ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠮᠠᠨ᠎ᠤ ᠤᠷᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠠᠵᠢᠯ᠎ᠢ ᠳᠦᠷᠦᠬᠦᠯᠡᠨ ᠪᠡᠶᠡᠯᠡᠬᠦᠯᠵᠤ ᠠᠷᠠᠳ᠎ᠤᠨ ᠶᠠᠪᠤᠳᠠᠯ᠎ᠤᠨ ᠶᠠᠮᠤᠨ᠎ᠤ ᠰᠠᠢ᠌ᠰᠢᠶᠠᠯ᠎ᠢ ᠤᠯᠵᠠᠢ
ᠨᠡᠶᠢᠲᠡᠯᠡᠭᠰᠡᠨ ᠴᠠᠭ᠄ 2019-01-18

                           
     1 ᠳ᠋ᠤᠭᠡᠷ ᠰᠠᠷ᠎ᠠ ᠵᠢᠨ 15᠎ᠤ ᠠ᠋ᠳᠤᠷ ᠠᠷᠠᠳ᠎ᠤᠨ ᠶᠠᠪᠤᠳᠠᠯ᠎ᠤᠨ ᠶᠠᠮᠤᠨ ᠰᠦᠯᠵᠢᠶᠡᠨ᠎ᠳᠤ᠎ᠪᠠᠨ ᠮᠡᠳᠡᠭᠡ ᠨᠡᠢ᠌ᠳᠡᠯᠡᠵᠤ᠂ ᠮᠠᠨ᠎ᠤ ᠤᠷᠤᠨ ᠪᠦᠬᠦ ᠤᠯᠤᠰ᠎ᠲᠤ ᠳᠦᠷᠦᠬᠦᠯᠡᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠤᠭᠰᠠᠨ ᠠᠵᠢᠯ᠎ᠢ ᠮᠠᠭᠳᠠᠨ ᠰᠠᠢ᠌ᠰᠢᠶᠠᠵᠠᠢ᠃
      ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ 《ᠳᠦᠷᠦ ᠵᠢᠨ ᠶᠠᠪᠤᠳᠠᠯ᠎ᠤᠨ ᠬᠤᠷᠢᠶᠠᠨ᠎ᠤ ᠬᠦᠴᠢᠷᠳᠡᠯ᠎ᠲᠠᠢ ᠵᠡᠮᠳᠡᠭᠴᠤᠳ᠎ᠤᠨ ᠠᠮᠢᠳᠤᠷᠠᠯ᠎ᠤᠨ ᠨᠦᠬᠦᠪᠤᠷᠢ ᠪᠤᠯᠤᠨ ᠬᠦᠨᠳᠤ ᠵᠡᠮᠳᠡᠭ ᠬᠦᠮᠤᠰ᠎ᠢ ᠰᠤᠪᠢᠯᠠᠬᠤ ᠨᠦᠬᠦᠪᠤᠷᠢ ᠵᠢᠨ ᠳᠦᠷᠢᠮ᠎ᠢ ᠪᠦᠬᠦ ᠳᠡᠯ᠎ᠡ᠎ᠪᠠᠷ ᠪᠠᠢ᠌ᠭᠤᠯᠤᠨ ᠳᠡᠬᠦᠯᠳᠡᠷᠵᠢᠬᠦᠯᠬᠦ ᠳᠤᠬᠠᠢ ᠰᠠᠨᠠᠯ》᠎ᠤᠨ ᠵᠤᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠵᠡᠮᠳᠡᠭᠴᠤᠳ᠎ᠲᠤ ᠬᠤᠶᠠᠷ ᠵᠦᠢ᠍ᠯ᠎ᠤᠨ ᠨᠦᠬᠦᠪᠤᠷᠢ ᠦᠭᠬᠦᠭᠰᠡᠨ ᠮᠡᠳᠡᠭᠡ ᠵᠠᠩᠬᠢ ᠵᠢ ᠤᠯᠠᠮ ᠵᠶ᠋ᠡᠷ ᠳᠤᠳᠤᠷᠬᠠᠢ ᠪᠤᠯᠭ᠋ᠠᠨ᠂ ᠮᠡᠳᠡᠭᠡ ᠵᠠᠩᠬᠢ ᠵᠢ ᠴᠠᠭ ᠳᠠᠷᠤᠢ᠎ᠳᠤ᠎ᠨᠢ ᠬᠢᠨᠠᠨ ᠰᠢᠯᠭ᠋ᠠᠬᠤ᠂ ᠬᠠᠷᠢᠴᠠᠭᠤᠯᠬᠤ᠂ ᠬᠤᠷᠢᠶᠠᠩᠭᠤᠢ᠌ᠯᠠᠵᠤ ᠵᠠᠳᠠᠯᠬᠤ᠂ ᠬᠠᠮᠢᠶᠠᠷᠤᠯᠳᠠ ᠵᠢ ᠴᠢᠩᠭ᠋ᠠᠳᠬᠠᠬᠤ᠎ᠳᠤ ᠵᠤᠬᠢᠴᠠᠭᠤᠯᠬᠤ ᠵᠢᠨ ᠳᠦᠯᠦᠭᠡ ᠳᠤᠮᠳᠠᠳᠤ ᠤᠯᠤᠰ᠎ᠤᠨ ᠵᠡᠮᠳᠡᠭᠴᠤᠳ᠎ᠤᠨ ᠬᠤᠯᠪᠤᠭ᠎ᠠ᠎ᠲᠠᠢ ᠬᠠᠮᠳᠤᠷᠠᠨ ᠪᠦᠬᠦ ᠤᠯᠤᠰ᠎ᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢᠨ ᠮᠡᠳᠡᠭᠡ ᠵᠠᠩᠬᠢ ᠵᠢᠨ ᠰᠢᠰᠲᠸᠮ᠎ᠢ ᠨᠡᠭᠡᠭᠡᠨ ᠠᠰᠢᠭᠯᠠᠬᠤ ᠱᠠᠭ᠋ᠠᠷᠳᠠᠯᠭ᠎ᠠ ᠳᠤᠷᠠᠳᠤᠭᠰᠠᠨ ᠪᠦᠭᠡᠳ 2018 ᠤᠨ᠎ᠤ 12 ᠳ᠋ᠤᠭ᠋ᠠᠷ ᠰᠠᠷ᠎ᠠ ᠵᠢᠨ 12᠎ᠤ ᠠ᠋ᠳᠤᠷ᠎ᠠᠴᠠ ᠠ᠋ᠬᠢᠯᠡᠨ ᠳᠢᠶᠠᠨᠵᠢᠨ ᠬᠤᠳᠠ᠂ ᠠ᠋ᠾᠸᠪᠸᠢ ᠮᠤᠵᠢ᠂ ᠱᠠᠨ ᠰᠢ ᠮᠤᠵᠢ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠂ ᠵᠢᠶᠠᠩᠰᠤ ᠮᠤᠵᠢ᠂ ᠹᠦᠵᠢᠶᠡᠨ ᠮᠤᠵᠢ᠂ ᠵᠢᠶᠠᠩᠰᠢ ᠮᠤᠵᠢ᠂ ᠬᠤᠨᠠᠨ ᠮᠤᠵᠢ᠂ ᠬᠠᠢ᠌ᠨᠠᠨ ᠮᠤᠵᠢ᠂ ᠴᠦᠩᠴᠢᠩ ᠬᠤᠳᠠ᠂ ᠰᠸᠴᠤᠸᠠᠨ ᠮᠤᠵᠢ ᠵᠡᠷᠭᠡ 11 ᠮᠤᠵᠢ ᠬᠤᠳᠠ ᠤᠷᠤᠨ᠎ᠢ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠣᠷᠣᠭᠤᠯᠤᠭᠰᠠᠨ ᠪᠦᠬᠦ ᠤᠯᠤᠰ᠎ᠤᠨ ᠠᠩᠬᠠᠳᠠᠭᠴᠢ ᠮᠤᠵᠢ ᠬᠤᠳᠠ ᠤᠷᠤᠨ ᠵᠶ᠋ᠡᠷ ᠳᠤᠭᠳᠠᠭ᠋ᠠᠨ᠂ ᠡᠯ᠎ᠡ ᠮᠤᠵᠢ ᠬᠤᠳᠠ ᠤᠷᠤᠨ᠎ᠢ 1 ᠰᠠᠷ᠎ᠠ ᠵᠢᠨ ᠳᠤᠳᠤᠷ᠎ᠠ ᠳᠤᠰ ᠰᠠᠷ᠎ᠠ ᠵᠢᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠵᠤ᠂ 3 ᠰᠠᠷ᠎ᠠ ᠵᠢᠨ ᠳᠤᠳᠤᠷ᠎ᠠ 2016 ᠤᠨ᠎ᠤ 1 ᠳ᠋ᠤᠭᠡᠷ ᠰᠠᠷ᠎ᠠ᠎ᠠᠴᠠ ᠨᠠᠭ᠋ᠠᠰᠢᠬᠢ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠬᠡᠷᠡᠭᠲᠠᠢ ᠭᠡᠵᠤ ᠱᠠᠭ᠋ᠠᠷᠳᠠᠵᠠᠢ᠃ ᠮᠠᠨ᠎ᠤ ᠤᠷᠤᠨ᠎ᠤ᠎ᠬᠢᠨ ᠴᠢᠷᠮᠠᠢ᠌ᠵᠤ ᠪᠠᠢ᠌ᠭ᠋ᠠᠳ 2019 ᠤᠨ᠎ᠤ 1 ᠳ᠋ᠤᠭᠡᠷ ᠰᠠᠷ᠎ᠠ ᠵᠢᠨ 13᠎ᠤ ᠠ᠋ᠳᠤᠷ ᠪᠤᠯᠬᠤ᠎ᠳᠤ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ᠎ᠪᠠᠨ ᠪᠦᠬᠦᠨ᠎ᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠤᠭᠰᠠᠨ ᠪᠠᠢ᠌ᠨ᠎ᠠ᠃
      ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ ᠪᠤᠯᠤᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠬᠠᠮᠳᠤᠷᠠᠨ ᠬᠤᠶᠠᠷ ᠬᠤᠭᠤᠴᠠᠭ᠋ᠠᠨ᠎ᠤ 《ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠪᠤᠯᠪᠠᠰᠤᠷᠠᠯ᠎ᠤᠨ ᠠᠩᠬᠢ》 ᠠ᠋ᠷᠬᠢᠯᠡᠵᠤ᠂ ᠪᠦᠬᠦ ᠤᠷᠤᠨ᠎ᠤ ᠠᠢ᠌ᠮᠠᠭ ᠬᠤᠳᠠ᠂ ᠬᠤᠰᠢᠭᠤ ᠰᠢᠶᠠᠨ ᠬᠤᠳᠠ ᠳᠤᠭᠤᠷᠢᠭ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠪᠤᠯᠤᠨ ᠵᠡᠮᠳᠡᠭᠴᠤᠳ᠎ᠤᠨ ᠬᠤᠯᠪᠤᠭ᠎ᠠ ᠵᠢᠨ ᠬᠤᠯᠪᠤᠭᠳᠠᠯ ᠪᠦᠬᠦᠢ ᠬᠠᠷᠢᠭᠤᠴᠠᠯᠭ᠋ᠠᠳᠠᠨ ᠪᠤᠯᠤᠨ ᠳᠤᠬᠠᠢ᠌ᠯᠠᠭᠰᠠᠨ ᠠᠵᠢᠯᠳᠠᠨ ᠨᠡᠢ᠌ᠳᠡ 280 ᠭᠠᠷᠤᠢ ᠬᠦᠮᠦᠨ᠎ᠳᠤ ᠪᠤᠯᠪᠠᠰᠤᠷᠠᠯ ᠬᠦᠷᠳᠡᠭᠡᠵᠡᠢ᠃ ᠪᠤᠯᠪᠠᠰᠤᠷᠠᠯ᠎ᠤᠨ ᠬᠤᠭᠤᠴᠠᠭ᠋ᠠᠨ᠎ᠳᠤ ᠳᠤᠬᠠᠢ ᠵᠢᠨ ᠳᠠᠯᠠᠪᠠᠢ᠎ᠳᠤ᠎ᠨᠢ ᠣᠴᠢᠵᠤ ᠳᠠᠢ᠌ᠯᠤᠮᠵᠢ ᠬᠢᠬᠦ᠂ ᠬᠦᠴᠢᠷ ᠠᠰᠠᠭᠤᠳᠠᠯ᠎ᠳᠤ ᠬᠠᠷᠢᠭᠤᠯᠳᠠ ᠦᠭᠬᠦ ᠵᠡᠷᠭᠡ ᠠᠷᠭ᠎ᠠ ᠵᠢ ᠭᠡᠷᠡᠭᠯᠡᠭᠰᠡᠨ ᠪᠦᠭᠡᠳ ᠺᠣᠮᠫᠢᠦᠢ᠍ᠲᠸᠷ᠎ᠤᠨ ᠮᠡᠷᠭᠡᠵᠢᠯ᠎ᠤᠨ ᠵᠢᠭ᠋ᠠᠨ ᠰᠤᠷᠭ᠋ᠠᠯᠳᠠ ᠵᠢᠨ ᠮᠠᠲᠸᠷᠢᠶᠠᠯ ᠬᠠᠩᠭ᠋ᠠᠵᠠᠢ᠃
      ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠠᠰᠠᠷᠠᠮᠵᠢ ᠵᠢᠨ ᠭᠠᠵᠠᠷ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠵᠢᠨ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ ᠪᠤᠯᠤᠨ ᠠᠵᠢᠯᠳᠠᠨ ᠴᠠᠭ ᠪᠠᠴᠢᠮ ᠠ᠋ᠬᠦᠷᠭᠡ ᠬᠦᠨᠳᠤ ᠵᠡᠷᠭᠡ ᠬᠦᠴᠢᠷ ᠪᠡᠷᠭᠡ ᠵᠢ ᠳᠤᠭᠤᠯᠤᠨ᠂ ᠤᠯᠠᠨ ᠵᠦᠢ᠍ᠯ᠎ᠤᠨ ᠠᠷᠭ᠎ᠠ ᠭᠡᠮᠵᠢᠶ᠎ᠡ᠎ᠪᠠᠷ ᠪᠦᠬᠦ ᠤᠷᠤᠨ᠎ᠤ ᠠᠢ᠌ᠮᠠᠭ ᠬᠤᠳᠠ᠂ ᠬᠤᠰᠢᠭᠤ ᠰᠢᠶᠠᠨ ᠬᠤᠳᠠ ᠳᠤᠭᠤᠷᠢᠭ ᠪᠤᠯᠤᠨ ᠰᠤᠮᠤ ᠰᠢᠶᠠᠩ ᠪᠠᠯᠭ᠋ᠠᠰᠤ ᠵᠡᠭᠡᠯᠢ ᠭᠤᠳᠤᠮᠵᠢ ᠵᠢᠨ ᠭᠡᠷᠡᠭ ᠠ᠋ᠷᠬᠢᠯᠡᠬᠦ ᠭᠠᠵᠠᠷ᠎ᠤᠨ ᠠᠵᠢᠯ᠎ᠢ ᠪᠦᠬᠦ ᠭᠦᠴᠤᠨ ᠵᠶ᠋ᠠᠷ ᠵᠶ᠋ᠠᠨ ᠳᠡᠮᠵᠢᠨ ᠠᠬᠢᠭᠤᠯᠵᠠᠢ᠃ ᠨᠢᠭᠡ᠎ᠳᠤ᠂ ᠦᠪᠡᠷᠳᠡᠭᠡᠨ ᠵᠠᠰᠠᠬᠤ ᠤᠷᠤᠨ᠂ ᠠᠢ᠌ᠮᠠᠭ ᠬᠤᠳᠠ᠂ ᠬᠤᠰᠢᠭᠤ ᠰᠢᠶᠠᠨ ᠬᠤᠳᠠ ᠳᠤᠭᠤᠷᠢᠭ᠎ᠤᠨ ᠭᠤᠷᠪᠠᠨ ᠱᠠᠳᠤᠨ᠎ᠤ ᠤᠯᠤᠯᠴᠠᠨ ᠳᠤᠬᠢᠷᠠᠯᠴᠠᠬᠤ ᠳᠤᠭᠳᠠᠴᠠ ᠪᠠᠢ᠌ᠭᠤᠯᠤᠨ᠂ ᠡᠯ᠎ᠡ ᠱᠠᠳᠤᠨ᠎ᠤ ᠠᠷᠠᠳ᠎ᠤᠨ ᠶᠠᠪᠤᠳᠠᠯ᠂ ᠵᠡᠮᠳᠡᠭᠴᠤᠳ᠎ᠤᠨ ᠬᠤᠯᠪᠤᠭ᠎ᠠ ᠵᠢᠨ᠎ᠬᠢᠨ ᠳᠤᠰᠬᠠᠢ ᠬᠦᠮᠦᠨ ᠵᠶ᠋ᠡᠷ ᠬᠠᠷᠢᠭᠤᠴᠠᠭᠤᠯᠤᠠ᠂ ᠠᠵᠢᠯ᠎ᠤᠨ ᠶᠠᠪᠤᠴᠠ᠎ᠳᠠᠬᠢ ᠠᠰᠠᠭᠤᠳᠠᠯ᠎ᠢ ᠴᠠᠭ ᠳᠠᠷᠤᠢ᠎ᠳᠤ᠎ᠨᠢ ᠰᠢᠢ᠍ᠳᠪᠤᠷᠢᠯᠡᠬᠦ ᠵᠢ ᠪᠠᠳᠤᠯᠠᠪᠠ᠃ ᠬᠤᠶᠠᠷ᠎ᠲᠤ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢᠨ ᠮᠡᠳᠡᠭᠡ ᠵᠠᠩᠬᠢ ᠵᠢᠨ ᠰᠢᠰᠲᠸᠮ᠎ᠤᠨ ᠵᠢᠷᠬᠢᠶ᠎ᠡ ᠵᠢᠨ ᠬᠤᠯᠪᠤᠭ᠎ᠠ ᠪᠠᠢ᠌ᠭᠤᠯᠤᠨ᠂ ᠪᠡᠭᠡᠵᠢᠩ᠎ᠤᠨ ᠳ᠋ᠢᠶᠠᠨ ᠲᠦ᠋ ᠵᠦᠭᠡᠯᠡᠨ ᠳᠤᠨᠤᠭᠯᠠᠯ᠎ᠤᠨ ᠺᠤᠮᠫᠠᠨᠢ ᠵᠢᠨ ᠳᠤᠰᠬᠠᠢ ᠮᠡᠷᠭᠡᠵᠢᠯᠳᠡᠨ᠎ᠢ ᠤᠷᠢᠨ ᠮᠡᠷᠭᠡᠵᠢᠯ᠎ᠤᠨ ᠵᠢᠯᠤᠭᠤᠳᠤᠯᠭ᠎ᠠ ᠬᠢᠯᠭᠡᠵᠤ᠂ ᠪᠦᠬᠦ ᠤᠷᠤᠨ᠎ᠤ ᠡᠯ᠎ᠡ ᠱᠠᠳᠤᠨ᠎ᠤ ᠠᠷᠠᠳ᠎ᠤᠨ ᠶᠠᠪᠤᠳᠠᠯ᠂ ᠵᠡᠮᠳᠡᠭᠴᠤᠳ᠎ᠤᠨ ᠬᠤᠯᠪᠤᠭ᠎ᠠ ᠵᠢᠨ 1800 ᠭᠠᠷᠤᠢ ᠳᠤᠰᠬᠠᠢ ᠠᠵᠢᠯᠳᠠᠨ᠎ᠢ ᠬᠠᠷᠢᠯᠴᠠᠨ ᠰᠤᠷᠤᠯᠴᠠᠵᠤ ᠳᠤᠷᠰᠢᠯᠭ᠎ᠠ᠎ᠪᠠᠨ ᠰᠤᠯᠢᠯᠴᠠᠬᠤ ᠪᠤᠯᠭ᠋ᠠᠨ᠂ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠵᠢ ᠳᠦᠷᠭᠡᠤᠭᠡᠪᠡ᠃ ᠭᠤᠷᠪᠠ᠎ᠳᠤ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠠᠰᠠᠷᠠᠮᠵᠢ ᠵᠢᠨ ᠭᠠᠵᠠᠷ᠎ᠤᠨ᠎ᠬᠢᠨ ᠠ᠋ᠳᠤᠷ ᠪᠦᠷᠢ ᠮᠡᠳᠡᠭᠳᠡᠬᠦ ᠳᠦᠷᠢᠮ ᠳᠤᠭᠳᠠᠭ᠋ᠠᠨ᠂ 2019 ᠤᠨ᠎ᠤ 1 ᠳ᠋ᠤᠭᠡᠷ ᠰᠠᠷ᠎ᠡ ᠵᠢᠨ 7᠎ᠤ ᠠ᠋ᠳᠤᠷ᠎ᠠᠴᠠ ᠠ᠋ᠬᠢᠯᠡᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠤᠭᠰᠠᠨ ᠠᠵᠢᠯ᠎ᠤᠨ ᠪᠠᠢ᠌ᠳᠠᠯ᠎ᠢ ᠠ᠋ᠳᠤᠷ ᠪᠦᠷᠢ ᠮᠡᠳᠡᠭᠳᠡᠬᠦ ᠵᠢ ᠭᠡᠷᠡᠭᠵᠢᠬᠦᠯᠵᠤ᠂ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠠᠵᠢᠯ᠎ᠤᠨ ᠠ᠋ᠭᠡ ᠳᠠᠩᠰᠠ ᠪᠠᠢ᠌ᠭᠤᠯᠤᠨ᠂ ᠠᠯᠬᠤᠮ ᠳᠠᠷᠠᠭ᠎ᠠ᠎ᠲᠠᠢ ᠠᠬᠢᠭᠤᠯᠵᠤ᠂ 2019 ᠤᠨ᠎ᠤ 1 ᠳ᠋ᠤᠭᠡᠷ ᠰᠠᠷ᠎ᠠ᠎ᠳᠤ ᠳᠤᠰ ᠰᠠᠷ᠎ᠠ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠤᠭᠰᠠᠨ ᠪᠦᠭᠡᠳ ᠬᠢᠨᠠᠨ ᠬᠠᠷᠭᠤᠭᠤᠯᠵᠤ ᠬᠢᠨᠠᠨ ᠳᠤᠭᠳᠠᠭ᠋ᠠᠬᠤ ᠠ᠋ᠬᠦᠷᠭᠡ᠎ᠪᠠᠨ ᠪᠡᠶᠡᠯᠡᠬᠦᠯᠵᠡᠢ᠃
   



      ᠵᠢᠷᠤᠭ 〈1〉 ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ ᠪᠤᠯᠤᠨ ᠵᠡᠮᠳᠡᠭᠴᠤᠳ᠎ᠤᠨ ᠬᠤᠯᠪᠤᠭ᠎ᠠ ᠵᠢᠨ ᠬᠤᠪᠢᠳᠠᠨ ᠬᠠᠷᠢᠭᠤᠴᠠᠵᠤ ᠪᠠᠢ᠌ᠭ᠎ᠠ ᠬᠠᠷᠢᠭᠤᠴᠠᠯᠭ᠋ᠠᠳᠠᠨ ᠪᠤᠯᠤᠨ ᠬᠤᠯᠪᠤᠭᠳᠠᠯ ᠪᠦᠬᠦᠢ ᠨᠢᠭᠡᠴᠢ ᠵᠢᠨ ᠬᠠᠷᠢᠭᠤᠴᠠᠯᠭ᠋ᠠᠳᠠᠨ 《ᠪᠦᠬᠦ ᠤᠯᠤᠰ᠎ᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠮᠡᠳᠡᠭᠡ ᠵᠠᠩᠬᠢ ᠵᠢᠨ ᠰᠢᠰᠲᠸᠮ᠎ᠢ ᠰᠦᠯᠵᠢᠶᠡᠨ᠎ᠳᠤ ᠭᠠᠷᠭ᠋ᠠᠬᠤ ᠸᠢᠳᠢᠤ᠋ ᠬᠤᠷᠠᠯ》᠎ᠳᠤ ᠤᠷᠤᠯᠴᠠᠵᠤ ᠪᠠᠢ᠌ᠭ᠎ᠠ᠎ᠨᠢ
 


      ᠵᠢᠷᠤᠭ 〈2〉 ᠦᠪᠡᠷᠳᠡᠭᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠪᠤᠯᠪᠠᠰᠤᠷᠠᠯ᠎ᠤᠨ ᠠᠬᠤᠢ ᠳᠠᠯᠠᠪᠠᠢ
   


      ᠵᠢᠷᠤᠭ 〈3〉 ᠡᠯ᠎ᠡ ᠬᠤᠰᠢᠭᠤ ᠰᠢᠶᠠᠨ ᠬᠤᠳᠠ ᠳᠤᠭᠤᠷᠢᠭ᠎ᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠪᠤᠯᠪᠠᠰᠤᠷᠠᠯ ᠠᠩᠬᠢ ᠠ᠋ᠷᠬᠢᠯᠡᠵᠤ ᠪᠠᠢ᠌ᠭ᠎ᠠ᠎ᠨᠢ

   

      ᠵᠢᠷᠤᠭ 〈4〉 ᠡᠯ᠎ᠡ ᠬᠤᠰᠢᠭᠤ ᠰᠢᠶᠠᠨ ᠬᠤᠳᠠ ᠳᠤᠭᠤᠷᠢᠭ᠎ᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠪᠤᠯᠪᠠᠰᠤᠷᠠᠯ ᠠᠩᠬᠢ

ᠢᠷᠡᠯᠲᠡ᠄
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠳᠢᠩᠬᠢᠮ᠎ᠤᠨ 2018 ᠤᠨ᠎ᠤ ᠨᠡᠢ᠌ᠭᠡᠮ᠎ᠤᠨ ᠳᠤᠰᠠᠯᠠᠮᠵᠢ ᠵᠢᠨ ᠬᠦᠷᠢᠶᠡᠨ᠎ᠤ ᠰᠢᠨᠡᠴᠢᠯᠡᠯᠲᠡ ᠵᠢᠨ ᠠᠵᠢᠯᠯᠠᠭ᠎ᠠ ᠵᠢᠨ ᠪᠠᠢ᠌ᠳᠠᠯ᠎ᠤᠨ ᠳᠤᠬᠠᠢ ᠵᠠᠷᠯᠠᠯ
ᠪᠤᠭᠤᠳᠤ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠬᠤᠳᠠ ᠪᠠᠯᠭ᠋ᠠᠰᠤᠨ᠎ᠤ ᠨᠡᠢ᠌ᠭᠡᠮ ᠳᠤᠭᠤᠷᠢᠭ᠎ᠤᠨ ᠠᠵᠢᠯᠳᠠᠨ᠎ᠤ ᠳᠤᠬᠠᠢ᠌ᠯᠠᠭᠰᠠᠨ ᠠᠵᠢᠯ᠎ᠤᠨ ᠪᠤᠯᠪᠠᠰᠤᠷᠠᠯ᠎ᠤᠨ ᠠᠩᠬᠢ ᠠ᠋ᠷᠬᠢᠯᠡᠵᠡᠢ
ᠠᠷᠠᠳ᠎ᠤᠨ ᠶᠠᠪᠤᠳᠠᠯ᠎ᠤᠨ ᠳᠢᠩᠬᠢᠮ ᠬᠦᠬᠡᠬᠤᠳᠠ ᠵᠢᠨ ᠳᠡᠷᠭᠡᠨ ᠦᠷᠳᠡᠭᠡᠨ᠎ᠤ ᠵᠡᠬᠦᠨ ᠵᠠᠮ᠎ᠤᠨ ᠨᠡᠢ᠌ᠭᠡᠮ ᠳᠤᠭᠤᠷᠢᠭ᠎ᠤᠨ ᠨᠠᠮ᠎ᠤᠨ ᠬᠤᠷᠢᠶ᠎ᠠ᠎ᠲᠠᠢ ᠬᠠᠮᠳᠤᠷᠠᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ 《ᠬᠠᠢ᠌ᠷ᠎ᠡ ᠬᠠᠯᠠᠮᠵᠢ ᠬᠦᠷᠭᠡᠬᠦ》 ᠭᠤᠤᠯ ᠰᠡᠳᠤᠪᠳᠤ ᠨᠠᠮ᠎ᠤᠨ ᠠ᠋ᠳᠤᠷ᠎ᠤᠨ ᠠᠵᠢᠯᠯᠠᠭ᠎ᠠ ᠦᠷᠨᠢᠬᠦᠯᠵᠡᠢ
ᠤᠯᠠᠭ᠋ᠠᠨᠴᠠᠪ ᠬᠤᠳᠠ ᠵᠢᠨ ᠤᠳᠤᠷᠢᠳᠤᠯᠭ᠎ᠠ ᠭᠡᠤᠭᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠦᠨᠦᠴᠢᠨ ᠵᠡᠮᠳᠡᠭ ᠭᠡᠤᠭᠡᠳ᠎ᠢ ᠠ᠋ᠷᠬᠢᠨ ᠦᠵᠡᠵᠤ ᠪᠤᠯᠭᠤᠭ᠋ᠠᠪᠠ
ᠠᠯᠠᠱ᠌ᠠ ᠠᠢ᠌ᠮᠠᠭ ᠬᠤᠳᠠ ᠬᠦᠳᠡᠭᠡ ᠵᠢᠨ ᠬᠦᠴᠢᠷᠳᠡᠯ᠎ᠲᠠᠢ ᠤᠯᠠᠨ ᠳᠦᠮᠡᠨ᠎ᠳᠤ ᠨᠢᠭᠡ ᠤᠳᠠᠭ᠋ᠠᠨ᠎ᠤ ᠴᠢᠨᠠᠷ ᠪᠦᠬᠦᠢ ᠠᠮᠢᠳᠤᠷᠠᠯ᠎ᠤᠨ ᠨᠦᠬᠦᠪᠤᠷᠢ ᠦᠭᠪᠡ
 
            