠪᠤᠷᠢᠵᠢᠭᠤᠯᠪᠠ
ᠦᠪᠦᠷ ᠮᠤᠩᠭᠤᠯ ᠪᠤᠯᠤᠨ ᠱᠠᠨ ᠰᠢ ᠮᠤᠵᠢ ᠵᠢᠨ ᠵᠠᠰᠠᠭ ᠵᠠᠬᠢᠷᠭ᠋ᠠᠨ᠎ᠤ ᠤᠷᠤᠨ᠎ᠤ ᠵᠠᠭ᠋ᠠᠭ ᠱᠤᠭᠤᠮ᠎ᠤᠨ ᠳᠦᠷᠪᠡᠳᠦᠭᠡᠷ ᠠ᠋ᠭᠡᠯᠵᠢ ᠵᠢᠨ ᠬᠠᠮᠳᠤᠷᠠᠭᠰᠠᠨ ᠪᠠᠢ᠌ᠴᠠᠭ᠋ᠠᠯᠳᠠ ᠵᠢᠨ ᠠᠵᠢᠯ᠎ᠤᠨ ᠳ᠋ᠦᠩᠨᠡᠯᠳᠡ ᠵᠢᠨ ᠬᠤᠷᠠᠯ ᠬᠦᠭᠡᠬᠤᠳᠠ᠎ᠳᠤ ᠬᠤᠷᠠᠯᠳᠤᠪᠠ
ᠠᠷᠠᠳ᠎ᠤᠨ ᠶᠠᠪᠤᠳᠠᠯ᠎ᠤᠨ ᠳᠢᠩᠬᠢᠮ ᠪᠦᠯᠬᠦᠮ ᠳᠤᠮᠢᠯᠠᠨ ᠳᠤᠯᠤᠳᠤᠭ᠋ᠠᠷ ᠬᠤᠭᠤᠴᠠᠭ᠋ᠠᠨ᠎ᠤ ᠪᠡᠭᠡᠵᠢᠩ᠎ᠤᠨ ᠤᠯᠠᠨ ᠤᠯᠤᠰ᠎ᠤᠨ ᠨᠡᠰᠤᠳᠠᠢ᠌ᠴᠤᠳ᠎ᠤᠨ ᠠᠵᠤ ᠦᠢ᠍ᠯᠡᠰ᠎ᠤᠨ ᠦᠵᠡᠰᠬᠦᠯᠡᠩ᠎ᠳᠤ ᠤᠷᠤᠯᠴᠠᠪᠠ
 
            