ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠤᠯᠠᠭ᠋ᠠᠨᠴᠠᠪ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠱᠦᠵᠢ ᠵᠢᠨ 2018 ᠤᠨ᠎ᠳᠤ ᠦᠨᠳᠦᠰᠤᠨ ᠱᠠᠳᠤᠨ᠎ᠤ ᠨᠠᠮ᠎ᠤᠨ ᠪᠠᠢ᠌ᠭᠤᠯᠤᠯᠳᠠ ᠵᠢ ᠬᠡᠷᠬᠢᠨ ᠠᠳᠬᠤᠭᠰᠠᠨ ᠳᠤᠬᠠᠢ ᠳᠤᠰᠢᠶᠠᠯ᠎ᠤᠨ ᠮᠡᠳᠡᠬᠦᠯᠦᠯᠳᠡ ᠵᠢᠨ ᠬᠤᠷᠠᠯ ᠬᠢᠪᠠ
ᠨᠡᠶᠢᠲᠡᠯᠡᠭᠰᠡᠨ ᠴᠠᠭ᠄ 2019-01-04

                                               
     12 ᠳ᠋ᠤᠭ᠋ᠠᠷ ᠰᠠᠷ᠎ᠡ ᠵᠢᠨ 26᠎ᠤ ᠠ᠋ᠳᠤᠷ᠂ ᠤᠯᠠᠭ᠋ᠠᠨᠴᠠᠪ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ ᠠᠷᠡᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠱᠦᠵᠢ ᠵᠢᠨ 2018 ᠤᠨ᠎ᠳᠤ ᠦᠨᠳᠦᠰᠤᠨ ᠱᠠᠳᠤᠨ᠎ᠤ ᠨᠠᠮ᠎ᠤᠨ ᠪᠠᠢ᠌ᠭᠤᠯᠤᠯᠳᠠ ᠵᠢ ᠠᠳᠬᠤᠭᠰᠠᠨ ᠳᠤᠬᠠᠢ ᠳᠤᠰᠢᠶᠠᠯ᠎ᠤᠨ ᠮᠡᠳᠡᠬᠦᠯᠦᠯᠳᠡ ᠵᠢᠨ ᠬᠤᠷᠠᠯ ᠬᠢᠵᠤ᠂ ᠪᠠᠢ᠌ᠭᠤᠯᠭ᠎ᠠ ᠵᠢᠴᠢ ᠳᠤᠪᠴᠢᠶᠠᠨ᠎ᠤ ᠰᠢᠭᠤᠳ ᠬᠠᠷᠢᠶ᠎ᠠ ᠡᠯ᠎ᠡ ᠨᠠᠮ᠎ᠤᠨ ᠠ᠋ᠬᠦᠷ᠎ᠤᠨ ᠱᠦᠵᠢ ᠵᠢᠨ ᠦᠨᠳᠦᠰᠤᠨ ᠱᠠᠳᠤᠨ᠎ᠤ ᠨᠠᠮ᠎ᠤᠨ ᠪᠠᠢ᠌ᠭᠤᠯᠤᠯᠳᠠ ᠵᠢᠨ ᠠᠵᠢᠯ᠎ᠢ ᠬᠡᠷᠬᠢᠨ ᠠᠳᠬᠤᠭᠰᠠᠨ ᠳᠤᠬᠠᠢ ᠳᠤᠰᠢᠶᠠᠯ᠎ᠤᠨ ᠮᠡᠳᠡᠬᠦᠯᠦᠯᠳᠡ ᠵᠢ ᠰᠤᠨᠤᠰᠬᠤ ᠵᠢᠨ ᠬᠠᠮᠳᠤ ᠡᠯ᠎ᠡ ᠨᠠᠮ᠎ᠤᠨ ᠠ᠋ᠬᠦᠷ᠎ᠤᠨ ᠱᠦᠵᠢ ᠵᠢᠨ ᠳᠤᠰᠢᠶᠠᠯ᠎ᠤᠨ ᠮᠡᠳᠡᠬᠦᠯᠦᠯᠳᠡ ᠵᠢ ᠠᠷᠠᠳᠴᠢᠯᠠᠯ ᠵᠶ᠋ᠡᠷ ᠦᠨᠡᠯᠡᠵᠡᠢ᠃ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠰᠢᠭᠤᠳ ᠬᠠᠷᠢᠶ᠎ᠠ ᠠᠷᠠᠳ᠎ᠤᠨ ᠶᠠᠪᠤᠳᠠᠯ᠎ᠤᠨ ᠰᠢᠰᠲᠸᠮ᠎ᠤᠨ ᠡᠯ᠎ᠡ ᠨᠡᠮ᠎ᠤᠨ ᠠ᠋ᠬᠦᠷ᠎ᠤᠨ ᠭᠡᠰᠢᠬᠦᠨ ᠬᠤᠷᠠᠯ᠎ᠳᠤ ᠤᠷᠤᠯᠴᠠᠵᠠᠢ᠃
      ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠳᠤᠪᠴᠢᠶᠠᠨ᠎ᠤ ᠳᠠᠷᠤᠭ᠎ᠠ ᠴᠸᠩ ᠳᠢᠶᠠᠨ ᠹᠦ᠋ ᠶᠡᠷᠢᠶ᠎ᠡ ᠳᠠᠯᠪᠢᠵᠤ᠂ 2018 ᠤᠨ᠎ᠠᠴᠠ ᠨᠠᠭ᠋ᠠᠰᠢ᠂ ᠬᠤᠳᠠ ᠵᠢᠨ ᠰᠢᠭᠤᠳ ᠬᠠᠷᠢᠶ᠎ᠠ ᠠᠷᠠᠳ᠎ᠤᠨ ᠶᠠᠪᠤᠳᠠᠯ᠎ᠤᠨ ᠰᠢᠰᠲᠸᠮ᠎ᠤᠨ ᠡᠯ᠎ᠡ ᠨᠡᠮ᠎ᠤᠨ ᠠ᠋ᠬᠦᠷ ᠶᠡᠷᠦᠩᠭᠡᠢ ᠱᠦᠵᠢ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠤᠯᠤᠨ ᠨᠠᠮ᠎ᠤᠨ ᠠᠷᠪᠡ ᠶᠢᠰᠦᠳᠦᠭᠡᠷ ᠶᠡᠭᠡ ᠬᠤᠷᠠᠯ᠎ᠤᠨ ᠵᠤᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ ᠳᠤᠭᠤᠰᠢᠯᠠᠭᠤᠯᠤᠨ᠂ ᠨᠠᠮ᠎ᠤᠨ ᠤᠯᠤᠰ ᠳᠦᠷᠦ ᠵᠢᠨ ᠪᠠᠢ᠌ᠭᠤᠯᠤᠯᠳᠠ᠂ ᠦᠵᠡᠯ ᠰᠠᠨᠠᠭ᠋ᠠᠨ᠎ᠤ ᠪᠠᠢ᠌ᠭᠤᠯᠤᠯᠳᠠ᠂ ᠵᠤᠬᠢᠶᠠᠨ ᠪᠠᠢ᠌ᠭᠤᠯᠤᠯᠳᠠ ᠵᠢᠨ ᠪᠠᠢ᠌ᠭᠤᠯᠤᠯᠳᠠ᠂ ᠰᠤᠷᠳᠠᠯ᠎ᠤᠨ ᠪᠠᠢ᠌ᠭᠤᠯᠤᠯᠳᠠ᠂ ᠰᠠᠬᠢᠯᠭ᠎ᠠ ᠪᠠᠳᠤ ᠵᠢᠨ ᠪᠠᠢ᠌ᠭᠤᠯᠤᠯᠳᠠ ᠵᠢ ᠦᠷᠬᠦᠯᠵᠢᠯᠡᠨ ᠴᠢᠩᠭ᠋ᠠᠳᠬᠠᠵᠤ᠂ ᠦᠨᠳᠦᠰᠤᠨ ᠱᠠᠳᠤᠨ᠎ᠤ ᠨᠠᠮ᠎ᠤᠨ ᠪᠠᠢ᠌ᠭᠤᠯᠤᠯᠳᠠ ᠵᠢᠨ ᠠᠵᠢᠯ᠎ᠢ ᠪᠦᠳᠦᠮᠵᠢᠳᠡᠢ ᠠᠬᠢᠭᠤᠯᠪᠠ᠃ ᠳᠠᠷᠠᠭ᠋ᠠᠴᠢ᠎ᠪᠠᠷ᠂ ᠦᠨᠳᠦᠰᠤᠨ ᠱᠠᠳᠤᠨ᠎ᠤ ᠡᠯ᠎ᠡ ᠨᠠᠮ᠎ᠤᠨ ᠠ᠋ᠬᠦᠷ᠎ᠤᠨ ᠱᠦᠵᠢ ᠳᠤᠰ ᠪᠡᠶ᠎ᠡ ᠵᠢᠨ ᠭᠡᠪ ᠪᠤᠯᠪᠠᠰᠤᠷᠠᠯ ᠵᠶ᠋ᠡᠨ ᠳᠠᠰᠤᠷᠠᠯᠳᠠ ᠦᠭᠡᠢ ᠳᠡᠭᠡᠭᠰᠢᠯᠡᠬᠦᠯᠵᠤ᠂ ᠠ᠋ᠩᠨᠡᠭᠡᠨ᠎ᠤ ᠪᠦᠳᠦᠭᠡᠨ ᠪᠠᠢ᠌ᠭᠤᠯᠤᠯᠳᠠ᠎ᠪᠠᠨ ᠴᠢᠩᠭ᠋ᠠᠳᠬᠠᠨ᠂ ᠨᠠᠮ᠎ᠤᠨ ᠭᠡᠰᠢᠬᠦᠨ ᠤᠳᠤᠷᠢᠳᠬᠤ ᠺᠠᠳ᠋ᠷ᠎ᠤᠨ ᠤᠯᠤᠰ ᠳᠦᠷᠦ ᠵᠢᠨ ᠤᠬᠠᠮᠰᠠᠷ᠂ ᠤᠯᠤᠰ ᠳᠦᠷᠦ ᠵᠢᠨ ᠭᠡᠪ ᠪᠤᠯᠪᠠᠰᠤᠷᠠᠯ᠂ ᠤᠯᠤᠰ ᠳᠦᠷᠦ ᠵᠢᠨ ᠴᠢᠳᠠᠪᠤᠷᠢ᠎ᠪᠠᠨ ᠳᠡᠭᠡᠭᠰᠢᠯᠡᠬᠦᠯᠬᠦ ᠵᠢ ᠳᠡᠷᠢᠬᠦᠨ᠎ᠳᠤ ᠲᠠᠯᠪᠢᠨ᠂ ᠠᠵᠢᠯᠯᠠᠭ᠎ᠠ᠎ᠪᠠᠨ ᠰᠢᠨᠡᠴᠢᠯᠡᠵᠤ᠂ ᠠᠵᠢᠯ ᠵᠶ᠋ᠠᠨ ᠠ᠋ᠷᠴᠢᠮᠵᠢᠬᠦᠯᠵᠤ᠂ ᠨᠠᠮ᠎ᠤᠨ ᠪᠠᠢ᠌ᠭᠤᠯᠤᠯᠳᠠ᠎ᠪᠠᠷ ᠵᠢᠯᠤᠭᠤᠳᠤᠮᠵᠢ ᠪᠤᠯᠭ᠋ᠠᠬᠤ ᠵᠢ ᠪᠠᠷᠢᠮᠳᠠᠯᠠᠬᠤ ᠭᠡᠷᠡᠭᠳᠡᠢ; ᠠᠵᠢᠯ᠎ᠤᠨ ᠳᠤᠮᠳᠠ ᠪᠤᠶᠤ ᠦᠵᠡᠯ ᠰᠠᠨᠠᠭ᠋ᠠᠨ ᠳᠡᠭᠡᠷ᠎ᠡ ᠤᠷᠤᠰᠢᠵᠤ ᠪᠠᠢ᠌ᠭ᠎ᠠ ᠠᠰᠠᠭᠤᠳᠠᠯ᠎ᠢ ᠦᠨᠡᠨ ᠪᠤᠳᠠᠳᠠᠢ ᠰᠢᠢ᠍ᠳᠪᠤᠷᠢᠯᠡᠵᠤ᠂ ᠨᠠᠮ᠎ᠤᠨ ᠪᠠᠢ᠌ᠭᠤᠯᠤᠯᠳᠠ ᠪᠤᠯᠤᠨ ᠳᠤᠬᠠᠢ᠌ᠯᠠᠭᠰᠠᠨ ᠠᠵᠢᠯ᠎ᠢ ᠭᠦᠨᠵᠡᠭᠡᠢ ᠠᠭᠤᠰᠤᠯᠴᠠᠭᠤᠯᠤᠨ᠂ 《ᠳᠦᠪ ᠰᠤᠷᠳᠠᠯ》 ᠵᠶ᠋ᠡᠷ ᠦᠨᠳᠦᠰᠦᠯᠡᠯ ᠪᠤᠯᠭ᠋ᠠᠵᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠰᠤᠷᠳᠠᠯ᠎ᠤᠨ ᠪᠠᠢ᠌ᠭᠤᠯᠤᠯᠳᠠ ᠵᠢ ᠴᠢᠩᠭ᠋ᠠᠳᠬᠠᠨ᠂ ᠨᠠᠮ᠎ᠢ ᠪᠦᠬᠦ ᠳᠠᠯ᠎ᠠ᠎ᠪᠠᠷ ᠴᠢᠩᠭ᠎ᠠ ᠵᠠᠰᠠᠬᠤ ᠵᠢ ᠠᠬᠢᠭᠤᠯᠬᠤ ᠭᠡᠷᠡᠭᠳᠡᠢ; ᠦᠨᠳᠦᠰᠤᠨ ᠱᠠᠳᠤᠨ᠎ᠤ ᠨᠠᠮ᠎ᠤᠨ ᠪᠠᠢ᠌ᠭᠤᠯᠤᠯᠳᠠ ᠵᠢᠨ ᠬᠠᠷᠢᠭᠤᠴᠯᠠᠭ᠎ᠠ ᠵᠢ ᠳᠤᠳᠤᠷᠬᠠᠢ᠌ᠯᠠᠵᠤ᠂ ᠵᠦᠷᠢᠶ᠎ᠡ᠎ᠪᠠᠨ ᠠ᠋ᠷᠢᠨ᠂ ᠳᠤᠳᠠᠭᠤᠳᠠᠯ ᠵᠶ᠋ᠡᠨ ᠨᠦᠬᠦᠪᠤᠷᠢᠯᠡᠵᠤ᠂ ᠵᠢᠷᠤᠮᠵᠢᠯ᠎ᠢ ᠠᠳᠬᠤᠨ ᠳᠡᠭᠡᠭᠰᠢᠯᠡᠬᠦᠯᠵᠤ᠂ ᠠᠷᠠᠳ᠎ᠤᠨ ᠶᠠᠪᠤᠳᠠᠯ᠎ᠤᠨ ᠰᠢᠰᠲᠸᠮ᠎ᠤᠨ ᠦᠨᠳᠦᠰᠤᠨ ᠱᠠᠳᠤᠨ᠎ᠤ ᠨᠠᠮ᠎ᠤᠨ ᠪᠠᠢ᠌ᠭᠤᠯᠤᠯᠳᠠ ᠵᠢᠨ ᠠᠵᠢᠯ᠎ᠢ ᠰᠢᠨ᠎ᠠ ᠳᠡᠭᠳᠡᠷ᠎ᠲᠤ ᠠᠬᠢᠭᠤᠯᠬᠤ ᠭᠡᠷᠡᠭᠳᠡᠢ ᠭᠡᠵᠤ ᠱᠠᠭ᠋ᠠᠷᠳᠠᠪᠠ᠃


ᠢᠷᠡᠯᠲᠡ᠄
          
ᠬᠠᠮᠢᠶ᠎ᠡ ᠪᠦᠬᠦᠢ ᠰᠣᠨᠢᠨ
ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠬᠠᠤᠯᠢ ᠴᠠᠭ᠋ᠠᠵᠠ ᠵᠢᠨ ᠮᠡᠳᠡᠯᠭᠡ ᠵᠢᠨ ᠪᠤᠯᠪᠠᠰᠤᠷᠠᠯ᠎ᠤᠨ ᠠᠩᠬᠢ ᠠ᠋ᠷᠬᠢᠯᠡᠵᠡᠢ
ᠬᠦᠯᠦᠨ ᠪᠤᠢ᠌ᠷ ᠬᠣᠲᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠴᠢᠭ᠎ᠤᠨ ᠵᠶ᠋ᠠᠨ ᠶᠠᠳᠠᠭᠤ ᠬᠦᠴᠢᠷᠳᠡᠯ᠎ᠲᠠᠢ ᠳᠤᠰᠬᠤᠨ᠎ᠤ ᠤᠯᠠᠨ ᠳᠦᠮᠡᠨ᠎ᠢ ᠳᠤᠬᠤᠨᠢᠭᠤᠯᠪᠠ
ᠠᠯᠠᠱ᠌ᠠ ᠠᠢ᠌ᠮᠠᠭ᠎ᠤᠨ 2018 ᠤᠨ᠎ᠤ ᠡᠯ᠎ᠡ ᠵᠦᠢ᠍ᠯ᠎ᠤᠨ ᠨᠡᠢ᠌ᠭᠡᠮ᠎ᠤᠨ ᠳᠤᠰᠠᠯᠠᠮᠵᠢ ᠵᠢᠨ ᠮᠦᠩᠭᠦ 2848.2384 ᠳᠦᠮᠡᠨ ᠳᠦᠬᠦᠷᠢᠭ᠎ᠲᠤ ᠬᠦᠷᠴᠡᠢ
ᠮᠠᠨ᠎ᠤ ᠤᠷᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠠᠵᠢᠯ᠎ᠢ ᠳᠦᠷᠦᠬᠦᠯᠡᠨ ᠪᠡᠶᠡᠯᠡᠬᠦᠯᠵᠤ ᠠᠷᠠᠳ᠎ᠤᠨ ᠶᠠᠪᠤᠳᠠᠯ᠎ᠤᠨ ᠶᠠᠮᠤᠨ᠎ᠤ ᠰᠠᠢ᠌ᠰᠢᠶᠠᠯ᠎ᠢ ᠤᠯᠵᠠᠢ
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠳᠢᠩᠬᠢᠮ᠎ᠤᠨ 2018 ᠤᠨ᠎ᠤ ᠨᠡᠢ᠌ᠭᠡᠮ᠎ᠤᠨ ᠳᠤᠰᠠᠯᠠᠮᠵᠢ ᠵᠢᠨ ᠬᠦᠷᠢᠶᠡᠨ᠎ᠤ ᠰᠢᠨᠡᠴᠢᠯᠡᠯᠲᠡ ᠵᠢᠨ ᠠᠵᠢᠯᠯᠠᠭ᠎ᠠ ᠵᠢᠨ ᠪᠠᠢ᠌ᠳᠠᠯ᠎ᠤᠨ ᠳᠤᠬᠠᠢ ᠵᠠᠷᠯᠠᠯ
 
            